ᠰᠢᠶᠠᠩᠭᠠᠩ ᠡᠬᠡ ᠤᠯᠤᠰ ᠲᠠᠭᠠᠨ ᠪᠤᠴᠠᠵᠤ | ᠢᠷᠡᠭᠰᠡᠨ 25 ᠵᠢᠯ ᠤᠨ ᠤᠢ ᠶᠢ ᠪᠡᠯᠭᠡᠯᠡᠬᠦ | ᠶᠡᠭᠡ ᠬᠤᠷᠠᠯ ᠵᠢᠴᠢ ᠰᠢᠶᠠᠩᠭᠠᠩ ᠣᠨᠴᠠᠭᠠᠢ | ᠵᠠᠰᠠᠭ ᠵᠠᠬᠢᠷᠭᠠᠨ ᠤ ᠣᠷᠣᠨ ᠤ | ᠵᠢᠷᠭᠤᠳᠤᠭᠠᠷ ᠬᠤᠭᠤᠴᠠᠭᠠᠨ ᠤ ᠵᠠᠰᠠᠭ ᠤᠨ | ᠣᠷᠳᠣᠨ ᠤ ᠲᠤᠰᠢᠶᠠᠯ ᠳᠤ ᠭᠠᠷᠬᠤ ᠶᠣᠰᠣᠯᠠᠯ | ᠦᠪᠡᠳᠡᠭᠰᠢ ᠶᠡᠭᠡ ᠪᠠᠷ ᠶᠠᠪᠤᠭᠳᠠᠪᠠ | ᠰᠢ ᠶᠢᠨ ᠫᠢᠩ ᠣᠷᠣᠯᠴᠠᠬᠰᠠᠨ ᠪᠦᠬᠡᠳ ᠴᠢᠬᠤᠯᠠ | ᠶᠠᠷᠢᠶ᠎ᠠ ᠲᠠᠯᠪᠢᠵᠠᠢ ᠰᠢᠶᠠᠩᠭᠠᠩ ᠡᠬᠡ | ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ | ᠤᠢ ᠶᠢ ᠪᠡᠯᠭᠡᠯᠡᠬᠦ ᠶᠡᠭᠡ ᠬᠤᠷᠠᠯ ᠵᠢᠴᠢ | ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ | ᠣᠷᠣᠨ ᠤ ᠵᠢᠷᠭᠤᠳᠤᠭᠠᠷ ᠬᠤᠭᠤᠴᠠᠭᠠᠨ ᠤ | ᠵᠠᠰᠠᠭ ᠤᠨ ᠣᠷᠳᠣᠨ ᠤ ᠲᠤᠰᠢᠶᠠᠯ ᠳᠤ ᠭᠠᠷᠬᠤ | ᠶᠣᠰᠣᠯᠠᠯ 1 ᠤ ᠦᠳᠡ ᠶᠢᠨ ᠡᠮᠦᠨ᠎ᠡ | ᠰᠢᠶᠠᠩᠭᠠᠩ ᠤᠨ ᠬᠤᠷᠠᠯ ᠦᠵᠡᠰᠭᠦᠯᠡᠩ ᠤᠨ | ᠲᠥᠪ ᠲᠤ ᠦᠪᠡᠳᠡᠭᠰᠢ ᠶᠡᠭᠡ ᠪᠠᠷ | ᠶᠠᠪᠤᠭᠳᠠᠪᠠ᠃ ᠨᠠᠮ ᠤᠨ ᠲᠥᠪ ᠬᠤᠷᠢᠶᠠᠨ ᠤ | ᠶᠡᠷᠦᠩᠬᠡᠶ ᠱᠦᠵᠢ᠂ ᠤᠯᠣᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ | ᠰᠢ ᠶᠢᠨ ᠫᠢᠩ ᠬᠤᠷᠠᠯ ᠳᠤ ᠣᠷᠣᠯᠴᠠᠬᠰᠠᠨ | ᠪᠦᠬᠡᠳ ᠴᠢᠬᠤᠯᠠ ᠶᠠᠷᠢᠶ᠎ᠠ ᠲᠠᠯᠪᠢᠵᠠᠶ᠃ | ᠲᠡᠷᠡ᠂ 25 ᠵᠢᠯ ᠤᠨ ᠲᠤᠷᠰᠢ᠂ ᠡᠬᠡ ᠤᠯᠤᠰ ᠤᠨ | ᠪᠦᠬᠦ ᠬᠦᠴᠦᠨ ᠤ ᠳᠡᠮᠵᠢᠯᠭᠡ ᠳᠣᠣᠷ᠎ᠠ᠂ | ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ | ᠣᠷᠣᠨ ᠤ ᠵᠠᠰᠠᠭ ᠤᠨ ᠣᠷᠳᠣᠨ ᠪᠣᠯᠤᠨ | ᠨᠡᠶᠢᠭᠡᠮ ᠤᠨ ᠡᠯ᠎ᠡ ᠡᠲᠡᠭᠡᠳ ᠤᠨ | ᠬᠠᠮᠲᠤ ᠶᠢᠨ ᠴᠢᠷᠮᠠᠶᠢᠯᠭ᠎ᠠ ᠪᠠᠷ᠂ ︽ᠨᠢᠭᠡ | ᠤᠯᠤᠰ ᠲᠤ ᠬᠤᠶᠠᠷ ᠪᠠᠶᠢᠭᠤᠯᠤᠯ ᠢ | ᠬᠡᠷᠡᠭᠵᠢᠭᠦᠯᠬᠦ︾ ᠦᠢᠯᠡᠳᠦᠯᠭᠡ | ᠰᠢᠶᠠᠩᠭᠠᠩ ᠳᠤ ᠳᠡᠯᠡᠬᠡᠢ ᠳ᠋ᠠᠬᠢᠨ ᠳᠤ | ᠮᠡᠳᠡᠷᠡᠭᠳᠡᠭᠰᠡᠨ ᠠᠮᠵᠢᠯᠲᠠ ᠣᠯᠵᠠᠢ᠃ | ︽ᠨᠢᠭᠡ ᠤᠯᠤᠰ ᠲᠤ ᠬᠤᠶᠠᠷ ᠪᠠᠶᠢᠭᠤᠯᠤᠯ ᠢ | ᠬᠡᠷᠡᠭᠵᠢᠭᠦᠯᠬᠦ︾ ᠪᠣᠯ ᠦᠢᠯᠡᠳᠦᠯᠭᠡ ᠶᠢᠨ | ᠲᠠᠬᠢᠨ ᠳᠠᠪᠲᠠᠭᠰᠠᠨ ᠰᠢᠯᠭᠠᠯᠲᠠ ᠶᠢ | ᠥᠩᠭᠡᠷᠡᠭᠡᠭᠰᠡᠨ ᠶᠤᠮ᠂ ᠤᠯᠤᠰ᠂ | ᠦᠨᠳᠦᠰᠦᠲᠡᠨ ᠤ ᠦᠨᠳᠦᠰᠦᠨ ᠠᠰᠢᠭ ᠲᠤᠰᠠ ᠳᠤ | ᠨᠡᠶᠢᠴᠡᠵᠤ᠂ ᠰᠢᠶᠠᠩᠭᠠᠩ᠂ ᠣᠣᠮᠧᠨ ᠤ | ᠦᠨᠳᠦᠰᠦᠨ ᠠᠰᠢᠭ ᠲᠤᠰᠠ ᠳᠤ ᠨᠡᠶᠢᠴᠡᠵᠤ᠂ 14 | ᠳ᠋ᠦᠩᠰᠢᠭᠤᠷ ᠭᠠᠷᠤᠢ ᠡᠭᠡ ᠤᠯᠤᠰ ᠤᠨ ᠠᠷᠠᠳ | ᠲᠦᠮᠡᠨ ᠤ ᠬᠦᠴᠦᠲᠡᠢ ᠳᠡᠮᠵᠢᠯᠭᠡ ᠶᠢ ᠣᠯᠵᠤ᠂ | ᠰᠢᠶᠠᠩᠭᠠᠩ᠂ ᠣᠣᠮᠧᠨ ᠤ ᠰᠠᠭᠤᠭᠠᠯᠢ | ᠠᠷᠠᠳ ᠤᠨ ᠰᠠᠨᠠᠯ ᠨᠢᠭᠡᠲᠡᠢ ᠬᠦᠷᠢᠶᠡᠯᠡᠯ ᠢ | ᠣᠯᠤᠭᠰᠠᠨ ᠪᠥᠭᠡᠳ ᠳᠡᠯᠡᠬᠡᠢ ᠨᠡᠶᠢᠭᠡᠮ ᠤᠨ | ᠨᠡᠶᠢᠳᠡᠮ ᠤᠨ ᠵᠦᠪᠰᠢᠶᠡᠷᠡᠯ ᠢ ᠣᠯᠤᠭᠰᠠᠨ | ᠶᠤᠮ᠃ ᠡᠶᠢᠮᠦ ᠰᠡᠶᠢᠠ ᠪᠠᠶᠢᠭᠤᠯᠤᠯ ᠢ | ᠬᠤᠪᠢᠷᠠᠭᠤᠯᠬᠤ ᠶᠠᠮᠠᠷ ᠴᠤ ᠰᠢᠯᠲᠠᠭᠠᠨ | ᠪᠠᠶᠢᠳᠠᠭ ᠤᠢᠭᠡᠢ᠂ ᠡᠷᠬᠡᠪᠰᠢ ᠤᠷᠳᠦ | ᠬᠤᠭᠤᠴᠠᠭ᠎ᠠ ᠪᠠᠷ ᠪᠠᠷᠢᠮᠲᠠᠯᠠᠬᠤ | ᠬᠡᠷᠡᠭᠲᠡᠢ ᠭᠡᠵᠤ ᠴᠢᠬᠤᠯᠠᠴᠢᠯᠠᠵᠠᠢ᠃ 7 | ᠰᠠᠷ᠎ᠠ ᠶᠢᠨ 1 ᠤ ᠦᠳᠡ ᠶᠢᠨ ᠡᠮᠦᠨ᠎ᠡ᠂ | ᠰᠢᠶᠠᠩᠭᠠᠩ ᠡᠬᠡ ᠤᠯᠤᠰ ᠲᠠᠭᠠᠨ ᠪᠤᠴᠠᠵᠤ | ᠢᠷᠡᠭᠰᠡᠨ 25 ᠵᠢᠯ ᠤᠨ ᠣᠶ ᠶᠢ ᠪᠡᠯᠭᠡᠯᠡᠬᠦ | ᠶᠡᠭᠡ ᠬᠤᠷᠠᠯ ᠵᠢᠴᠢ ᠰᠢᠶᠠᠩᠭᠠᠩ ᠣᠨᠴᠠᠭᠠᠶ | ᠵᠠᠰᠠᠭ ᠵᠠᠬᠢᠷᠭᠠᠨ ᠤ ᠣᠷᠣᠨ ᠤ | ᠵᠢᠷᠭᠤᠳᠤᠭᠠᠷ ᠬᠤᠭᠤᠴᠠᠭᠠᠨ ᠤ ᠵᠠᠰᠠᠭ ᠤᠨ | ᠣᠷᠳᠣᠨ ᠤ ᠲᠤᠰᠢᠶᠠᠯ ᠳᠤ ᠭᠠᠷᠬᠤ ᠶᠣᠰᠣᠯᠠᠯ | ᠰᠢᠶᠠᠩᠭᠠᠩ ᠤᠨ ᠬᠤᠷᠠᠯ ᠦᠵᠡᠰᠭᠦᠯᠡᠩ ᠤᠨ | ᠲᠥᠪ ᠲᠤ ᠦᠪᠡᠳᠡᠭᠰᠢ ᠶᠡᠭᠡ ᠪᠠᠷ | ᠶᠠᠪᠤᠭᠳᠠᠪᠠ᠃ ᠨᠠᠮ ᠤᠨ ᠲᠥᠪ ᠬᠤᠷᠢᠶᠠᠨ ᠤ | ᠶᠡᠷᠦᠩᠬᠡᠶ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ | ᠰᠢ ᠶᠢᠨ ᠫᠢᠩ ᠣᠷᠣᠯᠴᠠᠭᠰᠠᠨ ᠪᠦᠭᠡᠳ ᠴᠢᠬᠤᠯᠠ | ᠶᠠᠷᠢᠶ᠎ᠠ ᠲᠠᠯᠪᠢᠵᠠᠶ᠃ ᠰᠢᠨᠬᠤᠸᠠ | ᠬᠤᠷᠢᠶᠠᠨ ᠤ ᠰᠤᠷᠪᠤᠯᠵᠢᠯᠠᠭᠴᠢ ᠶᠣᠣ ᠳ᠋ᠠ | ᠸᠧᠶ ᠰᠡᠭᠦᠳᠡᠷᠯᠡᠪᠡ 7 ᠰᠠᠷ᠎ᠠ ᠶᠢᠨ 1 ᠤ | ᠦᠳᠡ ᠶᠢᠨ ᠡᠮᠦᠨ᠎ᠡ᠂ ᠰᠢᠶᠠᠩᠭᠠᠩ ᠡᠬᠡ | ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ | ᠣᠶ ᠶᠢ ᠪᠡᠯᠭᠡᠯᠡᠬᠦ ᠶᠡᠭᠡ ᠬᠤᠷᠠᠯ ᠵᠢᠴᠢ | ᠰᠢᠶᠠᠩᠭᠠᠩ ᠣᠨᠴᠠᠭᠠᠶ ᠵᠠᠰᠠᠭ ᠵᠠᠬᠢᠷᠭᠠᠨ ᠤ | ᠣᠷᠣᠨ ᠤ ᠵᠢᠷᠭᠤᠳᠤᠭᠠᠷ ᠬᠤᠭᠤᠴᠠᠭᠠᠨ ᠤ | ᠵᠠᠰᠠᠭ ᠤᠨ ᠣᠷᠳᠣᠨ ᠤ ᠲᠤᠰᠢᠶᠠᠯ ᠳᠤ ᠭᠠᠷᠬᠤ | ᠶᠣᠰᠣᠯᠠᠯ ᠰᠢᠶᠠᠩᠭᠠᠩ ᠤᠨ ᠬᠤᠷᠠᠯ | ᠦᠵᠡᠰᠭᠦᠯᠡᠩ ᠤᠨ ᠲᠥᠪ ᠲᠤ ᠦᠪᠡᠳᠡᠭᠰᠢ | ᠶᠡᠭᠡ ᠪᠠᠷ ᠶᠠᠪᠤᠭᠳᠠᠪᠠ᠃ ᠨᠠᠮ ᠤᠨ ᠲᠥᠪ | ᠬᠤᠷᠢᠶᠠᠨ ᠤ ᠶᠡᠷᠦᠩᠬᠡᠶ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ | ᠰᠢ ᠶᠢᠨ ᠫᠢᠩ ᠣᠷᠣᠯᠴᠠᠭᠰᠠᠨ ᠪᠦᠭᠡᠳ ᠴᠢᠬᠤᠯᠠ | ᠶᠠᠷᠢᠶ᠎ᠠ ᠲᠠᠯᠪᠢᠵᠠᠶ᠃ ᠵᠢᠷᠤᠭ ᠪᠣᠯ ᠰᠢ ᠶᠢᠨ | ᠫᠢᠩ ᠳᠠᠩᠭᠠᠷᠢᠭᠯᠠᠬᠤ ᠶᠢ ᠬᠢᠨᠠᠵᠤ᠂ | ᠰᠢᠶᠠᠩᠭᠠᠩ ᠣᠨᠴᠠᠭᠠᠶ ᠵᠠᠰᠠᠭ ᠵᠠᠬᠢᠷᠭᠠᠨ ᠤ | ᠣᠷᠣᠨ ᠤ ᠵᠢᠷᠭᠤᠳᠤᠭᠠᠷ ᠬᠤᠭᠤᠴᠠᠭᠠᠨ ᠤ | ᠵᠠᠰᠠᠭ ᠵᠠᠬᠢᠷᠭᠠᠨ ᠤ ᠳᠠᠷᠤᠭ᠎ᠠ ᠯᠢ ᠵᠢᠶᠠ | ᠴᠤᠤ ᠲᠤᠰᠢᠶᠠᠯ ᠳᠤ ᠭᠠᠷᠬᠤ ᠳᠠᠩᠭᠠᠷᠢᠭ ᠬᠢᠵᠦ | ᠪᠠᠶᠢᠭ᠎ᠠ ᠨᠢ᠃ ᠰᠢᠨᠬᠤᠸᠠ ᠬᠤᠷᠢᠶᠠᠨ ᠤ | ᠰᠤᠷᠪᠤᠯᠵᠢᠯᠠᠭᠴᠢ ᠵᠢᠤᠢ ᠫᠧᠩ | ᠰᠡᠭᠦᠳᠡᠷᠯᠡᠪᠡ ᠬᠤᠷᠠᠯ ᠤᠨ | ᠲᠠᠯᠠᠪᠠᠢ ᠳᠤ᠂ ᠠᠭᠤᠷ ᠠᠮᠢᠰᠬᠤᠯ ᠲᠥᠪ | ᠶᠡᠬᠡᠮᠰᠦᠭ ᠪᠥᠭᠡᠳ ᠬᠦᠷ ᠬᠥᠭᠵᠢᠶᠡᠨ ᠲᠠᠢ | ᠪᠠᠶᠢᠯ᠎ᠠ᠃ ᠲᠡᠷᠢᠭᠦᠯᠡᠭᠴᠢ ᠶᠢᠨ ᠲᠠᠶᠢᠰᠠᠨ | ᠳᠡᠭᠡᠷ᠎ᠡ᠂ ᠪᠦᠬᠦᠳᠠ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠤᠯᠤᠰ ᠤᠨ ᠲᠤᠭ᠂ | ᠤᠯᠤᠰ ᠤᠨ ᠰᠦᠯᠳᠡ ᠪᠣᠯᠤᠨ ᠰᠢᠶᠠᠩᠭᠠᠩ | ᠣᠨᠴᠠᠭᠠᠢ ᠵᠠᠰᠠᠭ ᠵᠠᠬᠢᠷᠭᠠᠨ ᠤ ᠣᠷᠣᠨ ᠤ | ᠣᠷᠣᠨ ᠤ ᠲᠤᠭ ᠣᠨᠴᠠ ᠶᠢᠨ ᠢᠯᠡᠳᠡᠢ | ᠬᠠᠷᠠᠭᠳᠠᠨ᠎ᠠ᠃ ᠰᠢ ᠶᠢᠨ ᠫᠢᠩ ᠬᠠᠳᠤᠨ ᠫᠧᠩ | ᠯᠢ ᠶᠤᠸᠠᠨ ᠲᠠᠢ ᠪᠠᠨ ᠰᠢᠶᠠᠩᠭᠠᠩ ᠣᠨᠴᠠᠭᠠᠢ | ᠵᠠᠰᠠᠭ ᠵᠠᠬᠢᠷᠭᠠᠨ ᠤ ᠣᠷᠣᠨ ᠤ | ᠵᠢᠷᠭᠤᠳᠤᠭᠠᠷ ᠬᠤᠭᠤᠴᠠᠭᠠᠨ ᠤ ᠵᠠᠰᠠᠭ | ᠵᠠᠬᠢᠷᠭᠠᠨ ᠤ ᠳᠠᠷᠤᠭ᠎ᠠ ᠯᠢ ᠵᠢᠶᠠ ᠴᠤᠤ | ᠪᠣᠯᠤᠨ ᠲᠡᠭᠦᠨ ᠤ ᠬᠠᠳᠤᠨ ᠯᠢᠨ ᠯᠢ ᠴᠠᠨ ᠤ | ᠪᠠᠷ᠎ᠠ ᠪᠤᠯᠤᠯᠭ᠎ᠠ ᠲᠠᠢ ᠪᠠᠷ ᠬᠤᠷᠠᠯ ᠤᠨ | ᠲᠠᠯᠠᠪᠠᠢ ᠳᠤ ᠠᠯᠬᠤᠨ ᠣᠷᠣᠬᠤ ᠳᠤ᠂ | ᠲᠠᠯᠠᠪᠠᠢ ᠳᠠᠶᠠᠭᠠᠷ ᠪᠣᠰᠴᠤ ᠵᠣᠭᠰᠣᠨ | ᠨᠢᠵᠢᠭᠢᠨᠡᠲᠡᠯ᠎ᠡ ᠠᠯᠠᠭ᠎ᠠ ᠲᠠᠰᠢᠪᠠ᠃ | ᠦᠳᠡ ᠶᠢᠨ ᠡᠮᠦᠨᠡᠬᠢ 10 ᠴᠠᠭ ᠤᠨ ᠦᠶ᠎ᠡ ᠪᠠᠷ᠂ | ᠪᠡᠯᠭᠡᠯᠡᠬᠦ ᠶᠡᠭᠡ ᠬᠤᠷᠠᠯ ᠵᠢᠴᠢ | ᠲᠤᠰᠢᠶᠠᠯ ᠳᠤ ᠭᠠᠷᠬᠤ ᠶᠣᠰᠣᠯᠠᠯ | ᠡᠬᠢᠯᠡᠵᠠᠢ᠃ ᠪᠦᠬᠦᠳᠡᠭᠡᠷ ᠢᠶᠠᠨ ᠪᠣᠰᠴᠤ | ᠵᠣᠭᠰᠣᠨ᠂ ᠪᠦᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ | ᠳᠠᠭᠤᠤ ᠶᠢ ᠳᠠᠭᠤᠯᠠᠵᠠᠭᠠᠪᠠ᠃ ᠰᠢ ᠶᠢᠨ | ᠫᠢᠩ ᠲᠡᠷᠢᠭᠦᠯᠡᠭᠴᠢ ᠶᠢᠨ ᠲᠠᠶᠢᠰᠠᠨ ᠳᠤ | ᠭᠠᠷᠴᠤ ᠲᠠᠩᠭᠠᠷᠢᠭᠯᠠᠬᠤ ᠶᠢ ᠬᠢᠨᠠᠪᠠ᠃ ᠯᠢ | ᠵᠢᠶᠠ ᠴᠤᠤ ᠡᠩ ᠲᠡᠷᠢᠭᠦᠨ ᠳᠤ ᠲᠤᠰᠢᠶᠠᠯ ᠳᠤ | ᠭᠠᠷᠬᠤ ᠲᠠᠩᠭᠠᠷᠢᠭ ᠬᠢᠪᠡ᠂ ᠲᠡᠷᠡ ᠪᠦᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠯᠤᠰ ᠤᠨ ᠲᠤᠭ᠂ ᠤᠯᠤᠰ ᠤᠨ ᠰᠦᠯᠳᠡ ᠪᠣᠯᠤᠨ | ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ | ᠣᠷᠣᠨ ᠤ ᠤᠷᠤᠨ ᠤ ᠲᠤᠭ ᠲᠤ ᠬᠠᠨᠳᠤᠵᠤ᠂ | ᠪᠠᠷᠠᠭᠤᠨ ᠭᠠᠷ ᠢᠶᠠᠨ ᠡᠷᠭᠦᠨ᠂ ᠰᠢᠶᠠᠩᠭᠠᠩ | ᠣᠨᠴᠠᠭᠠᠢ ᠵᠠᠰᠠᠭ ᠵᠠᠬᠢᠷᠭᠠᠨ ᠤ ᠣᠷᠣᠨ ᠤ | ᠦᠨᠳᠦᠰᠦ ᠪᠣᠯᠬᠤ ᠬᠠᠤᠯᠢ ᠶᠢᠨ ᠲᠣᠭᠲᠠᠭᠠᠯ | ᠶᠣᠰᠣᠭᠠᠷ ᠲᠥᠪ ᠴᠢᠩᠭ᠎ᠠ ᠪᠠᠷ | ᠲᠠᠩᠭᠠᠷᠢᠭᠯᠠᠪᠠ᠃ ᠵᠠᠯᠭᠠᠭᠠᠳ᠂ | ᠰᠢ ᠶᠢᠨ ᠫᠢᠩ ᠲᠠᠩᠭᠠᠷᠢᠭᠯᠠᠬᠤ ᠶᠢ | ᠬᠢᠨᠠᠵᠤ᠂ ᠰᠢᠶᠠᠩᠭᠠᠩ ᠣᠨᠴᠠᠭᠠᠢ ᠵᠠᠰᠠᠭ | ᠵᠠᠬᠢᠷᠭᠠᠨ ᠤ ᠣᠷᠣᠨ ᠤ ᠵᠢᠷᠭᠤᠳᠤᠭᠠᠷ | ᠬᠤᠭᠤᠴᠠᠭᠠᠨ ᠤ ᠵᠠᠰᠠᠭ ᠤᠨ ᠣᠷᠳᠣᠨ ᠤ ᠭᠤᠣᠯ | ᠠᠯᠪᠠᠨ ᠲᠤᠰᠢᠶᠠᠯᠲᠠᠳ ᠯᠢ ᠵᠢᠶᠠ ᠴᠤᠤ ᠶᠢᠨ | ᠲᠠᠭᠠᠭᠤᠯᠭ᠎ᠠ ᠪᠠᠷ ᠲᠤᠰᠢᠶᠠᠯ ᠳᠤ ᠭᠠᠷᠬᠤ | ᠲᠠᠩᠭᠠᠷᠢᠭ ᠬᠢᠪᠡ᠃ ᠲᠠᠷᠠᠭ᠎ᠠ ᠨᠢ᠂ ᠯᠢ | ᠵᠢᠶᠠ ᠴᠤᠤ ᠲᠠᠩᠭᠠᠷᠢᠭᠯᠠᠬᠤ ᠶᠢ ᠬᠢᠨᠠᠵᠤ᠂ | ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ | ᠣᠷᠣᠨ ᠤ ᠵᠠᠰᠠᠭ ᠵᠠᠬᠢᠷᠭᠠᠨ ᠤ ᠬᠤᠷᠠᠯ ᠤᠨ | ᠪᠦᠷᠢᠯᠳᠦᠬᠦᠨ ᠨᠠᠷ ᠲᠤᠰᠢᠶᠠᠯ ᠳᠤ ᠭᠠᠷᠬᠤ | ᠲᠠᠩᠭᠠᠷᠢᠭ ᠬᠢᠪᠡ᠃ ᠬᠠᠯᠠᠭᠤᠨ ᠠᠯᠠᠭ᠎ᠠ | ᠲᠠᠰᠢᠯᠳᠠ ᠶᠢᠨ ᠳᠤᠮᠳᠠ᠂ ᠰᠢ ᠶᠢᠨ ᠫᠢᠩ | ᠴᠢᠬᠤᠯᠠ ᠶᠠᠷᠢᠶ᠎ᠠ ᠲᠠᠯᠪᠢᠪᠠ᠃ ᠲᠡᠷᠡ ᠡᠩ | ᠲᠡᠷᠢᠭᠦᠨ ᠳᠤ ᠰᠢᠶᠠᠩᠭᠠᠩ ᠤᠨ ᠪᠦᠬᠦ | ᠰᠠᠭᠤᠭᠠᠯᠢ ᠠᠷᠠᠳ ᠲᠤ ᠴᠢᠩ ᠰᠡᠳᠭᠢᠯ ᠤᠨ | ᠮᠡᠨᠳᠦᠴᠢᠯᠡᠯ ᠬᠦᠷᠬᠡᠵᠦ᠂ ᠰᠢᠨ᠎ᠡ ᠪᠠᠷ | ᠲᠤᠰᠢᠶᠠᠯ ᠳᠤ ᠭᠠᠷᠤᠭᠰᠠᠨ ᠰᠢᠶᠠᠩᠭᠠᠩ | ᠣᠨᠴᠠᠭᠠᠢ ᠵᠠᠰᠠᠭ ᠵᠠᠬᠢᠷᠭᠠᠨ ᠤ ᠣᠷᠣᠨ ᠤ | ᠵᠢᠷᠭᠤᠳᠤᠭᠠᠷ ᠬᠤᠭᠤᠴᠠᠭᠠᠨ ᠤ ᠵᠠᠰᠠᠭ | ᠵᠠᠬᠢᠷᠭᠠᠨ ᠤ ᠳᠠᠷᠤᠭ᠎ᠠ ᠯᠢ ᠵᠢᠶᠠ ᠴᠤᠤ | ᠪᠣᠯᠤᠨ ᠵᠢᠷᠭᠤᠳᠤᠭᠠᠷ ᠬᠤᠭᠤᠴᠠᠭᠠᠨ ᠤ | ᠵᠠᠰᠠᠭ ᠤᠨ ᠣᠷᠳᠣᠨ ᠤ ᠭᠤᠣᠯ ᠪᠣᠯᠬᠤ ᠠᠯᠪᠠᠨ | ᠲᠤᠰᠢᠶᠠᠯᠲᠠᠳ᠂ ᠵᠠᠰᠠᠭ ᠵᠠᠬᠢᠷᠭᠠᠨ ᠤ | ᠬᠤᠷᠠᠯ ᠤᠨ ᠪᠦᠷᠢᠯᠳᠦᠬᠦᠨ ᠨᠠᠷ ᠲᠤ | ᠬᠠᠯᠠᠭᠤᠨ ᠪᠠᠶᠠᠷ ᠬᠦᠷᠭᠡᠵᠦ᠂ ︽ᠨᠢᠭᠡ | ᠤᠯᠤᠰ ᠲᠤ ᠬᠤᠶᠠᠷ ᠪᠠᠶᠢᠭᠤᠯᠤᠯ ᠢ | ᠬᠡᠷᠡᠭᠵᠢᠭᠦᠯᠬᠦ︾ ᠦᠢᠯᠡᠰ ᠢ ᠳᠡᠮᠵᠢᠭᠰᠡᠨ᠂ | ᠰᠢᠶᠠᠩᠭᠠᠩ ᠤᠨ ᠬᠥᠭᠵᠢᠯ ᠴᠡᠴᠡᠭᠯᠡᠯ | ᠲᠣᠭᠲᠠᠭᠤᠨ ᠢ ᠳᠡᠮᠵᠢᠭᠰᠡᠨ ᠤᠯᠤᠰ ᠤᠨ | ᠳᠣᠲᠣᠭᠠᠳᠤ ᠭᠠᠳᠠᠭᠠᠳᠤ ᠶᠢᠨ ᠠᠬ᠎ᠠ ᠳᠡᠭᠦᠦ | ᠨᠡᠷ ᠪᠣᠯᠤᠨ ᠤᠯᠠᠨ ᠤᠯᠤᠰ ᠤᠨ ᠨᠥᠬᠦᠷᠰᠡᠭ | ᠬᠥᠮᠦᠰ ᠲᠤ ᠴᠢᠩ ᠰᠡᠳᠭᠢᠯ ᠤᠨ ᠲᠠᠯᠠᠷᠬᠠᠯ | ᠳᠡᠪᠰᠢᠭᠦᠯᠪᠡ᠃ ᠰᠢ ᠶᠢᠨ ᠫᠢᠩ᠂ | ᠳᠤᠮᠳᠠᠳᠤ ᠶᠢᠨ ᠦᠨᠳᠦᠰᠦᠲᠡᠨ ᠤ ᠲᠠᠪᠤᠨ | ᠮᠢᠩᠭ᠎ᠠ ᠭᠠᠷᠤᠢ ᠵᠢᠯ ᠤᠨ ᠪᠣᠯᠪᠠᠰᠤᠨ ᠤ | ᠲᠡᠦᠬᠡ ᠨᠢ ᠳᠤᠮᠳᠠᠳᠤ ᠶᠢᠨ ᠦᠨᠳᠦᠰᠦᠲᠡᠨ ᠤ | ᠡᠪᠦᠭᠡ ᠳᠡᠭᠡᠳᠦᠰ ᠤᠨ ᠯᠢᠩᠨᠠᠨ ᠣᠷᠣᠨ ᠳᠤ | ᠰᠢᠷᠭᠠᠭᠤ ᠬᠠᠲᠠᠭᠤᠵᠢᠯᠲᠠᠢ ᠠᠵᠤ ᠲᠦᠷᠦᠵᠤ | ᠪᠠᠶᠢᠭᠰᠠᠨ ᠢ ᠲᠡᠮᠳᠡᠭᠯᠡᠵᠦ ᠪᠠᠶᠢᠨ᠎ᠠ᠃ | ᠬᠠᠷ᠎ᠠ ᠲᠠᠮᠠᠬᠢ ᠶᠢᠨ ᠲᠠᠶᠢᠨ ᠤ ᠳᠠᠷᠠᠭᠠᠬᠢ | ᠳᠤᠮᠳᠠᠳᠤ ᠤᠯᠤᠰ ᠤᠨ ᠣᠷᠴᠢᠨ ᠦᠶ᠎ᠡ ᠶᠢᠨ | ᠲᠡᠦᠬᠡ ᠨᠢ ᠰᠢᠶᠠᠩᠭᠠᠩ ᠢ ᠠᠷᠭ᠎ᠠ ᠪᠤᠰᠤ | ᠬᠡᠰᠡᠭᠯᠡᠨ ᠥᠭᠭᠦᠭᠰᠡᠨ ᠭᠤᠲᠤᠮᠰᠢᠭ ᠢ | ᠲᠡᠮᠳᠡᠭᠯᠡᠵᠦ᠂ ᠨᠡᠩ ᠴᠤ ᠳᠤᠮᠳᠠᠳᠤ ᠶᠢᠨ | ᠬᠥᠪᠡᠭᠦᠳ ᠥᠬᠢᠳ ᠤᠨ ᠤᠯᠤᠰ ᠬᠦᠷᠦᠨ ᠢᠶᠠᠨ | ᠮᠥᠬᠦᠯ ᠠᠴᠠ ᠠᠪᠤᠷᠠᠬᠤ ᠭᠡᠰᠡᠨ | ᠡᠰᠡᠷᠭᠦᠴᠡᠯ ᠢ ᠲᠡᠮᠳᠡᠭᠯᠡᠵᠦ ᠪᠠᠶᠢᠨ᠎ᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ | ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ ᠬᠢᠭᠰᠡᠨ ᠰᠦᠷ ᠳᠠᠯᠠᠶᠢᠴᠠᠲᠠᠢ | ᠵᠠᠭᠤᠨ ᠵᠢᠯ ᠤᠨ ᠲᠡᠮᠡᠴᠡᠯ ᠤᠨ ᠲᠡᠦᠬᠡ ᠨᠢ | ᠰᠢᠶᠠᠩᠭᠠᠩ ᠤᠨ ᠠᠬ᠎ᠠ ᠳᠡᠭᠦᠦ ᠨᠡᠷ ᠤᠨ | ᠦᠵᠡᠭᠦᠯᠦᠭᠰᠡᠨ ᠥᠪᠡᠷᠮᠢᠴᠡ ᠪᠥᠭᠡᠳ ᠴᠢᠬᠤᠯᠠ | ᠬᠤᠪᠢ ᠨᠡᠮᠡᠷᠢ ᠶᠢ ᠲᠡᠮᠳᠡᠭᠯᠡᠵᠦ | ᠪᠠᠶᠢᠨ᠎ᠠ᠃ ᠲᠡᠦᠬᠡᠨ ᠠᠴᠠ ᠨᠠᠭᠠᠰᠢ᠂ | ᠰᠢᠶᠠᠩᠭᠠᠩ ᠤᠨ ᠠᠬ᠎ᠠ ᠳᠡᠭᠦᠦ ᠨᠡᠷ ᠢᠮᠠᠭᠲᠠ | ᠡᠬᠡ ᠤᠯᠤᠰ ᠲᠠᠢ ᠪᠠᠨ ᠬᠠᠲᠠᠭᠤ | ᠪᠡᠷᠬᠡᠰᠢᠶᠡᠯ ᠢ ᠬᠠᠮᠲᠤ ᠪᠠᠷ ᠲᠤᠭᠤᠯᠵᠤ᠂ | ᠴᠢᠰᠤ ᠮᠢᠬᠠᠨ ᠤ ᠪᠠᠷᠢᠯᠳᠤᠯᠭ᠎ᠠ ᠲᠠᠢ ᠶᠤᠮ | ᠭᠡᠵᠤ ᠴᠢᠬᠤᠯᠠᠴᠢᠯᠠᠵᠠᠢ᠃ ᠰᠢ ᠶᠢᠨ | ᠫᠢᠩ᠂ ︽ᠨᠢᠭᠡ ᠤᠯᠤᠰ ᠲᠤ ᠬᠤᠶᠠᠷ | ᠪᠠᠶᠢᠭᠤᠯᠤᠯ ᠢ ᠬᠡᠷᠡᠭᠵᠢᠭᠦᠯᠬᠦ︾ ᠶᠢᠨ | ᠦᠨᠳᠦᠰᠦᠨ ᠵᠣᠷᠢᠯᠲᠠ ᠪᠣᠯ ᠤᠯᠤᠰ ᠤᠨ ᠡᠷᠬᠡ | ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ | ᠠᠰᠢᠭ ᠲᠤᠰᠠ ᠶᠢ ᠬᠠᠮᠠᠭᠠᠯᠠᠵᠤ᠂ | ᠰᠢᠶᠠᠩᠭᠠᠩ᠂ ᠣᠣᠮᠧᠨ ᠤ ᠤᠷᠳᠤ | ᠬᠤᠭᠤᠴᠠᠭᠠᠨ ᠤ ᠬᠥᠭᠵᠢᠯ ᠴᠡᠴᠡᠭᠯᠡᠯ | ᠲᠣᠭᠲᠠᠭᠤᠨ ᠢ ᠪᠠᠲᠤᠯᠠᠬᠤ ᠶᠠᠪᠤᠳᠠᠯ | ᠪᠣᠯᠤᠨ᠎ᠠ᠃ ᠲᠥᠪ ᠵᠠᠰᠠᠭ ᠤᠨ ᠣᠷᠳᠣᠨ ᠤ ᠬᠢᠵᠦ | ᠪᠠᠶᠢᠭ᠎ᠠ ᠠᠯᠢᠪᠠ ᠪᠦᠬᠦᠨ ᠪᠣᠯ ᠴᠥᠮ ᠤᠯᠤᠰ | ᠬᠡᠷ ᠤᠨ ᠰᠠᠶᠢᠨ ᠰᠠᠶᠢᠬᠠᠨ ᠤ ᠲᠥᠯᠥᠭᠡ᠂ | ᠰᠢᠶᠠᠩᠭᠠᠩ ᠣᠣᠮᠧᠨ ᠤ ᠰᠠᠶᠢᠨ ᠰᠠᠶᠢᠬᠠᠨ ᠤ | ᠲᠥᠯᠥᠭᠡ᠂ ᠰᠢᠶᠠᠩᠭᠠᠩ ᠣᠣᠮᠧᠨ ᠤ ᠠᠬ᠎ᠠ | ᠳᠡᠭᠦᠦ ᠨᠡᠷ ᠤᠨ ᠰᠠᠶᠢᠨ ᠰᠠᠶᠢᠬᠠᠨ ᠤ | ᠲᠥᠯᠥᠭᠡ ᠶᠤᠮ᠃ ︽ᠨᠢᠭᠡ ᠤᠯᠤᠰ ᠲᠤ | ᠬᠤᠶᠠᠷ ᠪᠠᠶᠢᠭᠤᠯᠤᠯ ᠢ ᠬᠡᠷᠡᠭᠵᠢᠭᠦᠯᠬᠦ︾ | ᠪᠣᠯ ᠦᠢᠯᠡᠳᠦᠯᠭᠡ ᠶᠢᠨ ᠲᠠᠬᠢᠨ ᠳᠠᠪᠲᠠᠭᠰᠠᠨ | ᠰᠢᠯᠭᠠᠯᠲᠠ ᠶᠢ ᠥᠩᠭᠡᠷᠡᠭᠡᠭᠰᠡᠨ᠂ ᠤᠯᠤᠰ᠂ | ᠦᠨᠳᠦᠰᠦᠲᠡᠨ ᠤ ᠦᠨᠳᠦᠰᠦᠨ ᠠᠰᠢᠭ ᠲᠤᠰᠠ ᠳᠤ | ᠨᠡᠶᠢᠴᠡᠵᠦ᠂ ᠰᠢᠶᠠᠩᠭᠠᠩ᠂ ᠣᠣᠮᠧᠨ ᠤ | ᠦᠨᠳᠦᠰᠦᠨ ᠠᠰᠢᠭ ᠲᠤᠰᠠ ᠳᠤ ᠨᠡᠶᠢᠴᠡᠵᠦ᠂ ᠡᠭᠡ | ᠤᠯᠤᠰ ᠤᠨ 14 ᠳ᠋ᠦᠩᠰᠢᠭᠤᠷ ᠭᠠᠷᠤᠢ ᠠᠷᠠᠳ | ᠲᠦᠮᠡᠨ ᠤ ᠬᠦᠴᠦᠲᠡᠢ ᠳᠡᠮᠵᠢᠯᠭᠡ ᠶᠢ ᠣᠯᠵᠤ᠂ | ᠰᠢᠶᠠᠩᠭᠠᠩ᠂ ᠣᠣᠮᠧᠨ ᠤ ᠰᠠᠭᠤᠭᠠᠯᠢ | ᠠᠷᠠᠳ ᠤᠨ ᠰᠠᠨᠠᠯ ᠨᠢᠭᠡᠲᠡᠢ ᠬᠦᠷᠢᠶᠡᠯᠡᠯ ᠢ | ᠣᠯᠤᠭᠰᠠᠨ ᠪᠥᠭᠡᠳ ᠳᠡᠯᠡᠬᠡᠢ ᠨᠡᠶᠢᠭᠡᠮ ᠤᠨ | ᠨᠡᠶᠢᠳᠡᠮ ᠤᠨ ᠵᠦᠪᠰᠢᠶᠡᠷᠡᠯ ᠢ ᠣᠯᠤᠭᠰᠠᠨ | ᠶᠤᠮ᠃ ᠡᠶᠢᠮᠦ ᠰᠡᠶᠢᠠ ᠪᠠᠶᠢᠭᠤᠯᠤᠯ ᠢ | ᠬᠤᠪᠢᠷᠠᠭᠤᠯᠬᠤ ᠶᠠᠮᠠᠷ ᠴᠤ ᠰᠢᠯᠳᠠᠭᠠᠨ | ᠪᠠᠶᠢᠳᠠᠭ ᠤᠢᠭᠡᠢ᠂ ᠡᠷᠬᠡᠪᠰᠢ ᠤᠷᠳᠦ | ᠬᠤᠭᠤᠴᠠᠭ᠎ᠠ ᠪᠠᠷ ᠪᠠᠷᠢᠮᠲᠠᠯᠠᠬᠤ | ᠬᠡᠷᠡᠭᠲᠡᠢ ᠭᠡᠵᠤ ᠴᠢᠬᠤᠯᠠᠴᠢᠯᠠᠪᠠ᠃ | ᠰᠢ ᠶᠢᠨ ᠫᠢᠩ᠂ ︽ᠨᠢᠭᠡ ᠤᠯᠤᠰ ᠲᠤ ᠬᠤᠶᠠᠷ | ᠪᠠᠶᠢᠭᠤᠯᠤᠯ ᠢ ᠬᠡᠷᠡᠭᠵᠢᠭᠦᠯᠬᠦ︾ ᠶᠢᠨ | ᠰᠢᠶᠠᠩᠭᠠᠩ ᠳᠠᠬᠢ ᠪᠠᠶᠠᠯᠢᠭ | ᠦᠢᠯᠡᠳᠦᠯᠭᠡ ᠨᠢ ᠪᠢᠳᠡᠨ ᠳᠤ ᠮᠠᠰᠢ ᠤᠯᠠᠨ | ᠡᠷᠬᠢᠮ ᠨᠠᠨᠳᠢᠨ ᠲᠤᠷᠰᠢᠯᠭ᠎ᠠ ᠦᠯᠡᠳᠡᠭᠡᠵᠦ | ᠦᠭᠭᠦᠭᠰᠡᠨ ᠪᠥᠭᠡᠳ ᠪᠠᠰᠠ ᠴᠥᠭᠡᠨ ᠪᠤᠰᠤ | ᠭᠦᠨᠵᠡᠭᠡᠢ ᠰᠡᠩᠬᠡᠷᠡᠭᠦᠯᠦᠯ ᠦᠯᠡᠳᠡᠭᠡᠵᠦ | ᠦᠭᠴᠡᠢ᠃ ᠭᠠᠭᠴᠠ ᠬᠦ ︽ᠨᠢᠭᠡ ᠤᠯᠤᠰ ᠲᠤ | ᠬᠤᠶᠠᠷ ᠪᠠᠶᠢᠭᠤᠯᠤᠯ ᠢ ᠬᠡᠷᠡᠭᠵᠢᠭᠦᠯᠬᠦ︾ | ᠦᠢᠯᠡᠳᠦᠯᠭᠡ ᠶᠢᠨ ᠵᠢᠮ᠎ᠡ ᠶᠣᠰᠣ ᠶᠢ | ᠭᠦᠨᠵᠡᠭᠡᠢ ᠤᠢᠢᠯᠠᠭᠠᠨ ᠣᠨᠣᠪᠴᠢᠲᠠᠢ | ᠡᠵᠡᠮᠰᠢᠪᠡᠯ ᠰᠠᠶ᠋ᠢ ︽ᠨᠢᠭᠡ ᠤᠯᠤᠰ ᠲᠤ | ᠬᠤᠶᠠᠷ ᠪᠠᠶᠢᠭᠤᠯᠤᠯ ᠢ ᠬᠡᠷᠡᠭᠵᠢᠭᠦᠯᠬᠦ︾ | ᠦᠢᠯᠡᠰ ᠤᠨ ᠢᠮᠠᠭᠲᠠ ᠵᠥᠪ ᠴᠢᠭᠯᠡᠯ ᠢᠶᠠᠷ | ᠯᠠᠪᠳᠠᠭᠤᠨ ᠬᠤᠯᠠ ᠠᠶᠠᠯᠠᠬᠤ ᠶᠢ ᠪᠠᠲᠤᠯᠠᠵᠤ | ᠴᠢᠳᠠᠨ᠎ᠠ᠃ ᠨᠢᠭᠡᠳᠦᠭᠡᠷ ᠲᠤ᠂ | ᠡᠷᠬᠡᠪᠰᠢ ︽ᠨᠢᠭᠡ ᠤᠯᠤᠰ ᠲᠤ ᠬᠤᠶᠠᠷ | ᠪᠠᠶᠢᠭᠤᠯᠤᠯ ᠢ ᠬᠡᠷᠡᠭᠵᠢᠭᠦᠯᠬᠦ︾ | ᠴᠢᠭᠯᠡᠯᠲᠡ ᠶᠢ ᠪᠦᠬᠦ ᠲᠠᠯ᠎ᠠ ᠪᠠᠷ | ᠣᠨᠣᠪᠴᠢᠲᠠᠢ ᠲᠤᠭᠤᠰᠢᠯᠠᠭᠤᠯᠬᠤ | ᠬᠡᠷᠡᠭᠲᠡᠢ᠃ ︽ᠨᠢᠭᠡ ᠤᠯᠤᠰ ᠲᠤ ᠬᠤᠶᠠᠷ | ᠪᠠᠶᠢᠭᠤᠯᠤᠯ ᠢ ᠬᠡᠷᠡᠭᠵᠢᠭᠦᠯᠬᠦ︾ | ᠴᠢᠭᠯᠡᠯᠲᠡ ᠪᠣᠯ ᠨᠢᠭᠡᠨ ᠪᠦᠷᠢᠨ ᠪᠦᠲᠦᠨ | ᠰᠢᠰᠲ᠋ᠧᠮ ᠮᠥᠨ᠃ ᠤᠯᠤᠰ ᠤᠨ ᠡᠷᠬᠡ ᠮᠡᠳᠡᠯ᠂ | ᠠᠮᠤᠷ ᠲᠦᠪᠰᠢᠨ᠂ ᠬᠥᠭᠵᠢᠯᠲᠡ ᠶᠢᠨ ᠠᠰᠢᠭ | ᠲᠤᠰᠠ ᠶᠢ ᠬᠠᠮᠠᠭᠠᠯᠠᠬᠤ ᠪᠣᠯ ︽ᠨᠢᠭᠡ | ᠤᠯᠤᠰ ᠲᠤ ᠬᠤᠶᠠᠷ ᠪᠠᠶᠢᠭᠤᠯᠤᠯ ᠢ | ᠬᠡᠷᠡᠭᠵᠢᠭᠦᠯᠬᠦ︾ ᠴᠢᠭᠯᠡᠯᠲᠡ ᠶᠢᠨ | ᠬᠠᠮᠤᠭ ᠤᠨ ᠳᠡᠭᠡᠳᠦ ᠵᠠᠷᠴᠢᠮ ᠮᠥᠨ᠂ ᠡᠨᠡ ᠬᠦ | ᠤᠷᠢᠲᠠᠯ ᠳᠣᠣᠷ᠎ᠠ ᠰᠢᠶᠠᠩᠭᠠᠩ᠂ ᠣᠣᠮᠧᠨ | ᠤᠤᠯ ᠤᠨ ᠬᠥᠷᠥᠩᠭᠡᠲᠦ ᠶᠣᠰᠣᠨ ᠤ | ᠪᠠᠶᠢᠭᠤᠯᠤᠯ ᠢᠶᠠᠨ ᠤᠷᠳᠤ | ᠬᠤᠭᠤᠴᠠᠭ᠎ᠠ ᠪᠠᠷ ᠬᠤᠪᠢᠷᠠᠭᠤᠯᠬᠤ ᠦᠭᠡᠢ | ᠪᠠᠶᠢᠵᠤ᠂ ᠳᠡᠭᠡᠳᠦ ᠬᠡᠮᠵᠢᠶᠡᠨ ᠤ | ᠥᠪᠡᠷᠲᠡᠭᠡᠨ ᠵᠠᠰᠠᠬᠤ ᠡᠷᠬᠡ ᠶᠢ | ᠡᠳ᠋ᠯᠡᠨ᠎ᠡ᠃ ︽ᠨᠢᠭᠡ ᠤᠯᠤᠰ ᠲᠤ ᠬᠤᠶᠠᠷ | ᠪᠠᠶᠢᠭᠤᠯᠤᠯ ᠢ ᠬᠡᠷᠡᠭᠵᠢᠭᠦᠯᠬᠦ︾ | ᠴᠢᠭᠯᠡᠯᠲᠡ ᠶᠢ ᠪᠦᠬᠦ ᠲᠠᠯ᠎ᠠ ᠪᠠᠷ | ᠣᠨᠣᠪᠴᠢᠲᠠᠢ ᠲᠤᠭᠤᠰᠢᠯᠠᠭᠤᠯᠬᠤ ᠨᠢ | ᠰᠢᠶᠠᠩᠭᠠᠩ᠂ ᠣᠣᠮᠧᠨ ᠳᠤ ᠬᠢᠵᠠᠭᠠᠯᠠᠰᠢ | ᠦᠭᠡᠢ ᠥᠷᠭᠡᠨ ᠠᠭᠤᠳᠠᠮ ᠬᠥᠭᠵᠢᠯᠲᠡ ᠶᠢᠨ | ᠣᠷᠣᠨ ᠵᠠᠢ ᠶᠢ ᠪᠤᠢ ᠪᠣᠯᠭᠠᠵᠤ ᠥᠭᠬᠦ | ᠪᠣᠯᠤᠨ᠎ᠠ᠃ ︽ᠨᠢᠭᠡ ᠤᠯᠤᠰ︾ ᠤᠨ ᠵᠠᠷᠴᠢᠮ | ᠪᠠᠲᠤ ᠪᠠᠬᠢ ᠪᠣᠯᠬᠤ ᠲᠤᠳᠤᠮ ︽ᠬᠤᠶᠠᠷ | ᠪᠠᠶᠢᠭᠤᠯᠤᠯ︾ ᠤᠨ ᠳᠠᠪᠠᠭᠤᠯᠢᠭ ᠤᠯᠠᠮ | ᠲᠤᠪᠤᠶᠢᠮ᠎ᠠ ᠪᠤᠯᠬᠤ ᠪᠤᠯᠤᠨ᠎ᠠ᠃ | ᠬᠤᠶᠠᠳᠤᠭᠠᠷ ᠲᠤ᠂ ᠡᠷᠬᠡᠪᠰᠢ ᠲᠥᠪ ᠤᠨ ᠪᠦᠬᠦ | ᠲᠠᠯ᠎ᠠ ᠪᠠᠷ ᠬᠠᠮᠢᠶᠠᠷᠤᠨ ᠵᠠᠰᠠᠬᠤ ᠡᠷᠬᠡ | ᠪᠣᠯᠤᠨ ᠣᠨᠴᠠᠭᠠᠢ ᠵᠠᠰᠠᠭ ᠵᠠᠬᠢᠷᠭᠠᠨ ᠤ | ᠣᠷᠣᠨ ᠤ ᠳᠡᠭᠡᠳᠦ ᠬᠡᠮᠵᠢᠶ᠎ᠡ ᠪᠠᠷ | ᠥᠪᠡᠷᠲᠡᠭᠡᠨ ᠵᠠᠰᠠᠬᠤ ᠡᠷᠬᠡ ᠶᠢᠨ | ᠨᠢᠭᠡᠳᠦᠯᠲᠡᠢ ᠪᠠᠶᠢᠬᠤ ᠶᠢ ᠪᠠᠲᠤᠯᠠᠬᠤ | ᠬᠡᠷᠡᠭᠲᠡᠢ᠃ ᠲᠥᠪ ᠵᠠᠰᠠᠭ ᠤᠨ ᠣᠷᠳᠣᠨ | ᠣᠨᠴᠠᠭᠠᠢ ᠵᠠᠰᠠᠭ ᠵᠠᠬᠢᠷᠭᠠᠨ ᠤ ᠣᠷᠣᠨ ᠢ | ᠪᠦᠬᠦ ᠲᠠᠯ᠎ᠠ ᠪᠠᠷ ᠬᠠᠮᠢᠶᠠᠷᠤᠨ ᠵᠠᠰᠠᠬᠤ | ᠡᠷᠬᠡ ᠲᠠᠢ᠂ ᠡᠨᠡ ᠪᠣᠯ ᠣᠨᠴᠠᠭᠠᠢ ᠵᠠᠰᠠᠭ | ᠵᠠᠬᠢᠷᠭᠠᠨ ᠤ ᠣᠷᠣᠨ ᠤ ᠳᠡᠭᠡᠳᠦ | ᠬᠡᠮᠵᠢᠶ᠎ᠡ ᠪᠠᠷ ᠥᠪᠡᠷᠲᠡᠭᠡᠨ ᠵᠠᠰᠠᠬᠤ | ᠡᠷᠬᠡ ᠶᠢᠨ ᠡᠬᠢ ᠦᠨᠳᠦᠰᠦ ᠮᠥᠨ᠂ ᠡᠭᠦᠨ ᠤ | ᠵᠡᠷᠭᠡ ᠪᠠᠷ ᠲᠥᠪ ᠠᠴᠠ ᠣᠨᠴᠠᠭᠠᠢ ᠵᠠᠰᠠᠭ | ᠵᠠᠬᠢᠷᠭᠠᠨ ᠤ ᠣᠷᠣᠨ ᠤ ᠬᠠᠤᠯᠢ ᠶᠣᠰᠣᠭᠠᠷ | ᠡᠳ᠋ᠯᠡᠬᠦ ᠳᠡᠭᠡᠳᠦ ᠬᠡᠮᠵᠢᠶ᠎ᠡ ᠪᠠᠷ | ᠥᠪᠡᠷᠲᠡᠭᠡᠨ ᠵᠠᠰᠠᠬᠤ ᠡᠷᠬᠡ ᠶᠢ ᠭᠦᠢᠴᠡᠳ | ᠬᠦᠨᠳᠦᠳᠭᠡᠨ ᠡᠷᠡᠰ ᠬᠠᠮᠠᠭᠠᠯᠠᠨ᠎ᠠ᠃ | ᠲᠥᠪ ᠤᠨ ᠪᠦᠬᠦ ᠲᠠᠯ᠎ᠠ ᠪᠠᠷ ᠬᠠᠮᠢᠶᠠᠷᠤᠨ | ᠵᠠᠰᠠᠬᠤ ᠡᠷᠬᠡ ᠶᠢ ᠨᠠᠶᠢᠳᠠᠪᠤᠷᠢᠵᠢᠭᠤᠯᠬᠤ | ᠪᠠ ᠣᠨᠴᠠᠭᠠᠢ ᠵᠠᠰᠠᠭ ᠵᠠᠬᠢᠷᠭᠠᠨ ᠤ ᠣᠷᠣᠨ ᠤ | ᠳᠡᠭᠡᠳᠦ ᠬᠡᠮᠵᠢᠶ᠎ᠡ ᠪᠠᠷ ᠥᠪᠡᠷᠲᠡᠭᠡᠨ | ᠵᠠᠰᠠᠬᠤ ᠡᠷᠬᠡ ᠶᠢ ᠪᠠᠲᠤᠯᠠᠬᠤ ᠪᠣᠯ | ᠨᠢᠭᠡᠳᠦᠯᠲᠡᠢ ᠵᠣᠯᠭᠠᠯᠴᠠᠭᠰᠠᠨ ᠶᠠᠪᠤᠳᠠᠯ | ᠪᠣᠯᠤᠨ᠎ᠠ᠂ ᠭᠠᠭᠴᠠ ᠬᠦ ᠡᠭᠦᠨ ᠢ | ᠪᠡᠶᠡᠯᠡᠭᠦᠯᠪᠡᠯ ᠰᠠᠶ᠋ᠢ ᠣᠨᠴᠠᠭᠠᠢ ᠵᠠᠰᠠᠭ | ᠵᠠᠬᠢᠷᠭᠠᠨ ᠤ ᠣᠷᠣᠨ ᠢ ᠰᠠᠶᠢᠲᠤᠷ ᠵᠠᠰᠠᠵᠤ | ᠴᠢᠳᠠᠨ᠎ᠠ᠃ ᠭᠤᠷᠪᠠᠳᠤᠭᠠᠷ ᠲᠤ᠂ | ︽ᠤᠯᠤᠰ ᠢᠶᠠᠨ ᠬᠠᠶᠢᠷᠠᠯᠠᠭᠴᠢᠳ ᠢᠶᠠᠷ | ᠰᠢᠶᠠᠩᠭᠠᠩ ᠢ ᠵᠠᠰᠠᠭᠤᠯᠬᠤ︾ ᠶᠢ ᠡᠷᠬᠡᠪᠰᠢ | ᠨᠠᠶᠢᠳᠠᠪᠤᠷᠢᠵᠢᠭᠤᠯᠬᠤ ᠬᠡᠷᠡᠭᠲᠡᠢ᠃ | ᠵᠠᠰᠠᠭ ᠤᠨ ᠡᠷᠬᠡ ᠶᠢ ᠡᠷᠬᠡᠪᠰᠢ | ᠤᠯᠤᠰ ᠢᠶᠠᠨ ᠬᠠᠶᠢᠷᠠᠯᠠᠭᠴᠢᠳ ᠤᠨ ᠭᠠᠷ ᠲᠤ | ᠠᠳᠬᠤᠭᠤᠯᠬᠤ ᠬᠡᠷᠡᠭᠲᠡᠢ᠂ ᠡᠨᠡ ᠪᠣᠯ | ᠳᠡᠯᠡᠬᠡᠢ ᠳ᠋ᠠᠬᠢᠨ ᠳᠤ ᠨᠡᠶᠢᠳᠡᠮ | ᠬᠡᠷᠡᠭᠯᠡᠭᠳᠡᠵᠦ ᠪᠠᠶᠢᠭ᠎ᠠ ᠤᠯᠤᠰ | ᠲᠦᠷᠦ ᠶᠢᠨ ᠵᠢᠮ᠎ᠡ ᠶᠣᠰᠣ ᠮᠥᠨ᠃ ᠰᠢᠶᠠᠩᠭᠠᠩ | ᠣᠨᠴᠠᠭᠠᠢ ᠵᠠᠰᠠᠭ ᠵᠠᠬᠢᠷᠭᠠᠨ ᠤ ᠣᠷᠣᠨ ᠢ | ᠬᠠᠮᠢᠶᠠᠷᠤᠨ ᠵᠠᠰᠠᠬᠤ ᠡᠷᠬᠡ ᠶᠢ | ᠤᠯᠤᠰ ᠢᠶᠠᠨ ᠬᠠᠶᠢᠷᠠᠯᠠᠭᠴᠢᠳ ᠤᠨ ᠭᠠᠷ ᠲᠤ | ᠪᠠᠲᠤ ᠡᠵᠡᠮᠳᠡᠭᠦᠯᠬᠦ ᠪᠣᠯ ᠰᠢᠶᠠᠩᠭᠠᠩ ᠤᠨ | ᠥᠨᠢ ᠤᠳᠠᠭᠠᠨ ᠠᠮᠤᠷ ᠲᠦᠪᠰᠢᠨ ᠪᠠᠶᠢᠬᠤ ᠶᠢ | ᠪᠠᠲᠤᠯᠠᠬᠤ ᠶᠢᠨ ᠵᠠᠶᠢᠯᠠᠰᠢ ᠦᠭᠡᠢ | ᠱᠠᠭᠠᠷᠳᠠᠯᠭ᠎ᠠ ᠮᠥᠨ᠂ ᠶᠠᠮᠠᠷᠪᠠ ᠦᠶ᠎ᠡ ᠳᠤ | ᠴᠦ ᠭᠤᠶᠢᠪᠢᠯᠵᠠᠵᠤ ᠪᠣᠯᠬᠤ ᠦᠭᠡᠢ᠃ | ᠬᠠᠮᠢᠶᠠᠷᠤᠨ ᠵᠠᠰᠠᠬᠤ ᠡᠷᠬᠡ ᠶᠢ ᠰᠠᠶᠢᠲᠤᠷ | ᠰᠠᠬᠢᠨ ᠬᠠᠮᠠᠭᠠᠯᠠᠬᠤ ᠪᠣᠯ ᠳᠠᠷᠤᠢ | ᠰᠢᠶᠠᠩᠭᠠᠩ ᠤᠨ ᠴᠡᠴᠡᠭᠯᠡᠯ ᠬᠥᠭᠵᠢᠯ ᠪᠠ | ᠲᠣᠭᠲᠠᠭᠤᠨ ᠪᠠᠶᠢᠳᠠᠯ ᠢ ᠰᠠᠬᠢᠨ | ᠬᠠᠮᠠᠭᠠᠯᠠᠵᠤ᠂ ᠰᠢᠶᠠᠩᠭᠠᠩ ᠤᠨ 700 ᠭᠠᠷᠤᠢ | ᠲᠦᠮᠡᠨ ᠰᠠᠭᠤᠭᠠᠯᠢ ᠠᠷᠠᠳ ᠤᠨ ᠬᠤᠪᠢ | ᠪᠡᠶ᠎ᠠ ᠶᠢᠨ ᠬᠢᠨᠢ ᠠᠰᠢᠭ ᠲᠤᠰᠠ ᠶᠢ ᠰᠠᠬᠢᠨ | ᠬᠠᠮᠠᠭᠠᠯᠠᠬᠤ ᠶᠠᠪᠤᠳᠠᠯ ᠪᠣᠯᠤᠨ᠎ᠠ᠃ | ᠳᠥᠷᠪᠡᠳᠦᠭᠡᠷ ᠲᠤ᠂ ᠰᠢᠶᠠᠩᠭᠠᠩ ᠤᠨ | ᠥᠪᠡᠷᠮᠢᠴᠡ ᠪᠠᠶᠢᠷᠢ ᠰᠠᠭᠤᠷᠢ ᠪᠠ | ᠳᠠᠪᠠᠭᠤᠯᠢᠭ ᠲᠠᠯ᠎ᠠ ᠶᠢ ᠡᠷᠬᠡᠪᠰᠢ | ᠪᠠᠲᠤᠯᠠᠬᠤ ᠬᠡᠷᠡᠭᠲᠡᠢ᠃ ᠡᠬᠡ ᠤᠯᠤᠰ ᠢᠶᠠᠨ | ᠲᠦᠰᠢᠵᠦ᠂ ᠳᠡᠯᠡᠬᠡᠢ ᠳ᠋ᠠᠬᠢᠨ ᠲᠠᠢ | ᠬᠤᠯᠪᠣᠯᠳᠤᠨ ᠨᠡᠪᠲᠡᠷᠡᠯᠴᠡᠬᠦ ᠪᠣᠯ | ᠰᠢᠶᠠᠩᠭᠠᠩ ᠤᠨ ᠤᠯᠠᠨ ᠠᠴᠠ | ᠬᠡᠲᠦᠶᠢᠳᠦᠭᠰᠡᠨ ᠳᠠᠪᠠᠭᠤᠯᠢᠭ ᠪᠣᠯᠤᠨ᠎ᠠ᠃ | ᠲᠥᠪ ᠵᠠᠰᠠᠭ ᠤᠨ ᠣᠷᠳᠣᠨ ᠠᠴᠠ | ᠰᠢᠶᠠᠩᠭᠠᠩ ᠤᠨ ᠤᠷᠳᠤ ᠬᠤᠭᠤᠴᠠᠭ᠎ᠠ ᠪᠠᠷ | ᠥᠪᠡᠷᠮᠢᠴᠡ ᠪᠠᠶᠢᠷᠢ ᠰᠠᠭᠤᠷᠢ ᠪᠠ | ᠳᠠᠪᠠᠭᠤᠯᠢᠭ ᠢᠶᠠᠨ ᠪᠠᠷᠢᠮᠲᠠᠯᠠᠬᠤ ᠶᠢ | ᠪᠦᠷᠢᠮᠦᠰᠦᠨ ᠲᠡᠮᠵᠢᠵᠤ᠂ ᠤᠯᠠᠨ ᠤᠯᠤᠰ ᠤᠨ | ᠮᠥᠩᠭᠦᠨ ᠭᠦᠢᠯᠭᠡᠭᠡᠨ᠂ ᠤᠰᠤᠨ ᠵᠠᠮ ᠤᠨ | ᠲᠡᠭᠡᠭᠡᠪᠦᠷᠢ᠂ ᠠᠷᠠᠯᠵᠢᠶᠠᠨ ᠤ ᠲᠥᠪ ᠪᠣᠯᠬᠤ | ᠪᠠᠶᠢᠷᠢ ᠰᠠᠭᠤᠷᠢ ᠶᠢ ᠪᠠᠬᠢᠵᠢᠭᠦᠯᠦᠨ᠂ | ᠴᠢᠯᠥᠭᠡᠲᠡᠢ ᠨᠡᠭᠡᠭᠡᠯᠲᠡᠲᠡᠢ | ᠵᠢᠷᠤᠮᠵᠢᠭᠰᠠᠨ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠢ ᠬᠠᠮᠠᠭᠠᠯᠠᠵᠤ᠂ ᠡᠩ ᠤᠨ | ᠬᠠᠤᠯᠢ ᠶᠢᠨ ᠲᠦᠷᠢᠮ ᠢ ᠪᠠᠷᠢᠮᠲᠠᠯᠠᠨ᠂ | ᠰᠠᠭᠠᠳ ᠦᠭᠡᠢ ᠨᠡᠪᠲᠡᠷᠡᠬᠦ ᠳᠥᠭᠦᠮ ᠳᠥᠲᠡ | ᠤᠯᠠᠨ ᠤᠯᠤᠰ ᠤᠨ ᠬᠠᠷᠢᠯᠴᠠᠭ᠎ᠠ ᠶᠢ | ᠥᠷᠭᠡᠳᠭᠡᠨ᠎ᠡ᠃ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠳᠦᠭᠡᠨ ᠪᠠᠶᠢᠭᠤᠯᠬᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠡᠶᠡᠯᠡᠭᠦᠯᠬᠦ | ᠲᠡᠦᠬᠡᠨ ᠠᠬᠢᠴᠠ ᠳᠤᠮᠳᠠ᠂ ᠰᠢᠶᠠᠩᠭᠠᠩ | ᠴᠢᠬᠤᠯᠠ ᠶᠡᠭᠡ ᠬᠤᠪᠢ ᠨᠡᠮᠡᠷᠢ | ᠦᠵᠡᠭᠦᠯᠬᠦ ᠨᠢ ᠯᠠᠪᠳᠠᠢ ᠭᠡᠵᠦ ᠵᠢᠭᠠᠵᠤ | ᠭᠠᠷᠭᠠᠪᠠ᠃ ᠰᠢ ᠶᠢᠨ ᠫᠢᠩ ᠰᠢᠶᠠᠩᠭᠠᠩ | ᠣᠨᠴᠠᠭᠠᠢ ᠵᠠᠰᠠᠭ ᠵᠠᠬᠢᠷᠭᠠᠨ ᠤ ᠣᠷᠣᠨ ᠤ | ᠰᠢᠨ᠎ᠡ ᠨᠢᠭᠡ ᠬᠤᠭᠤᠴᠠᠭᠠᠨ ᠤ ᠵᠠᠰᠠᠭ ᠤᠨ | ᠣᠷᠳᠣᠨ ᠪᠣᠯᠤᠨ ᠨᠡᠶᠢᠭᠡᠮ ᠤᠨ ᠡᠯ᠎ᠡ | ᠡᠲᠡᠭᠡᠳ ᠤᠨ ᠬᠥᠮᠦᠰ ᠲᠤ 4 ᠲᠠᠯ᠎ᠠ ᠶᠢᠨ | ᠬᠦᠰᠡᠯ ᠲᠠᠯᠪᠢᠵᠠᠢ᠄ ᠨᠢᠭᠡ ᠳᠤ᠂ | ᠵᠠᠰᠠᠯᠲᠠ ᠶᠢᠨ ᠲᠦᠪᠰᠢᠨ ᠢᠶᠠᠨ ᠬᠦᠴᠦᠯᠡᠨ | ᠳᠡᠭᠡᠭᠰᠢᠯᠡᠭᠦᠯᠵᠦ᠂ ᠰᠠᠶᠢᠨ ᠵᠠᠰᠠᠭ ᠢᠶᠠᠷ | ᠴᠢᠳᠠᠮᠠᠭᠠᠢ ᠵᠠᠰᠠᠬᠤ ᠰᠢᠨ᠎ᠡ ᠳᠦᠷᠰᠦ | ᠪᠠᠶᠢᠳᠠᠯ ᠢ ᠢᠯᠡᠷᠡᠭᠦᠯᠬᠦ ᠬᠡᠷᠡᠭᠲᠡᠢ᠃ | ᠬᠤᠶᠠᠷ ᠲᠤ᠂ ᠬᠥᠭᠵᠢᠯᠲᠡ ᠶᠢᠨ ᠬᠥᠳᠡᠯᠭᠡᠬᠦ | ᠴᠢᠳᠠᠪᠤᠷᠢ ᠶᠢ ᠲᠠᠰᠤᠷᠠᠯᠲᠠ ᠦᠭᠡᠢ | ᠴᠢᠩᠭᠠᠳᠬᠠᠵᠤ᠂ ᠰᠢᠶᠠᠩᠭᠠᠩ ᠤᠨ | ᠨᠡᠶᠢᠭᠡᠮ ᠳᠤ ᠬᠠᠳᠠᠭᠠᠯᠠᠭᠳᠠᠵᠤ ᠪᠠᠶᠢᠭ᠎ᠠ | ᠯᠤᠲᠤ ᠶᠡᠭᠡ ᠪᠦᠲᠦᠭᠡᠯᠴᠢ ᠬᠦᠴᠦᠨ ᠪᠠ | ᠬᠥᠭᠵᠢᠯᠲᠡ ᠶᠢᠨ ᠠᠮᠢᠵᠢᠷᠠᠯ ᠤᠨ ᠬᠦᠴᠦᠨ ᠢ | ᠭᠦᠢᠴᠡᠳ ᠪᠠᠳᠠᠷᠠᠭᠠᠬᠤ ᠬᠡᠷᠡᠭᠲᠡᠢ᠃ | ᠭᠤᠷᠪᠠ ᠳᠤ᠂ ᠠᠷᠠᠳ ᠤᠨ ᠠᠮᠢᠳᠤᠷᠠᠯ ᠤᠨ | ᠬᠦᠴᠢᠷᠳᠡᠯ ᠢ ᠦᠨᠡᠨ ᠬᠦ ᠰᠢᠢᠳᠪᠦᠷᠢᠯᠡᠵᠦ᠂ | ᠬᠥᠭᠵᠢᠯᠲᠡ ᠶᠢᠨ ᠦᠷ᠎ᠡ ᠪᠦᠲᠦᠭᠡᠯ ᠢ ᠪᠦᠬᠦ | ᠬᠤᠲᠠ ᠶᠢᠨ ᠠᠷᠠᠳ ᠲᠤ ᠨᠠᠩ ᠣᠯᠠᠨ ᠨᠠᠩ ᠡᠷᠬᠡ | ᠲᠡᠭᠰᠢ ᠪᠠᠷ ᠬᠦᠷᠲᠡᠭᠡᠬᠦ ᠬᠡᠷᠡᠭᠲᠡᠢ᠃ | ᠲᠦᠷᠪᠡ ᠳᠤ᠂ ᠡᠶ᠎ᠡ ᠵᠣᠬᠢᠴᠠᠩᠭᠤᠢ | ᠲᠣᠭᠲᠠᠭᠤᠨ ᠢ ᠬᠠᠮᠲᠤ ᠪᠠᠷ ᠬᠠᠮᠠᠭᠠᠯᠠᠵᠤ᠂ | ᠨᠡᠩ ᠰᠠᠶᠢᠨ ᠰᠠᠶᠢᠬᠠᠨ ᠠᠮᠢᠳᠤᠷᠠᠯ ᠢ | ᠬᠠᠮᠲᠤ ᠪᠠᠷ ᠴᠣᠭᠴᠠᠯᠠᠬᠤ ᠬᠡᠷᠡᠭᠲᠡᠢ᠃ | ᠰᠢ ᠶᠢᠨ ᠫᠢᠩ᠂ ᠵᠠᠯᠠᠭᠤᠴᠤᠳ ᠢ | ᠣᠨᠴᠠᠭᠠᠶᠢᠯᠠᠨ ᠬᠠᠯᠠᠮᠵᠢᠯᠠᠨ | ᠬᠠᠶᠢᠷᠠᠯᠠᠬᠤ ᠬᠡᠷᠡᠭᠲᠡᠢ᠃ ᠵᠠᠯᠠᠭᠤᠴᠤᠳ | ᠪᠠᠭᠠᠴᠤᠳ ᠢ ᠬᠥᠲᠥᠯᠥᠨ ᠳᠠᠭᠠᠭᠤᠯᠵᠤ ᠤᠯᠤᠰ | ᠪᠠ ᠳᠡᠯᠡᠬᠡᠶ ᠶᠢᠨ ᠬᠥᠭᠵᠢᠯᠲᠡ ᠶᠢᠨ ᠶᠡᠭᠡ | ᠬᠠᠨᠳᠤᠰᠢ ᠶᠢ ᠭᠦᠨᠵᠡᠭᠡᠶ ᠲᠠᠨᠢᠭᠤᠯᠵᠤ᠂ | ᠦᠨᠳᠦᠰᠦᠲᠡᠨ ᠤ ᠣᠮᠣᠭᠰᠢᠯᠲᠤ ᠰᠡᠳᠭᠢᠯᠭᠡ ᠪᠠ | ᠡᠵᠡᠨ ᠬᠥᠮᠦᠨ ᠤ ᠤᠬᠠᠮᠰᠠᠷ ᠢ ᠨᠢ | ᠴᠢᠩᠭᠠᠳᠬᠠᠬᠤ ᠬᠡᠷᠡᠭᠲᠡᠶ᠃ ᠥᠷᠭᠡᠨ ᠤᠯᠠᠨ | ᠵᠠᠯᠠᠭᠤᠴᠤᠳ ᠢ ᠬᠠᠪᠰᠤᠷᠤᠨ ᠰᠤᠷᠤᠯᠭ᠎ᠠ᠂ | ᠠᠵᠢᠯ ᠣᠯᠬᠤ᠂ ᠦᠢᠯᠡᠰ ᠪᠤᠰᠬᠠᠬᠤ᠂ ᠠᠮᠢᠳᠤᠷᠠᠯ | ᠪᠤᠰᠬᠠᠬᠤ ᠳᠤ ᠲᠤᠯᠭᠠᠷᠠᠵᠤ ᠪᠠᠶᠢᠭ᠎ᠠ | ᠪᠣᠳᠠᠲᠠᠢ ᠬᠦᠴᠢᠷᠳᠡᠯ ᠢ ᠨᠢ | ᠰᠢᠢᠳᠪᠦᠷᠢᠯᠡᠵᠦ᠂ ᠲᠡᠳᠡᠨ ᠤ ᠦᠰᠦᠨ | ᠪᠣᠶᠢᠵᠢᠵᠤ ᠴᠢᠳᠠᠪᠤᠷᠢᠲᠠᠨ ᠪᠣᠯᠬᠤ ᠳᠤᠨᠢ | ᠨᠡᠩ ᠤᠯᠠᠨ ᠠᠵᠠ ᠲᠣᠬᠢᠶᠠᠯ ᠡᠭᠦᠳᠴᠦ ᠥᠭᠬᠦ | ᠬᠡᠷᠡᠭᠲᠡᠢ᠃ ᠰᠢᠶᠠᠩᠭᠠᠩ ᠤᠨ ᠵᠠᠯᠠᠭᠤᠴᠤᠳ | ᠨᠢᠭᠡ ᠪᠦᠷᠢ ᠴᠥᠮ ᠰᠠᠶᠢᠨ ᠰᠠᠶᠢᠬᠠᠨ | ᠰᠢᠶᠠᠩᠭᠠᠩ ᠢ ᠪᠦᠳᠦᠭᠡᠨ ᠪᠠᠶᠢᠭᠤᠯᠬᠤ | ᠡᠩᠨᠡᠭᠡᠨ ᠳᠤ ᠣᠷᠣᠯᠴᠠᠵᠤ᠂ ᠭᠠᠯ ᠵᠠᠯᠠᠭᠤ | ᠨᠠᠰᠤ ᠪᠠᠷ ᠢᠶᠠᠨ ᠭᠤᠶᠢᠳᠠ ᠰᠠᠶᠢᠬᠠᠨ | ᠠᠮᠢᠳᠤᠷᠠᠯ ᠢᠶᠠᠨ ᠪᠢᠴᠢᠭᠯᠡᠬᠦ ᠶᠢ | ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠨᠢᠭᠡᠨᠲᠡ ᠪᠤᠴᠠᠰᠢ ᠦᠭᠡᠢ | ᠲᠡᠦᠬᠡ ᠶᠢᠨ ᠠᠬᠢᠴᠠ ᠳᠤ ᠣᠷᠣᠪᠠ᠃ ︽ᠨᠢᠭᠡ | ᠤᠯᠤᠰ ᠲᠤ ᠬᠤᠶᠠᠷ ᠪᠠᠶᠢᠭᠤᠯᠤᠯ ᠢ | ᠬᠡᠷᠡᠭᠵᠢᠭᠦᠯᠬᠦ︾ ᠶᠢᠨ ᠰᠢᠶᠠᠩᠭᠠᠩ ᠳᠠᠬᠢ | ᠠᠮᠵᠢᠯᠲᠠ ᠲᠠᠢ ᠦᠢᠯᠡᠳᠦᠯᠭᠡ ᠶᠢ | ᠠᠬᠢᠭᠤᠯᠬᠤ ᠪᠣᠯ ᠡᠨᠡ ᠬᠦ ᠲᠡᠦᠬᠡᠨ | ᠠᠬᠢᠴᠠ ᠶᠢᠨ ᠴᠢᠬᠤᠯᠠ ᠪᠦᠷᠢᠯᠳᠦᠬᠦᠨ ᠬᠡᠰᠡᠭ | ᠪᠣᠯᠤᠨ᠎ᠠ᠃ ᠠᠭᠤᠤ ᠶᠡᠭᠡ ᠡᠬᠡ ᠤᠯᠤᠰ ᠤᠨ | ᠡᠷᠡᠰ ᠪᠠᠲᠤ ᠳᠡᠮᠵᠢᠯᠭᠡ᠂ ︽ᠨᠢᠭᠡ ᠤᠯᠤᠰ ᠲᠤ | ᠬᠤᠶᠠᠷ ᠪᠠᠶᠢᠭᠤᠯᠤᠯ ᠢ ᠬᠡᠷᠡᠭᠵᠢᠭᠦᠯᠬᠦ︾ | ᠴᠢᠭᠯᠡᠯᠲᠡ ᠶᠢᠨ ᠪᠠᠲᠤ ᠴᠢᠩᠭ᠎ᠠ | ᠪᠠᠲᠤᠯᠠᠭ᠎ᠠ ᠪᠠᠶᠢᠬᠤ ᠪᠤᠯᠬᠤᠷ ᠮᠠᠨ ᠤ | ᠤᠯᠤᠰ ᠤᠨ ᠬᠤᠶᠠᠳᠤᠭᠠᠷ ᠵᠠᠭᠤᠨ ᠵᠢᠯ ᠤᠨ | ᠲᠡᠮᠡᠴᠡᠬᠦ ᠬᠠᠷᠠᠯᠲᠠ ᠶᠢ ᠪᠡᠶᠡᠯᠡᠭᠦᠯᠬᠦ | ᠰᠢᠨ᠎ᠡ ᠠᠶᠠᠨ ᠳᠤ ᠰᠢᠶᠠᠩᠭᠠᠩ ᠯᠠᠪᠲᠠᠢ ᠨᠡᠩ | ᠶᠡᠭᠡ ᠭᠡᠷᠡᠯ ᠰᠠᠴᠤᠷᠠᠩᠭᠤᠢ ᠠᠮᠵᠢᠯᠲᠠ ᠶᠢ | ᠡᠭᠦᠳᠴᠦ᠂ ᠯᠠᠪᠲᠠᠢ ᠡᠬᠡ ᠤᠯᠤᠰ ᠤᠨ ᠠᠷᠠᠳ | ᠲᠦᠮᠡᠨ ᠲᠠᠢ ᠬᠠᠮᠲᠤ ᠪᠠᠷ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠦᠩᠭᠡ ᠭᠡᠷᠡᠯ ᠢ | ᠬᠠᠮᠲᠤ ᠪᠠᠷ ᠡᠳ᠋ᠯᠡᠬᠦ ᠪᠣᠯᠤᠨ᠎ᠠ ᠭᠡᠳᠡᠭ ᠢ | ᠪᠢᠳᠡ ᠪᠠᠲᠤ ᠢᠲᠡᠭᠡᠵᠦ ᠪᠠᠶᠢᠨ᠎ᠠ ᠭᠡᠵᠦ | ᠵᠢᠭᠠᠵᠤ ᠭᠠᠷᠭᠠᠪᠠ᠃ ᠯᠢ ᠵᠢᠶᠠ ᠴᠤᠤ | ᠪᠠᠶᠠᠷ ᠤᠨ ᠦᠭᠡ ᠳᠡᠭᠡᠨ᠂ ᠰᠢᠶᠠᠩᠭᠠᠩ | ᠣᠨᠴᠠᠭᠠᠢ ᠵᠠᠰᠠᠭ ᠵᠠᠬᠢᠷᠭᠠᠨ ᠤ ᠣᠷᠣᠨ ᠤ | ᠵᠢᠷᠭᠤᠳᠤᠭᠠᠷ ᠬᠤᠭᠤᠴᠠᠭᠠᠨ ᠤ ᠵᠠᠰᠠᠭ | ᠵᠠᠬᠢᠷᠭᠠᠨ ᠤ ᠳᠠᠷᠤᠭ᠎ᠠ ᠪᠣᠯᠤᠭᠰᠠᠨ ᠤ | ᠬᠤᠪᠢ ᠳᠤ᠂ ᠪᠢ ᠬᠢᠵᠠᠭᠠᠯᠠᠰᠢ ᠦᠭᠡᠢ ᠢᠷᠠᠭᠤ | ᠠᠯᠳᠠᠷ ᠲᠠᠢ ᠰᠠᠨᠠᠭᠳᠠᠵᠤ ᠪᠠᠶᠢᠬᠤ ᠪᠥᠭᠡᠳ | ᠬᠠᠷᠢᠭᠤᠴᠠᠯᠭ᠎ᠠ ᠬᠦᠨᠳᠦ ᠶᠡᠭᠡ ᠬᠡᠳᠡᠭ ᠢ | ᠭᠦᠨ ᠣᠶᠢᠯᠠᠭᠠᠵᠤ ᠪᠠᠶᠢᠨ᠎ᠠ᠃ ᠪᠢ | ᠬᠠᠮᠢᠶᠠᠷᠤᠨ ᠵᠠᠰᠠᠬᠤ ᠪᠦᠯᠬᠦᠮ ᠢᠶᠠᠨ | ᠳᠠᠭᠠᠭᠤᠯᠤᠨ ᠪᠦᠬᠦ ᠬᠦᠴᠦ ᠪᠠᠷ ᠢᠶᠠᠨ | ᠴᠢᠷᠮᠠᠶᠢᠵᠤ᠂ ᠰᠢᠶᠠᠩᠭᠠᠩ ᠤᠨ | ᠨᠡᠶᠢᠭᠡᠮ ᠤᠨ ᠡᠯ᠎ᠡ | ᠡᠲᠡᠭᠡᠳ ᠤᠨ ᠬᠢᠨ ᠲᠠᠢ ᠪᠦᠯᠬᠦᠮᠳᠡᠵᠦ᠂ | ︽ᠨᠢᠭᠡ ᠤᠯᠤᠰ ᠲᠤ ᠬᠤᠶᠠᠷ ᠪᠠᠶᠢᠭᠤᠯᠤᠯ ᠢ | ᠬᠡᠷᠡᠭᠵᠢᠭᠦᠯᠬᠦ︾᠂ ︽ᠰᠢᠶᠠᠩᠭᠠᠩᠴᠤᠳ ᠢᠶᠠᠷ | ᠰᠢᠶᠠᠩᠭᠠᠩ ᠢ ᠵᠠᠰᠠᠭᠤᠯᠬᠤ︾᠂ ᠳᠡᠭᠡᠳᠦ | ᠬᠡᠮᠵᠢᠶ᠎ᠡ ᠪᠠᠷ ᠥᠪᠡᠷᠲᠡᠭᠡᠨ ᠵᠠᠰᠠᠬᠤ | ᠴᠢᠭᠯᠡᠯᠲᠡ ᠶᠢ ᠪᠦᠬᠦ ᠲᠠᠯ᠎ᠠ ᠪᠠᠷ | ᠣᠨᠣᠪᠴᠢᠲᠠᠢ ᠲᠤᠭᠤᠰᠢᠯᠠᠭᠤᠯᠵᠤ᠂ ᠦᠨᠳᠦᠰᠦᠨ | ᠬᠠᠤᠯᠢ ᠪᠠ ᠦᠨᠳᠦᠰᠦ ᠪᠣᠯᠬᠤ ᠬᠠᠤᠯᠢ ᠳᠤ | ᠲᠣᠭᠲᠠᠭᠠᠭᠰᠠᠨ ᠣᠨᠴᠠᠭᠠᠢ ᠵᠠᠰᠠᠭ | ᠵᠠᠬᠢᠷᠭᠠᠨ ᠤ ᠣᠷᠣᠨ ᠤ ᠦᠨᠳᠦᠰᠦᠨ | ᠬᠠᠤᠯᠢ ᠶᠢᠨ ᠲᠦᠷᠢᠮ ᠤᠨ ᠡᠮᠬᠢ ᠳᠢᠭᠯᠢᠮ ᠢ | ᠬᠠᠮᠠᠭᠠᠯᠠᠵᠤ᠂ ᠤᠯᠤᠰ ᠤᠨ ᠡᠷᠬᠡ ᠮᠡᠳᠡᠯ᠂ | ᠠᠮᠤᠷ ᠲᠦᠪᠰᠢᠨ᠂ ᠬᠥᠭᠵᠢᠯᠲᠡ ᠶᠢᠨ ᠠᠰᠢᠭ | ᠲᠤᠰᠠ ᠶᠢ ᠬᠠᠮᠠᠭᠠᠯᠠᠵᠤ᠂ ᠰᠢᠶᠠᠩᠭᠠᠩ ᠤᠨ | ᠤᠷᠳᠤ ᠬᠤᠭᠤᠴᠠᠭ᠎ᠠ ᠪᠠᠷ ᠴᠡᠴᠡᠭᠯᠡᠨ | ᠬᠥᠭᠵᠢᠵᠦ ᠲᠣᠭᠲᠠᠭᠤᠨ ᠪᠠᠶᠢᠬᠤ ᠶᠢ | ᠪᠠᠲᠤᠯᠠᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠳᠤ ᠬᠤᠪᠢ | ᠨᠡᠮᠡᠷᠢ ᠦᠵᠡᠭᠦᠯᠦᠨ᠎ᠡ ᠭᠡᠵᠦ ᠢᠯᠡᠳᠭᠡᠪᠡ᠃ | ᠳ᠋ᠢᠩ ᠰᠢᠤᠸᠠᠢ ᠰᠢᠶᠠᠩ᠂ ᠰᠢᠤᠢ ᠴᠢ ᠯᠢᠶᠠᠩ᠂ | ᠱᠧᠨ ᠶᠤᠸᠠᠢ ᠶᠤᠸᠠᠢ᠂ ᠸᠠᠩ ᠢ᠂ ᠰᠢᠶᠠ ᠪᠣᠣ ᠯᠦᠩ | ᠪᠡᠯᠭᠡᠯᠡᠬᠦ ᠶᠡᠭᠡ ᠬᠤᠷᠠᠯ ᠵᠢᠴᠢ | ᠲᠤᠰᠢᠶᠠᠯ ᠳᠤ ᠭᠠᠷᠬᠤ ᠶᠣᠰᠣᠯᠠᠯ ᠳᠤ | ᠣᠷᠣᠯᠴᠠᠪᠠ᠃ ᠪᠦᠬᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠯᠢᠶᠠᠩ ᠵᠧᠨ ᠶᠢᠩ᠂ ᠣᠣᠮᠧᠨ | ᠣᠨᠴᠠᠭᠠᠢ ᠵᠠᠰᠠᠭ ᠵᠠᠬᠢᠷᠭᠠᠨ ᠤ ᠣᠷᠣᠨ ᠤ | ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ᠂ | ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ | ᠣᠷᠣᠨ ᠤ ᠲᠡᠭᠡᠷ᠎ᠠ ᠨᠢᠬᠡ ᠬᠤᠭᠤᠴᠠᠭᠠᠨ ᠤ | ᠵᠠᠰᠠᠭ ᠵᠠᠬᠢᠷᠭᠠᠨ ᠤ ᠳᠠᠷᠤᠭ᠎ᠠ ᠯᠢᠨ ᠵᠧᠩ | ᠶᠤᠸᠠᠢ ᠧ ᠵᠢᠴᠢ ᠰᠢᠶᠠᠩᠭᠠᠩ ᠤᠨ ᠡᠯ᠎ᠡ | ᠡᠲᠡᠭᠡᠳ ᠤᠨ ᠲᠥᠯᠥᠭᠡᠯᠡᠭᠴᠢᠳ ᠪᠣᠯᠤᠨ ᠣᠨᠴᠠ | ᠤᠷᠢᠭᠰᠠᠨ ᠬᠦᠨᠳᠦᠲᠦ ᠵᠣᠴᠢᠳ ᠪᠠᠰᠠ | ᠪᠡᠯᠭᠡᠯᠡᠬᠦ ᠶᠡᠭᠡ ᠬᠤᠷᠠᠯ ᠵᠢᠴᠢ | ᠲᠤᠰᠢᠶᠠᠯ ᠳᠤ ᠭᠠᠷᠬᠤ ᠶᠣᠰᠣᠯᠠᠯ ᠳᠤ | ᠣᠷᠣᠯᠴᠠᠵᠠᠢ᠃ ︵ᠰᠢᠨᠬᠤᠸᠠ ᠬᠤᠷᠢᠶᠠᠨ ᠤ | ᠰᠢᠶᠠᠩᠭᠠᠩ ᠤᠨ 7 ᠰᠠᠷ᠎ᠠ ᠶᠢᠨ 1 ᠤ | ᠴᠠᠬᠢᠯᠭᠠᠨ ᠮᠡᠳᠡᠭᠡ︶ | |