ᠰᠢ ᠶᠢᠨ ᠫᠢᠩ ᠬᠤᠪᠸᠢ ᠮᠤᠵᠢ ᠶᠢᠨ ᠦᠬᠠᠨ ᠳᠤ | ᠰᠢᠨᠵᠢᠯᠡᠨ ᠪᠠᠶᠢᠴᠠᠭᠠᠬᠤ ᠳᠠᠭᠠᠨ | ᠴᠢᠬᠤᠯᠠᠴᠢᠯᠠᠭᠰᠠᠨ ᠨᠢ᠄ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠮᠢᠨ | ᠰᠤᠳᠠᠰᠤ ᠶᠢ ᠥᠪᠡᠷ ᠤᠨ ᠭᠠᠷ ᠲᠠᠭᠠᠨ ᠪᠠᠲᠤ | ᠡᠵᠡᠮᠳᠡᠵᠥ ᠮᠠᠨ ᠤ ᠤᠯᠤᠰ ᠤᠨ | ᠬᠥᠭᠵᠢᠯᠲᠡ ᠶᠢᠨ ᠦᠪᠡᠷᠮᠢᠴᠡ ᠴᠢᠨᠠᠷ | ᠪᠡᠶ᠎ᠡ ᠪᠠᠨ ᠳᠠᠭᠠᠭᠠᠬᠤ ᠴᠢᠨᠠᠷ ᠠᠮᠤᠷ | ᠲᠦᠪᠰᠢᠨ ᠴᠢᠨᠠᠷ ᠢ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠢ | ᠨᠠᠮ ᠤᠨ ᠲᠥᠪ ᠬᠤᠷᠢᠶᠠᠨ ᠤ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠭᠦᠯᠡᠭᠴᠢ ᠰᠢ ᠶᠢᠨ ᠫᠢᠩ 28 ᠤ ᠡᠳᠦᠷ | ᠬᠤᠪᠸᠢ ᠮᠤᠵᠢ ᠶᠢᠨ ᠦᠬᠠᠨ ᠬᠤᠳᠠ ᠳᠤ | ᠰᠢᠨᠵᠢᠯᠡᠨ ᠪᠠᠶᠢᠴᠠᠭᠠᠬᠤ ᠳᠠᠭᠠᠨ ᠵᠢᠭᠠᠵᠤ | ᠭᠠᠷᠭᠠᠬᠰᠠᠨ ᠨᠢ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠳᠠᠯ᠎ᠠ ᠪᠠᠷ | ᠪᠡᠶ᠎ᠡ ᠪᠠᠨ ᠳᠠᠭᠠᠭᠠᠵᠤ ᠬᠦᠴᠦᠷᠬᠡᠭᠵᠢᠬᠦ | ᠪᠣᠯ ᠤᠯᠤᠰ ᠤᠨ ᠬᠦᠴᠦᠷᠬᠡᠭᠵᠢᠯ ᠤᠨ | ᠰᠠᠭᠤᠷᠢ᠂ ᠠᠮᠤᠷ ᠲᠦᠪᠰᠢᠨ ᠤ ᠴᠢᠬᠤᠯᠠ ᠵᠦᠢᠯ | ᠪᠣᠯᠤᠨ᠎ᠠ᠃ ᠪᠢᠳᠡ ᠡᠷᠬᠡᠪᠰᠢ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ | ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ | ᠲᠠᠯ᠎ᠠ ᠪᠠᠷ ᠲᠤᠭᠤᠰᠢᠯᠠᠭᠤᠯᠤᠨ᠂ | ᠰᠢᠨ᠎ᠡ ᠶᠢ ᠡᠭᠦᠳᠬᠦ ᠪᠠᠷ ᠬᠥᠭᠵᠢᠯᠲᠡ ᠶᠢᠨ | ᠬᠥᠳᠡᠯᠭᠡᠭᠦᠷ ᠪᠣᠯᠭᠠᠬᠤ ᠪᠠᠶᠢᠯᠳᠤᠬᠤ | ᠪᠤᠳᠤᠯᠭ᠎ᠠ ᠶᠢ ᠭᠦᠨᠵᠡᠭᠡᠢ | ᠬᠡᠷᠡᠭᠵᠢᠭᠦᠯᠵᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠠᠮᠢᠨ ᠰᠤᠳᠠᠰᠤ ᠶᠢ | ᠥᠪᠡᠷ ᠤᠨ ᠭᠠᠷ ᠲᠠᠭᠠᠨ ᠪᠠᠲᠤ ᠡᠵᠡᠮᠳᠡᠵᠥ᠂ | ᠰᠢᠨᠵᠢᠯᠡᠬᠦ ᠤᠬᠠᠭᠠᠨ ᠳᠧᠭᠨᠢᠭ | ᠮᠡᠷᠭᠡᠵᠢᠯ ᠤᠨ ᠳᠠᠯ᠎ᠠ ᠪᠠᠷ ᠪᠡᠶ᠎ᠡ ᠪᠠᠨ | ᠳᠠᠭᠠᠭᠠᠵᠤ ᠬᠦᠴᠦᠷᠬᠡᠭᠵᠢᠭᠦ ᠳᠡᠬᠡᠷ᠎ᠡ ᠨᠡᠩ | ᠶᠡᠭᠡ ᠠᠬᠢᠴᠠ ᠲᠠᠢ ᠪᠣᠯᠵᠤ᠂ ᠮᠠᠨ ᠤ | ᠤᠯᠤᠰ ᠤᠨ ᠬᠥᠭᠵᠢᠯᠲᠡ ᠶᠢᠨ ᠦᠪᠡᠷᠮᠢᠴᠡ | ᠴᠢᠨᠠᠷ᠂ ᠪᠡᠶ᠎ᠡ ᠪᠠᠨ ᠳᠠᠭᠠᠭᠠᠬᠤ ᠴᠢᠨᠠᠷ᠂ | ᠠᠮᠤᠷ ᠲᠦᠪᠰᠢᠨ ᠴᠢᠨᠠᠷ ᠢ ᠲᠠᠰᠤᠷᠠᠯᠳᠠ ᠦᠭᠡᠢ | ᠳᠡᠭᠡᠭᠰᠢᠯᠡᠭᠦᠯᠵᠥ᠂ ᠨᠡᠩ ᠤᠯᠠᠨ ᠰᠢᠨ᠎ᠡ | ᠮᠡᠷᠭᠡᠵᠢᠯ ᠰᠢᠨ᠎ᠡ ᠠᠵᠤ ᠦᠢᠯᠡᠰ ᠢ ᠪᠤᠢ | ᠪᠣᠯᠭᠠᠵᠤ᠂ ᠠᠵᠤ ᠠᠬᠤᠢ ᠶᠢᠨ | ᠬᠥᠭᠵᠢᠯᠲᠡ ᠶᠢᠨ ᠰᠢᠨ᠎ᠡ ᠬᠦᠷᠢᠶ᠎ᠡ ᠰᠢᠨ᠎ᠡ | ᠤᠷᠤᠯᠳᠤᠭᠠᠨ ᠤ ᠵᠠᠮ ᠢ ᠨᠡᠭᠡᠭᠡᠵᠦ᠂ ᠤᠯᠠᠨ | ᠤᠯᠤᠰ ᠤᠨ ᠥᠷᠢᠰᠥᠯᠳᠦᠭᠡᠨ ᠤ ᠰᠢᠨ᠎ᠡ | ᠳᠠᠪᠠᠭᠤᠯᠢᠭ ᠢ ᠪᠤᠢ ᠪᠣᠯᠭᠠᠬᠤ ᠬᠡᠷᠡᠭᠲᠡᠢ | ᠬᠡᠵᠥ ᠴᠢᠬᠤᠯᠠᠴᠢᠯᠠᠪᠠ᠃ 28 ᠤ ᠡᠳᠦᠷ ᠤᠨ | ᠦᠳᠡ ᠶᠢᠨ ᠬᠤᠶᠢᠨ᠎ᠠ᠂ ᠰᠢ ᠶᠢᠨ ᠫᠢᠩ ᠬᠤᠪᠸᠢ | ᠮᠤᠵᠢ ᠶᠢᠨ ᠨᠠᠮ ᠤᠨ ᠬᠤᠷᠢᠶᠠᠨ ᠤ ᠱᠦᠵᠢ ᠸᠠᠩ | ᠮᠧᠩ ᠬᠤᠢ᠂ ᠮᠤᠵᠢ ᠶᠢᠨ ᠳᠠᠷᠤᠭ᠎ᠠ ᠸᠠᠩ ᠵᠦᠩ | ᠯᠢᠨ ᠤ ᠪᠠᠷ᠎ᠠ ᠪᠤᠯᠤᠯᠭ᠎ᠠ ᠲᠠᠢ ᠪᠠᠷ | ᠦᠬᠠᠨ ᠤ ᠠᠵᠤ ᠠᠬᠤᠶᠢᠯᠠᠯ᠂ ᠨᠡᠶᠢᠭᠡᠮ | ᠲᠣᠭᠤᠷᠢᠭ ᠲᠤ ᠭᠦᠨᠵᠡᠭᠡᠶᠢᠷᠡᠨ | ᠪᠠᠶᠢᠴᠠᠭᠠᠨ ᠰᠤᠳᠤᠯᠤᠯᠲᠠ ᠬᠢᠵᠡᠢ᠃ | ᠰᠢ ᠶᠢᠨ ᠫᠢᠩ ᠡᠩ ᠲᠡᠷᠢᠭᠦᠨ ᠳᠤ ᠦᠬᠠᠨ ᠤ | ᠬᠤᠸᠠ ᠬᠦᠩ ᠯᠠᠶᠢᠰᠧᠷ ᠢᠨᠵᠧᠨᠧᠷᠢᠩ ᠤᠨ | ᠬᠢᠵᠠᠭᠠᠷᠲᠤ ᠺᠣᠮᠫᠠᠨᠢ ᠳᠤ ᠰᠢᠨᠵᠢᠯᠡᠨ | ᠪᠠᠶᠢᠴᠠᠭᠠᠪᠠ᠃ ᠠᠵᠤ ᠠᠬᠤᠶᠢᠯᠠᠯ ᠤᠨ | ᠰᠤᠳᠤᠯᠤᠨ ᠨᠡᠭᠡᠭᠡᠭᠦ ᠶᠡᠷᠦᠩᠬᠡᠶᠢᠯᠡᠭᠰᠡᠨ | ᠲᠣᠮᠣ ᠠᠰᠠᠷ ᠲᠤ᠂ ᠰᠢ ᠶᠢᠨ ᠫᠢᠩ ᠬᠤᠪᠸᠢ | ᠮᠤᠵᠢ ᠶᠢᠨ ᠬᠡᠷᠡᠯ ᠡᠯᠧᠺᠲᠷᠣᠨ ᠤ ᠮᠡᠳᠡᠭᠡ | ᠵᠠᠩᠭᠢ ᠶᠢᠨ ᠠᠵᠤ ᠦᠶᠯᠡᠰ ᠤᠨ ᠬᠥᠭᠵᠢᠯᠲᠡ | ᠵᠢᠴᠢ ᠭᠤᠤᠯᠯᠠᠬᠤ ᠮᠡᠷᠭᠡᠵᠢᠯ ᠤᠨ ᠪᠣᠭᠤᠮᠲᠠ | ᠰᠢᠪᠲᠤᠯᠤᠬᠰᠠᠨ ᠪᠠᠶᠢᠳᠠᠯ ᠤᠨ | ᠲᠠᠨᠢᠯᠴᠠᠭᠤᠯᠭ᠎ᠠ ᠶᠢ ᠰᠣᠨᠣᠰᠴᠤ᠂ | ᠴᠠᠬᠢᠮ ᠤᠨ ᠠᠵᠤ ᠦᠶᠯᠡᠰ ᠤᠨ ᠰᠢᠨ᠎ᠡ ᠶᠢ | ᠡᠭᠦᠳᠦᠭᠰᠡᠨ ᠦᠷ᠎ᠡ ᠪᠦᠲᠦᠭᠡᠯ ᠤᠨ | ᠦᠵᠡᠭᠦᠯᠭᠡ ᠶᠢ ᠨᠠᠷᠢᠨ ᠪᠤᠳᠠᠳᠠᠢ | ᠪᠠᠶᠢᠴᠠᠭᠠᠨ ᠦᠵᠡᠪᠡ᠃ ᠰᠢ ᠶᠢᠨ ᠫᠢᠩ᠂ ᠭᠡᠷᠡᠯ | ᠡᠯᠧᠺᠲᠷᠣᠨ ᠤ ᠮᠡᠳᠡᠭᠡ ᠵᠠᠩᠭᠢ ᠶᠢᠨ ᠠᠵᠤ | ᠦᠢᠯᠡᠰ ᠪᠣᠯ ᠬᠡᠷᠡᠭᠯᠡᠭᠡ ᠥᠷᠭᠡᠨ | ᠪᠠᠶᠢᠯᠳᠤᠬᠤ ᠪᠤᠳᠤᠯᠭ᠎ᠠ ᠶᠢᠨ ᠳᠡᠭᠡᠳᠦ | ᠮᠡᠷᠭᠡᠵᠢᠯ ᠤᠨ ᠠᠵᠤ ᠦᠢᠯᠡᠰ ᠮᠥᠨ᠂ ᠪᠠᠰᠠ ᠴᠤ | ᠮᠠᠨ ᠤ ᠤᠯᠤᠰ ᠤᠨ ᠤᠷᠢᠤᠨ ᠢᠶᠠᠷ | ᠰᠢᠪᠲᠤᠯᠤᠯᠲᠠ ᠭᠠᠷᠭᠠᠬᠤ ᠨᠥᠬᠦᠴᠡᠯ ᠲᠠᠢ | ᠳᠡᠭᠡᠳᠦ ᠮᠡᠷᠭᠡᠵᠢᠯ ᠤᠨ ᠠᠵᠤ ᠦᠢᠯᠡᠰ ᠮᠥᠨ᠃ | ᠬᠤᠪᠧᠶ ᠮᠤᠵᠢ ᠶᠢᠨ ᠦᠬᠠᠨ ᠤ ᠳ᠋ᠦᠩ ᠬᠤ᠋ | ᠰᠢᠨ᠎ᠡ ᠮᠡᠷᠭᠡᠵᠢᠯ ᠤᠨ ᠨᠡᠭᠡᠭᠡᠯᠲᠡ ᠶᠢᠨ | ᠣᠷᠣᠨ ᠨᠢ ᠭᠡᠷᠡᠯ ᠡᠯᠧᠺᠲᠷᠣᠨ ᠮᠡᠳᠡᠭᠡ | ᠵᠠᠩᠭᠢ ᠶᠢᠨ ᠠᠵᠤ ᠦᠶᠯᠡᠰ ᠤᠨ ᠬᠦᠷᠢᠶᠡᠨ ᠳᠤ | ᠦᠪᠡᠷ ᠤᠨ ᠬᠡᠰᠡᠨ ᠥᠪᠡᠷᠮᠢᠴᠡ | ᠣᠨᠴᠠᠯᠢᠭ ᠲᠠᠢ ᠶᠤᠮ᠃ ᠮᠡᠷᠭᠡᠵᠢᠯ ᠤᠨ | ᠰᠤᠳᠤᠯᠤᠨ ᠨᠡᠭᠡᠭᠡᠯᠳᠡ ᠶᠢᠨ ᠪᠣᠭᠤᠮᠲᠠ | ᠰᠢᠪᠲᠤᠯᠬᠤ ᠶᠢ ᠴᠢᠩᠭᠠᠳᠬᠠᠵᠤ᠂ | ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ | ᠥᠮᠴᠢᠯᠡᠯ ᠤᠨ ᠡᠷᠬᠡ ᠲᠠᠢ ᠭᠤᠣᠯᠯᠠᠭᠴᠢ | ᠮᠡᠷᠭᠡᠵᠢᠯ ᠢ ᠨᠡᠩ ᠤᠯᠠᠨ ᠡᠵᠡᠮᠰᠢᠵᠦ᠂ | ᠲᠠᠰᠤᠷᠠᠯᠳᠠ ᠦᠭᠡᠢ ᠪᠠᠷ ᠰᠢᠨ᠎ᠡ ᠶᠢ | ᠡᠭᠦᠳᠬᠦ ᠬᠡᠯᠬᠢᠶ᠎ᠡ ᠶᠢ ᠤᠷᠲᠤᠳᠬᠠᠵᠤ᠂ ᠠᠵᠤ | ᠦᠢᠯᠡᠰ ᠤᠨ ᠬᠡᠯᠬᠢᠶ᠎ᠡ ᠶᠢ | ᠲᠡᠭᠦᠯᠳᠡᠷᠵᠢᠭᠦᠯᠵᠦ᠂ ᠮᠠᠨ ᠤ ᠤᠯᠤᠰ ᠤᠨ | ᠭᠡᠷᠡᠯ ᠡᠯᠧᠺᠲᠷᠣᠨ ᠮᠡᠳᠡᠭᠡ ᠵᠠᠩᠭᠢ ᠶᠢᠨ | ᠠᠵᠤ ᠦᠢᠯᠡᠰ ᠤᠨ ᠲᠦᠷᠭᠡᠨ ᠬᠥᠭᠵᠢᠯᠲᠡ ᠶᠢ | ᠠᠬᠢᠭᠤᠯᠬᠤ ᠳᠤ ᠨᠡᠩ ᠶᠡᠭᠡ ᠬᠤᠪᠢ ᠨᠡᠮᠡᠷᠢ | ᠦᠵᠡᠭᠦᠯᠬᠦ ᠬᠡᠷᠡᠭᠲᠡᠢ᠃ ᠮᠠᠨ ᠤ ᠤᠯᠤᠰ ᠤᠨ | ᠬᠥᠭᠵᠢᠨ ᠪᠤᠵᠠᠭᠠᠶᠢᠷᠠᠬᠤ ᠶᠢ ᠳᠠᠭᠠᠯᠳᠤᠨ᠂ | ︽ᠪᠣᠭᠤᠮᠢ ᠪᠤᠯᠵᠥ ᠪᠠᠶᠢᠭ᠎ᠠ︾ | ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠢ ᠰᠢᠪᠲᠤᠯᠬᠤ ᠠᠵᠢᠯ ᠢ ᠥᠴᠦᠬᠡᠨ | ᠴᠦ ᠤᠳᠠᠭᠠᠰᠢᠷᠠᠭᠤᠯᠵᠤ ᠪᠣᠯᠬᠤ ᠦᠭᠡᠢ᠂ | ᠡᠷᠬᠡᠪᠰᠢ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠰᠢᠨ᠎ᠡ | ᠬᠡᠯᠪᠡᠷᠢ ᠶᠢᠨ ᠪᠦᠬᠦ ᠤᠯᠤᠰ ᠤᠨ | ᠪᠠᠶᠢᠭᠤᠯᠤᠮᠵᠢ ᠶᠢᠨ ᠳᠠᠪᠠᠭᠤᠯᠢᠭ ᠢ | ᠪᠠᠳᠠᠷᠠᠭᠤᠯᠵᠤ᠂ ᠡᠷᠡᠮᠡᠬᠡᠶᠢᠯᠡᠨ | ᠤᠷᠤᠭᠰᠢᠯᠠᠵᠤ᠂ ᠱᠠᠯᠠᠮᠠᠭᠠᠶᠢᠯᠠᠨ | ᠨᠡᠬᠡᠵᠥ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠳᠠᠯ᠎ᠠ ᠪᠠᠷ ᠪᠡᠶ᠎ᠡ ᠪᠠᠨ | ᠳᠠᠭᠠᠭᠠᠵᠤ ᠬᠦᠴᠦᠷᠬᠡᠭᠵᠢᠬᠦ ᠶᠢ | ᠲᠦᠷᠭᠡᠳᠭᠡᠨ ᠪᠡᠶᠡᠯᠡᠭᠦᠯᠬᠦ ᠬᠡᠷᠡᠭᠲᠡᠢ | ᠬᠡᠵᠥ ᠵᠢᠭᠠᠵᠥ ᠭᠠᠷᠭᠠᠪᠠ᠃ ᠰᠢ ᠶᠢᠨ | ᠫᠢᠩ ᠤᠷᠢᠳ ᠬᠤᠵᠢᠳ ᠠᠵᠤ ᠠᠬᠤᠶᠢᠯᠠᠯ ᠤᠨ | ᠯᠠᠶᠢᠰᠧᠷ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠣᠷᠳᠣᠨ᠂ ᠬᠠᠭᠠᠰ | ᠳᠠᠮᠵᠢᠭᠤᠯᠤᠭᠴᠢ ᠬᠠᠪᠲᠠᠰᠤ ᠶᠢᠨ ᠯᠠᠶᠢᠰᠧᠷ | ᠣᠶᠤᠨᠴᠢ ᠲᠣᠨᠣᠭᠯᠠᠯ ᠤᠨ | ᠦᠶᠯᠡᠳᠪᠦᠷᠢᠯᠡᠯ ᠤᠨ ᠲᠠᠰᠤᠭ ᠲᠤ ᠬᠦᠷᠴᠦ᠂ | ᠯᠠᠶᠢᠰᠧᠷ ᠮᠡᠷᠭᠡᠵᠢᠯ ᠤᠨ ᠠᠵᠤ ᠦᠶᠯᠡᠰ ᠤᠨ | ᠬᠡᠷᠡᠭᠯᠡᠭᠡᠨ ᠤ ᠦᠵᠡᠭᠦᠯᠭᠡ ᠶᠢᠨ | ᠪᠣᠳᠠᠰ ᠢ ᠪᠠᠶᠢᠴᠠᠭᠠᠨ ᠦᠵᠡᠪᠡ᠃ ᠰᠢ ᠶᠢᠨ | ᠫᠢᠩ᠂ ᠳᠡᠭᠡᠳᠦ ᠲᠡᠰ ᠤᠨ ᠦᠢᠯᠡᠳᠬᠦ ᠦᠢᠯᠡᠰ | ᠪᠣᠯ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢᠨ ᠴᠢᠬᠤᠯᠠ ᠲᠤᠯᠭᠠᠭᠤᠷᠢᠯᠠᠯ | ᠮᠥᠨ᠃ ᠮᠠᠨ ᠤ ᠤᠯᠤᠰ ᠤᠨ ᠦᠢᠯᠡᠳᠬᠦ | ᠦᠢᠯᠡᠰ ᠤᠨ ᠬᠡᠯᠪᠡᠷᠢ ᠪᠠᠨ ᠬᠤᠪᠢᠷᠠᠭᠤᠯᠤᠨ | ᠲᠡᠰ ᠳᠡᠪᠰᠢᠬᠦ ᠶᠢ ᠠᠬᠢᠭᠤᠯᠵᠤ᠂ ᠦᠢᠯᠡᠳᠬᠦ | ᠦᠢᠯᠡᠰ ᠤᠨ ᠬᠦᠴᠦᠷᠬᠡᠭ ᠤᠯᠤᠰ ᠢ ᠪᠦᠳᠦᠭᠡᠨ | ᠪᠠᠶᠢᠭᠤᠯᠬᠤ ᠳᠤ ᠡᠷᠬᠡᠪᠰᠢ ᠮᠡᠷᠭᠡᠵᠢᠯ ᠤᠨ | ᠰᠤᠳᠤᠯᠤᠨ ᠨᠡᠭᠡᠭᠡᠯᠳᠡ ᠶᠢ ᠴᠢᠩᠭᠠᠳᠬᠠᠵᠤ᠂ | ᠤᠯᠤᠰ ᠤᠨ ᠦᠢᠯᠡᠳᠪᠦᠷᠢᠯᠡᠯ ᠤᠨ ᠣᠷᠣᠯᠠᠬᠤ | ᠨᠤᠷᠮ᠎ᠠ ᠶᠢ ᠳᠡᠭᠡᠭᠰᠢᠯᠡᠭᠦᠯᠵᠦ᠂ | ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠮᠢᠨ ᠰᠤᠳᠠᠰᠤ ᠶᠢ | ᠥᠪᠡᠷ ᠤᠨ ᠭᠠᠷ ᠲᠠᠭᠠᠨ ᠡᠵᠡᠮᠳᠡᠪᠡᠯ ᠤᠯᠤᠰ | ᠣᠷᠣᠨ ᠰᠠᠶ᠋ᠢ ᠵᠢᠩᠬᠢᠨᠢ ᠪᠠᠷ | ᠬᠦᠴᠦᠷᠬᠡᠭᠵᠢᠵᠦ ᠴᠢᠳᠠᠨ᠎ᠠ ᠬᠡᠵᠥ | ᠴᠢᠬᠤᠯᠠᠴᠢᠯᠠᠪᠠ᠃ ᠦᠢᠯᠡᠳᠪᠦᠷᠢᠯᠠᠯ ᠤᠨ | ᠲᠠᠰᠤᠭ ᠤᠨ ᠠᠰᠠᠷ ᠤᠨ ᠡᠮᠦᠨ᠎ᠡ᠂ ᠰᠢ ᠶᠢᠨ | ᠫᠢᠩ ᠠᠵᠤ ᠠᠬᠤᠶᠢᠯᠠᠯ ᠤᠨ ᠠᠵᠢᠯᠳᠠᠨ | ᠠᠵᠢᠯᠴᠢᠨ ᠲᠠᠢ ᠳᠣᠲᠣᠨᠣ ᠪᠠᠷ | ᠶᠠᠷᠢᠯᠴᠠᠪᠠ᠃ ᠰᠢ ᠶᠢᠨ ᠫᠢᠩ᠂ ᠮᠠᠨ ᠤ ᠤᠯᠤᠰ | ᠪᠣᠯ ᠳᠡᠯᠡᠬᠡᠢ ᠶᠢᠨ ᠬᠤᠶᠠᠳᠤᠭᠠᠷ ᠲᠤᠮᠤ ᠠᠵᠤ | ᠠᠬᠤᠢ ᠶᠢᠨ ᠴᠣᠭᠴᠠ ᠪᠣᠯᠤᠨ᠎ᠠ᠂ ᠭᠡᠪᠡᠴᠦ | ᠪᠠᠰᠠ ᠴᠥᠭᠡᠨ ᠪᠤᠰᠤ ᠳᠤᠲᠠᠭᠤᠳᠠᠯ ᠣᠷᠣᠰᠢᠵᠤ | ᠪᠠᠶᠢᠨ᠎ᠠ᠂ ᠵᠠᠷᠢᠮ ᠠᠵᠤ ᠦᠢᠯᠡᠰ ᠤᠨ ᠰᠠᠭᠤᠷᠢ | ᠪᠠᠰᠠ ᠲᠡᠶᠢᠮᠦ ᠪᠠᠲᠤ ᠪᠠᠬᠢ ᠪᠢᠰᠢ᠂ | ᠴᠢᠨᠠᠭᠰᠢᠳᠠ ᠬᠥᠭᠵᠢᠭᠦᠯᠬᠦ ᠳᠤ ᠡᠷᠬᠡᠪᠰᠢ | ᠰᠢᠨ᠎ᠡ ᠶᠢ ᠡᠭᠦᠳᠬᠦ ᠳᠤ ᠲᠦᠰᠢᠭᠯᠡᠬᠦ | ᠬᠡᠷᠡᠭᠲᠡᠢ᠃ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠳᠦᠭᠡᠨ ᠪᠠᠶᠢᠭᠤᠯᠵᠤ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ | ᠬᠠᠷᠠᠯᠲᠠ ᠶᠢ ᠪᠡᠶᠡᠯᠡᠭᠦᠯᠬᠦ ᠳᠤ | ᠰᠢᠨ᠎ᠡ ᠶᠢ ᠡᠭᠦᠳᠬᠦ ᠪᠣᠯ ᠨᠢᠭᠡᠨ | ᠰᠢᠢᠳᠪᠦᠷᠢᠯᠡᠭᠴᠢ ᠴᠢᠨᠠᠷᠲᠠᠢ ᠡᠯᠧᠮᠧᠨ᠋ᠲ | ᠮᠥᠨ᠃ ᠨᠠᠮ ᠤᠨ ᠲᠥᠪ ᠬᠤᠷᠢᠶ᠎ᠠ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ | ᠰᠢᠨᠵᠢᠯᠡᠬᠦ ᠤᠬᠠᠭᠠᠨ ᠰᠤᠷᠭᠠᠨ | ᠬᠥᠮᠦᠵᠢᠯ ᠢᠶᠠᠷ ᠤᠯᠤᠰ ᠢᠶᠠᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠ | ᠰᠢᠨ᠎ᠡ ᠶᠢ ᠡᠭᠦᠳᠬᠦ ᠪᠠᠷ ᠬᠦᠳᠡᠯᠭᠡᠬᠦᠷ | ᠪᠤᠯᠭᠠᠬᠤ ᠬᠦᠭᠵᠢᠯᠳᠠ ᠶᠢᠨ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠵᠦ | ᠪᠠᠶᠢᠨ᠎ᠠ᠃ ᠬᠡᠷᠪᠡ ᠮᠠᠨ ᠤ ᠬᠤᠳᠠ ᠨᠢᠭᠡ | ᠪᠦᠷᠢ᠂ ᠳᠡᠭᠡᠳᠦ ᠰᠢᠨ᠎ᠡ ᠮᠡᠷᠭᠡᠵᠢᠯ ᠤᠨ | ᠨᠡᠭᠡᠭᠡᠨ ᠬᠥᠭᠵᠢᠭᠦᠯᠦᠯᠲᠡ ᠶᠢᠨ ᠣᠷᠣᠨ | ᠨᠢᠭᠡ ᠪᠦᠷᠢ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠤ ᠠᠬᠤᠶᠢᠯᠠᠯ ᠨᠢᠭᠡ | ᠪᠦᠷᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯᠳᠠᠨ ᠨᠢᠭᠡ ᠪᠦᠷᠢ ᠴᠥᠮ | ᠤᠯᠤᠰ ᠤᠨ ᠲᠣᠭᠲᠠᠭᠠᠭᠰᠠᠨ ᠬᠥᠭᠵᠢᠯᠲᠡ ᠶᠢᠨ | ᠴᠢᠭᠯᠡᠯ ᠤᠨ ᠲᠤᠭᠤᠷᠢᠨ ᠳᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠶᠢ ᠯᠠᠪᠳᠠᠭᠤᠨ | ᠪᠠᠲᠤᠲᠠᠢ ᠪᠠᠷ ᠠᠬᠢᠭᠤᠯᠬᠤ ᠳᠤ ᠬᠦᠷᠪᠡᠯ᠂ | ᠪᠢᠳᠡ ᠲᠣᠭᠲᠠᠭᠰᠠᠨ ᠬᠠᠷᠠᠯᠲᠠ ᠪᠠᠨ ᠯᠠᠪᠲᠠᠢ | ᠪᠡᠶᠡᠯᠡᠭᠦᠯᠵᠦ ᠴᠢᠳᠠᠬᠤ ᠶᠤᠮ᠃ ᠮᠠᠨ ᠤ ᠡᠨᠡ | ᠦᠶ᠎ᠡ ᠶᠢᠨ ᠬᠥᠮᠦᠰ ᠡᠷᠬᠡᠪᠰᠢ ᠡᠨᠡ ᠬᠦ | ᠢᠷᠠᠭᠤ ᠠᠯᠳᠠᠷᠲᠤ ᠡᠭᠦᠷᠭᠡ ᠶᠢ | ᠡᠭᠦᠷᠭᠡᠯᠡᠬᠦ ᠬᠡᠷᠡᠭᠲᠡᠢ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠳᠤ ᠨᠢᠭᠡ ᠳᠤ | ᠣᠷᠣᠭᠤᠯᠤᠯᠲᠠ ᠳᠤ ᠲᠦᠰᠢᠭᠯᠡᠵᠦ᠂ | ᠬᠤᠶᠠᠷ ᠲᠤ ᠴᠢᠳᠠᠪᠤᠷᠢᠲᠠᠨ ᠳᠤ | ᠲᠦᠰᠢᠭᠯᠡᠬᠦ ᠬᠡᠷᠡᠭᠲᠡᠢ᠃ ᠠᠳᠡ ᠴᠥᠭᠡᠨ ᠪᠤᠰᠤ | ᠰᠢᠯᠢᠳᠡᠭ ᠴᠢᠳᠠᠪᠤᠷᠢᠲᠠᠨ | ᠴᠤᠭᠯᠠᠷᠠᠭᠰᠠᠨ ᠢ ᠤᠯᠵᠤ ᠬᠠᠷᠠᠯ᠎ᠠ᠂ | ᠣᠯᠠᠨ ᠢᠶᠠᠷ ᠢᠶᠠᠨ ᠪᠦᠷ ᠮᠠᠰᠢ ᠵᠠᠯᠠᠭᠤ᠂ | ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ | ᠪᠢ ᠮᠠᠰᠢ ᠪᠠᠶᠠᠷᠯᠠᠵᠤ ᠪᠠᠶᠢᠨ᠎ᠠ᠃ ᠨᠠᠮ ᠤᠨ | ᠲᠥᠪ ᠬᠤᠷᠢᠶ᠎ᠠ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠴᠢᠳᠠᠪᠤᠷᠢᠲᠠᠨ ᠤ | ᠦᠰᠦᠨ ᠪᠣᠶᠢᠵᠢᠯᠲᠠ ᠶᠢ ᠮᠠᠰᠢ | ᠬᠠᠯᠠᠮᠵᠢᠯᠠᠵᠤ ᠪᠠᠶᠢᠨ᠎ᠠ᠂ ᠡᠯ᠎ᠡ ᠱᠠᠲᠤᠨ ᠤ | ᠨᠠᠮ ᠤᠨ ᠬᠤᠷᠢᠶ᠎ᠠ ᠪᠠ ᠵᠠᠰᠠᠭ ᠤᠨ ᠣᠷᠳᠣᠨ | ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠳᠤ | ᠠᠰᠢᠭᠲᠠᠶ ᠪᠠᠶᠢᠭᠤᠯᠤᠮᠵᠢ ᠲᠣᠭᠲᠠᠴᠠ ᠪᠠ | ᠠᠵᠢᠯ ᠠᠮᠢᠳᠤᠷᠠᠯ ᠤᠨ ᠣᠷᠴᠢᠨ ᠨᠥᠬᠦᠴᠡᠯ ᠢ | ᠠᠯᠢ ᠴᠢᠳᠠᠬᠤ ᠪᠠᠷ ᠡᠭᠦᠳᠴᠦ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ | ᠠᠵᠢᠯᠲᠠᠳ ᠢ ᠡᠬᠡ ᠣᠷᠣᠨ ᠪᠠ ᠠᠷᠠᠳ | ᠲᠦᠮᠡᠨ ᠳᠡᠭᠡᠨ ᠬᠤᠪᠢ ᠨᠡᠮᠡᠷᠢ ᠦᠵᠡᠭᠦᠯᠬᠦ | ᠪᠣᠯᠭᠠᠬᠤ ᠬᠡᠷᠡᠭᠲᠡᠶ᠃ ᠤᠯᠠᠨ ᠢᠶᠠᠷ ᠢᠶᠠᠨ | ᠦᠷᠭᠦᠯᠵᠢᠯᠡᠨ ᠴᠢᠷᠮᠠᠶᠢᠵᠤ᠂ ᠨᠡᠩ ᠶᠡᠭᠡ | ᠠᠮᠵᠢᠯᠲᠠ ᠤᠯᠬᠤ ᠶᠢ ᠬᠦᠰᠡᠵᠦ ᠪᠠᠶᠢᠨ᠎ᠠ | ᠭᠡᠵᠤ ᠵᠢᠭᠠᠵᠤ ᠭᠠᠷᠭᠠᠪᠠ᠃ ᠰᠢ ᠶᠢᠨ | ᠫᠢᠩ ᠲᠠᠷᠠᠭ᠎ᠠ ᠨᠢ ᠳ᠋ᠦᠩ ᠬᠣ᠋ ᠳᠡᠭᠡᠳᠦ | ᠰᠢᠨ᠎ᠡ ᠮᠡᠷᠬᠡᠵᠢᠯ ᠤᠨ ᠲᠣᠭᠤᠷᠢᠭ ᠤᠨ ᠽᠦᠸᠧ | ᠯᠢᠩ ᠵᠡᠭᠡᠯᠢ ᠭᠤᠳᠤᠮᠵᠢ ᠶᠢᠨ ᡁᠢ ᠶᠤᠸᠠᠨ | ᠨᠡᠶᠢᠭᠡᠮ ᠲᠣᠭᠤᠷᠢᠭ ᠲᠤ ᠰᠢᠨᠵᠢᠯᠡᠨ | ᠪᠠᠶᠢᠴᠠᠭᠠᠪᠠ᠃ ᠲᠤᠰ ᠨᠡᠶᠢᠭᠡᠮ ᠲᠣᠭᠤᠷᠢᠭ | ᠪᠣᠯ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠲᠦᠬᠦᠮ ᠪᠦᠳᠦᠴᠡᠳᠦ ᠣᠷᠣᠨ | ᠰᠠᠭᠤᠴᠠ ᠶᠢ ᠥᠭᠡᠷᠡᠴᠢᠯᠡᠨ ᠪᠠᠶᠢᠭᠤᠯᠵᠤ | ᠲᠠᠬᠢᠨ ᠪᠠᠶᠢᠭᠤᠯᠤᠬᠰᠡᠨ ᠰᠠᠭᠤᠭᠠᠯᠢ | ᠠᠷᠠᠳ ᠤᠨ ᠲᠤᠭᠤᠷᠢᠭ ᠪᠠᠶᠢᠵᠤ᠂ ᠰᠢᠨ᠎ᠡ | ᠲᠢᠲᠢᠮᠯᠢᠭ ᠠᠭᠤᠰᠭᠢᠨ ᠦᠷᠪᠢᠰᠦᠯ ᠤᠨ | ᠬᠢᠵᠢᠭ ᠤᠨ ᠪᠠᠶᠢᠳᠠᠯ ᠭᠠᠷᠤᠭᠰᠠᠨ ᠤ | ᠲᠠᠷᠠᠭ᠎ᠠ᠂ ᠲᠠᠪᠤᠨ ᠱᠠᠲᠤᠨ ᠤ | ᠳᠠᠭᠠᠭᠠᠴᠢᠯᠠᠯᠲᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠠᠵᠢᠯ ᠤᠨ | ᠪᠠᠶᠢᠷᠢᠨ ᠳᠠᠭᠠᠨ ᠪᠤᠴᠠᠵᠤ ᠠᠵᠢᠯ ᠢᠶᠠᠨ | ᠰᠡᠷᠭᠦᠭᠡᠬᠦ ᠪᠠ ᠰᠡᠷᠭᠡᠶᠢᠯᠡᠨ ᠡᠵᠡᠮᠳᠡᠬᠦ | ᠬᠠᠮᠢᠶᠠᠷᠤᠯᠲᠠ ᠶᠢ ᠬᠠᠷᠢᠯᠴᠠᠨ | ᠤᠶᠠᠯᠳᠤᠭᠤᠯᠤᠭᠰᠠᠨ ᠨᠡᠶᠢᠭᠡᠮ | ᠲᠣᠭᠤᠷᠢᠭ ᠤᠨ ᠲᠣᠭᠲᠠᠭᠤᠨ | ᠪᠠᠲᠤᠯᠠᠭ᠎ᠠ ᠶᠢᠨ ᠰᠢᠰᠲ᠋ᠧᠮ ᠢ | ᠪᠦᠷᠢᠯᠳᠦᠭᠦᠯᠵᠦ᠂ ᠰᠠᠭᠤᠭᠠᠯᠢ ᠠᠷᠠᠳ ᠤᠨ | ᠠᠮᠢᠳᠤᠷᠠᠯ ᠤᠨ ᠠᠵᠢᠯ ᠤᠨ ᠬᠡᠪ ᠤᠨ | ᠪᠠᠶᠢᠳᠠᠯ ᠢ ᠰᠡᠷᠭᠦᠭᠡᠬᠦ ᠶᠢ ᠡᠮᠬᠢ | ᠵᠢᠷᠤᠮ ᠲᠠᠢ ᠠᠬᠢᠭᠤᠯᠪᠠ᠃ ᠬᠤᠪᠸᠢ | ᠮᠤᠵᠢ ᠶᠢᠨ ᠪᠠᠶᠢᠩᠭᠤᠵᠢᠭᠤᠯᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠬᠢᠵᠢᠭ ᠤᠨ ᠳᠠᠷᠠᠭᠠᠬᠢ ᠨᠡᠶᠢᠭᠡᠮ | ᠲᠣᠭᠤᠷᠢᠭ ᠤᠨ ᠵᠠᠰᠠᠯᠲᠠ ᠶᠢᠨ | ᠪᠠᠶᠢᠳᠠᠯ ᠤᠨ ᠲᠠᠨᠢᠯᠴᠠᠭᠤᠯᠭ᠎ᠠ ᠶᠢ | ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ᠂ | 2020 ᠣᠨ ᠤ ᠦᠬᠠᠨ ᠢ ᠬᠠᠮᠠᠭᠠᠯᠠᠬᠤ | ᠳᠠᠶᠢᠯᠠᠯᠳᠤᠭᠠᠨ ᠢᠯᠠᠯᠲᠠ ᠣᠯᠤᠭᠰᠠᠨ ᠠᠴᠠ | ᠨᠠᠭᠠᠰᠢ᠂ ᠦᠬᠠᠨ ᠳᠤ ᠪᠠᠰᠠ ᠣᠯᠠᠨ ᠤᠳᠠᠭ᠎ᠠ | ᠲᠥᠪᠯᠡᠷᠡᠯ ᠤᠨ ᠴᠢᠨᠠᠷᠲᠠᠶ ᠬᠢᠵᠢᠭ ᠤᠨ | ᠪᠠᠶᠢᠳᠠᠯ ᠲᠤᠯᠭᠠᠷᠠᠭᠰᠠᠨ ᠪᠣᠯᠪᠠᠴᠤ ᠮᠠᠰᠢ | ᠲᠦᠷᠭᠡᠨ ᠡᠵᠡᠮᠳᠡᠵᠦ᠂ ᠶᠡᠭᠡ | ᠬᠡᠪᠴᠢᠶ᠎ᠠ ᠪᠠᠷ ᠳᠠᠬᠢᠨ ᠳᠡᠯᠭᠡᠷᠡᠭᠰᠡᠨ | ᠥᠬᠡᠶ᠃ ᠦᠬᠠᠨ ᠬᠤᠲᠠ ᠶᠢᠨ ᠬᠢᠨ | ᠪᠠᠶᠢᠡᠭᠭᠤᠵᠢᠭᠤᠯᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠰᠠᠶᠢᠨ ᠬᠢᠵᠡᠶ᠂ ᠲᠤᠷᠰᠢᠯᠭ᠎ᠠ ᠶᠢ | ᠳ᠋ᠦᠩᠨᠡᠭᠦᠰᠢᠲᠡᠶ ᠶᠤᠮ᠃ ᠨᠠᠮ ᠤᠨ ᠲᠥᠪ | ᠬᠤᠷᠢᠶᠠᠨ ᠤ ᠲᠣᠭᠲᠠᠭᠠᠭᠰᠠᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ | ᠴᠢᠭᠯᠡᠯᠲᠡ ᠲᠦᠷᠦ ᠶᠢᠨ ᠪᠤᠳᠤᠯᠭ᠎ᠠ ᠪᠣᠯ | ᠵᠥᠪ᠂ ᠪᠦᠲᠦᠮᠵᠢᠲᠡᠢ ᠶᠤᠮ᠂ ᠡᠷᠬᠡᠪᠰᠢ ᠡᠷᠡᠰ | ᠭᠤᠶᠢᠪᠢᠰᠢ ᠦᠭᠡᠢ ᠪᠠᠷ ᠪᠠᠷᠢᠮᠲᠠᠯᠠᠬᠤ | ᠬᠡᠷᠡᠭᠲᠡᠢ ᠭᠡᠳᠡᠭ ᠢ ᠦᠢᠯᠡᠳᠦᠯᠭᠡ | ᠭᠡᠷᠡᠴᠢᠯᠡᠵᠡᠢ ᠭᠡᠵᠤ ᠴᠢᠬᠤᠯᠠᠴᠢᠯᠠᠪᠠ᠃ | ᠰᠢ ᠶᠢᠨ ᠫᠢᠩ ᠰᠠᠶᠢᠨ ᠳᠤᠷ᠎ᠠ ᠶᠢᠨ | ᠦᠶᠯᠡᠴᠢᠯᠡᠭᠡᠨ ᠤ ᠵᠣᠴᠢᠳ ᠤᠨ ᠲᠢᠩᠬᠢᠮ ᠳᠤ | ᠬᠦᠷᠴᠦ᠂ ᠨᠡᠶᠢᠭᠡᠮ ᠲᠣᠭᠤᠷᠢᠭ ᠤᠨ | ᠠᠵᠢᠯᠲᠠᠨ᠂ ᠦᠨᠳᠦᠰᠦᠨ ᠱᠠᠲᠤᠨ ᠳᠤ | ᠭᠦᠨᠵᠡᠭᠡᠶᠢᠷᠡᠭᠰᠡᠨ ᠨᠠᠮ ᠤᠨ ᠭᠡᠰᠢᠭᠦᠨ | ᠺᠠᠳ᠋ᠷ᠂ ᠰᠠᠶᠢᠨ ᠳᠤᠷᠠᠴᠤᠳ ᠠᠴᠠ ᠦᠨᠳᠦᠰᠦᠨ | ᠱᠠᠲᠤᠨ ᠤ ᠬᠢᠵᠢᠭ ᠤᠨ ᠪᠠᠶᠢᠳᠠᠯ ᠢ | ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠡᠵᠡᠮᠳᠡᠬᠦ ᠲᠣᠭᠲᠠᠴᠠ ᠶᠢᠨ | ᠠᠵᠢᠯᠯᠠᠭᠠᠨ ᠤ ᠪᠠᠶᠢᠳᠠᠯ ᠢ ᠣᠶᠢᠯᠠᠭᠠᠵᠤ᠂ | ᠲᠡᠳᠡᠨ ᠢ ᠰᠡᠷᠭᠡᠶᠢᠯᠡᠨ ᠡᠵᠡᠮᠳᠡᠬᠦ | ᠨᠢᠭᠡᠳᠦᠭᠡᠷ ᠹᠷᠣᠨᠲ ᠤᠨ ᠬᠠᠰᠢᠯᠭ᠎ᠠ ᠪᠠᠨ | ᠪᠠᠬᠢᠯᠡᠵᠦ᠂ ᠰᠠᠭᠤᠭᠠᠯᠢ ᠠᠷᠠᠳ ᠲᠤ | ᠰᠠᠨᠠᠭ᠎ᠠ ᠠᠮᠤᠷ ᠦᠯᠵᠠᠢ ᠪᠡᠯᠭᠡ ᠲᠠᠢ | ᠠᠮᠢᠳᠤᠷᠠᠯ ᠤᠨ ᠣᠷᠴᠢᠨ ᠲᠣᠭᠤᠷᠢᠨ ᠢ ᠪᠣᠶ | ᠪᠣᠯᠭᠠᠭᠠᠷᠠᠶ ᠭᠡᠵᠦ ᠵᠣᠷᠢᠭᠵᠢᠭᠤᠯᠪᠠ᠃ | ᠰᠢ ᠶᠢᠨ ᠫᠢᠩ ᠨᠡᠶᠢᠭᠡᠮ ᠲᠣᠭᠤᠷᠢᠭ ᠲᠤ | ᠶᠠᠪᠤᠬᠤ ᠶᠢᠨ ᠳᠠᠭᠠᠤ ᠦᠵᠡᠵᠦ᠂ ᠨᠡᠶᠢᠭᠡᠮ | ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ | ᠪᠥᠭᠡᠮ ᠬᠦᠴᠢᠯ ᠤᠨ ᠥᠯᠢᠭᠡᠷ ᠠᠪᠬᠤ ᠵᠡᠷᠭᠡ | ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ | ᠬᠡᠮᠵᠢᠶ᠎ᠡ ᠶᠢ ᠨᠤᠲᠠᠯᠠᠵᠤ ᠪᠠᠶᠢᠬᠤ ᠪᠠᠨ | ᠢᠯᠡᠳᠭᠡᠪᠡ᠃ ᠰᠢ ᠶᠢᠨ ᠫᠢᠩ᠂ ᠬᠢᠵᠢᠭ ᠤᠨ | ᠪᠠᠶᠢᠳᠠᠯ ᠢ ᠠᠷᠭᠠᠴᠠᠭᠠᠬᠤ ᠲᠡᠮᠡᠴᠡᠯ | ᠳᠤᠮᠳᠠ᠂ ᠪᠠᠴᠢᠮ ᠪᠠᠶᠢᠳᠠᠯ ᠢ ᠠᠷᠭᠠᠴᠠᠭᠠᠬᠤ | ᠰᠡᠷᠭᠡᠶᠢᠯᠡᠨ ᠡᠵᠡᠮᠳᠡᠬᠦ ᠠᠵᠢᠯ ᠴᠤ ᠲᠡᠷᠡ᠂ | ᠰᠡᠷᠭᠡᠶᠢᠯᠡᠨ ᠡᠵᠡᠮᠳᠡᠬᠦ ᠶᠢ | ᠪᠠᠶᠢᠡᠭᠭᠤᠵᠢᠭᠤᠯᠬᠤ ᠠᠵᠢᠯ ᠴᠤ ᠲᠡᠷᠡ᠂ | ᠨᠡᠶᠢᠭᠡᠮ ᠲᠣᠭᠤᠷᠢᠭ ᠪᠦᠷ ᠮᠠᠰᠢ ᠴᠢᠬᠤᠯᠠ | ᠦᠢᠯᠡᠳᠦᠯ ᠦᠵᠡᠭᠦᠯᠵᠡᠢ᠃ ᠶᠡᠷᠦᠩᠬᠡᠢ ᠳᠤᠨᠢ | ᠠᠪᠴᠤ ᠬᠡᠯᠡᠪᠡᠯ᠂ ᠡᠷᠲᠡ ᠢᠯᠡᠷᠡᠭᠦᠯᠬᠦ᠂ | ᠲᠦᠷᠭᠡᠨ ᠰᠢᠢᠳᠪᠦᠷᠢᠯᠡᠬᠦ ᠳᠤ ᠲᠦᠰᠢᠭᠯᠡᠬᠦ | ᠬᠡᠷᠡᠭᠲᠡᠢ᠂ ᠥᠷᠭᠡᠨ ᠤᠯᠠᠨ ᠠᠷᠠᠳ ᠲᠦᠮᠡᠨ ᠤ | ᠰᠡᠳᠭᠢᠯ ᠨᠢᠭᠡᠳᠦᠨ ᠬᠦᠴᠦ ᠪᠠᠨ | ᠬᠠᠮᠲᠤᠳᠬᠠᠬᠤ ᠳᠤ ᠲᠦᠰᠢᠭᠯᠡᠬᠦ | ᠬᠡᠷᠡᠭᠲᠡᠢ᠂ ᠨᠡᠶᠢᠭᠡᠮ ᠲᠣᠭᠤᠷᠢᠭ ᠭᠡᠬᠦ ᠡᠨᠡ | ᠬᠦ ᠴᠢᠬᠤᠯᠠ ᠰᠠᠭᠤᠷᠢ ᠳᠤ ᠲᠦᠰᠢᠭᠯᠡᠬᠦ | ᠬᠡᠷᠡᠭᠲᠡᠢ᠃ ᠨᠡᠶᠢᠭᠡᠮ ᠲᠣᠭᠤᠷᠢᠭ ᠤᠨ | ᠰᠡᠷᠭᠡᠶᠢᠯᠡᠨ ᠡᠵᠡᠮᠳᠡᠬᠦ ᠶᠢ | ᠪᠠᠶᠢᠡᠭᠭᠤᠵᠢᠭᠤᠯᠬᠤ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠵᠦ᠂ | ᠬᠢᠵᠢᠭ ᠤᠨ ᠪᠠᠶᠢᠳᠠᠯ ᠢ ᠣᠯᠵᠤ | ᠮᠡᠳᠡᠭᠰᠡᠨ ᠤ ᠳᠠᠷᠠᠭ᠎ᠠ ᠵᠠᠪᠠᠯ ᠡᠷᠡᠰ | ᠰᠢᠭᠤᠷᠬᠠᠢ᠂ ᠲᠠᠲᠠᠭᠠᠯᠵᠠᠵᠤ ᠪᠣᠯᠬᠤ ᠦᠭᠡᠢ᠂ | ᠰᠢᠨᠵᠢᠯᠡᠬᠦ ᠤᠬᠠᠭᠠᠨᠴᠢ ᠴᠢᠩᠭ᠎ᠠ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ | ᠠᠪᠴᠤ᠂ ᠰᠢᠨᠵᠢᠯᠡᠬᠦ ᠤᠬᠠᠭᠠᠨᠴᠢ ᠪᠠᠷ | ᠰᠡᠷᠭᠡᠶᠢᠯᠡᠨ ᠡᠵᠡᠮᠳᠡᠬᠦ᠂ | ᠣᠨᠣᠴᠠᠲᠠᠢ ᠪᠠᠷ ᠰᠡᠷᠭᠡᠶᠢᠯᠡᠨ ᠡᠵᠡᠮᠳᠡᠬᠦ | ᠲᠦᠪᠰᠢᠨ ᠢᠶᠠᠨ ᠳᠡᠭᠡᠭᠰᠢᠯᠡᠭᠦᠯᠵᠦ᠂ | ᠨᠡᠶᠢᠭᠡᠮ ᠲᠣᠭᠤᠷᠢᠭ ᠭᠡᠬᠦ | ᠰᠡᠷᠭᠡᠶᠢᠯᠡᠯᠲᠡ ᠶᠢᠨ ᠱᠤᠭᠤᠮ ᠢ ᠡᠷᠡᠰ | ᠰᠠᠬᠢᠬᠤ ᠬᠡᠷᠡᠭᠲᠡᠢ ᠭᠡᠵᠤ | ᠴᠢᠬᠤᠯᠠᠴᠢᠯᠠᠪᠠ᠃ ᡁᠢ ᠶᠤᠸᠠᠨ ᠨᠡᠶᠢᠭᠡᠮ | ᠲᠣᠭᠤᠷᠢᠭ ᠨᠢ ᠨᠠᠰᠤᠵᠢᠯ ᠤᠨ ᠲᠣᠪᠣᠶᠢᠮ᠎ᠠ | ᠠᠰᠠᠭᠤᠳᠠᠯ ᠤᠨ ᠲᠣᠭᠤᠷᠢᠨ ᠳᠤ᠂ | ᠨᠠᠰᠤᠵᠢᠯ ᠤᠨ ᠦᠶᠯᠡᠴᠢᠯᠡᠭᠡᠨ ᠤ | ᠵᠠᠭᠪᠤᠷ ᠤᠨ ᠰᠢᠨ᠎ᠡ ᠶᠢ ᠡᠭᠦᠳᠴᠦ᠂ | ᠬᠡᠷ ᠲᠡᠭᠡᠨ ᠰᠠᠭᠤᠬᠤ ᠪᠠᠷ ᠰᠠᠭᠤᠷᠢ | ᠪᠣᠯᠭᠠᠭᠰᠠᠨ᠂ ᠨᠡᠶᠢᠭᠡᠮ ᠲᠣᠭᠤᠷᠢᠭ ᠢᠶᠠᠷ | ᠲᠦᠰᠢᠭ ᠪᠣᠯᠭᠠᠭᠰᠠᠨ᠂ ᠪᠠᠶᠢᠭᠤᠯᠤᠮᠵᠢ ᠪᠠᠷ | ᠨᠥᠬᠦᠪᠥᠷᠢ ᠪᠣᠯᠭᠠᠭᠰᠠᠨ᠂ ᠡᠮᠴᠢᠯᠡᠬᠦ ᠪᠠ | ᠰᠤᠪᠢᠯᠠᠬᠤ ᠶᠢ ᠤᠶᠠᠯᠳᠤᠭᠤᠯᠤᠭᠰᠠᠨ | ᠨᠠᠰᠤᠵᠢᠯ ᠤᠨ ᠦᠶᠯᠡᠴᠢᠯᠡᠭᠡᠨ ᠤ | ᠵᠠᠭᠪᠤᠷ ᠢ ᠪᠠᠶᠢᠭᠤᠯᠪᠠ᠃ ᠨᠡᠶᠢᠭᠡᠮ | ᠲᠣᠭᠤᠷᠢᠭ ᠤᠨ ᠨᠠᠮ ᠪᠠ ᠣᠯᠠᠨ ᠲᠦᠮᠡᠨ ᠤ | ᠦᠶᠯᠡᠴᠢᠯᠡᠭᠡᠨ ᠤ ᠲᠥᠪ ᠲᠤ᠂ ᠰᠢ ᠶᠢᠨ ᠫᠢᠩ | ᠨᠡᠶᠢᠭᠡᠮ ᠲᠣᠭᠤᠷᠢᠭ ᠤᠨ ᠠᠵᠢᠯᠲᠠᠳ ᠠᠴᠠ | ᠨᠠᠮ ᠤᠨ ᠪᠠᠶᠢᠭᠤᠯᠤᠯᠲᠠ ᠪᠠᠷ ᠦᠨᠳᠦᠰᠦᠨ | ᠱᠠᠲᠤᠨ ᠤ ᠨᠡᠶᠢᠭᠡᠮ ᠲᠣᠭᠤᠷᠢᠭ ᠤᠨ | ᠵᠠᠰᠠᠯᠲᠠ ᠵᠢᠴᠢ ᠠᠷᠠᠳ ᠲᠤ ᠲᠥᠬᠦᠮ | ᠦᠵᠡᠭᠦᠯᠬᠦ ᠦᠶᠯᠡᠴᠢᠯᠡᠭᠡ ᠶᠢ ᠬᠥᠲᠥᠯᠥᠨ | ᠳᠠᠭᠠᠭᠤᠯᠤᠭᠰᠠᠨ ᠪᠠᠶᠢᠳᠠᠯ ᠵᠡᠷᠭᠡ ᠶᠢ | ᠣᠶᠢᠯᠠᠭᠠᠭᠰᠠᠨ ᠪᠥᠭᠡᠳ ᠠᠵᠢᠯ ᠶᠠᠪᠤᠳᠠᠯ | ᠭᠦᠶᠴᠡᠳᠭᠡᠬᠦ ᠪᠠᠷ ᠢᠷᠡᠭᠰᠡᠨ | ᠨᠠᠰᠤᠲᠠᠶᠢᠴᠤᠳ ᠲᠠᠢ ᠳᠣᠲᠣᠨᠣ ᠪᠠᠷ | ᠶᠠᠷᠢᠯᠴᠠᠵᠤ᠂ ᠲᠡᠳᠡᠨ ᠤ ᠬᠡᠷ ᠪᠦᠯᠢ ᠶᠢᠨ | ᠪᠠᠶᠢᠳᠠᠯ ᠢ ᠨᠠᠷᠢᠨ ᠠᠰᠠᠭᠤᠪᠠ᠃ ᠰᠢ ᠶᠢᠨ | ᠫᠢᠩ᠂ ᠨᠡᠶᠢᠭᠡᠮ ᠲᠣᠭᠤᠷᠢᠭ ᠪᠣᠯ ᠬᠤᠳᠠ ᠶᠢᠨ | ᠵᠠᠰᠠᠯᠲᠠ ᠶᠢᠨ ᠰᠢᠰᠲ᠋ᠧᠮ ᠤᠨ ᠦᠨᠳᠦᠰᠦᠨ | ᠨᠢᠭᠡᠴᠢ ᠪᠣᠯᠤᠨ᠎ᠠ᠃ ᠮᠠᠨ ᠤ ᠤᠯᠤᠰ ᠤᠨ | ᠤᠯᠤᠰ ᠤᠨ ᠵᠠᠰᠠᠯᠲᠠ ᠶᠢᠨ ᠰᠢᠰᠲ᠋ᠧᠮ ᠤᠨ | ᠨᠢᠭᠡ ᠳᠠᠪᠠᠭᠤᠯᠢᠭ ᠪᠣᠯ ᠳᠠᠷᠤᠢ ᠬᠤᠳᠠ | ᠬᠥᠳᠡᠭᠡ ᠶᠢᠨ ᠨᠡᠶᠢᠭᠡᠮ ᠲᠣᠭᠤᠷᠢᠭ ᠤᠨ | ᠰᠠᠭᠤᠷᠢ ᠶᠢ ᠪᠠᠲᠤ ᠴᠣᠭᠴᠠᠯᠠᠬᠤ ᠶᠠᠪᠤᠳᠠᠯ | ᠪᠣᠯᠤᠨ᠎ᠠ᠃ ᠨᠡᠶᠢᠭᠡᠮ ᠲᠣᠭᠤᠷᠢᠭ ᠤᠨ | ᠨᠠᠮ ᠤᠨ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠶᠢ ᠴᠢᠩᠭᠠᠳᠬᠠᠵᠤ᠂ ᠨᠠᠮ ᠤᠨ | ᠵᠣᠬᠢᠶᠠᠨ ᠪᠠᠶᠢᠭᠤᠯᠤᠯᠲᠠ ᠶᠢᠨ ᠤᠯᠤᠰ | ᠲᠦᠷᠦ ᠶᠢᠨ ᠴᠢᠳᠠᠪᠬᠢ ᠪᠣᠯᠤᠨ ᠵᠣᠬᠢᠶᠠᠨ | ᠪᠠᠶᠢᠭᠤᠯᠤᠯᠲᠠ ᠶᠢᠨ ᠴᠢᠳᠠᠪᠬᠢ ᠶᠢ | ᠴᠢᠩᠭᠠᠳᠬᠠᠵᠤ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠨᠡᠶᠢᠭᠡᠮ | ᠲᠣᠭᠤᠷᠢᠭ ᠤᠨ ᠵᠠᠰᠠᠯᠲᠠ ᠳᠤᠮᠳᠠᠬᠢ | ᠤᠳᠤᠷᠢᠳᠬᠤ ᠦᠢᠯᠡᠳᠦᠯ ᠢ ᠨᠡᠩ ᠰᠠᠶᠢᠲᠤᠷ | ᠪᠠᠳᠠᠷᠠᠭᠤᠯᠵᠤ᠂ ᠨᠠᠮ ᠤᠨ ᠭᠡᠰᠢᠭᠦᠨ ᠤ | ᠬᠤᠰᠢᠭᠤᠴᠢ ᠵᠢᠱᠢᠶᠡᠴᠢ ᠦᠢᠯᠡᠳᠦᠯ ᠢ ᠨᠡᠩ | ᠰᠠᠶᠢᠲᠤᠷ ᠪᠠᠳᠠᠷᠠᠭᠤᠯᠬᠤ ᠬᠡᠷᠡᠭᠲᠡᠢ᠃ ᠨᠡᠩ | ᠤᠯᠠᠨ ᠡᠬᠢ ᠪᠠᠶᠠᠯᠢᠭ ᠢ ᠨᠡᠶᠢᠭᠡᠮ | ᠲᠣᠭᠤᠷᠢᠭ ᠲᠤ ᠪᠠᠭᠤᠯᠭᠠᠵᠤ᠂ ᠠᠵᠢᠯ ᠤᠨ | ᠬᠦᠴᠦᠨ ᠢᠶᠠᠨ ᠲᠡᠭᠦᠯᠳᠡᠷᠵᠢᠭᠦᠯᠵᠦ᠂ | ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ | ᠪᠠᠶᠢᠳᠠᠯ ᠢ ᠠᠷᠭᠠᠴᠠᠭᠠᠬᠤ ᠴᠢᠳᠠᠪᠤᠷᠢ | ᠪᠣᠯᠤᠨ ᠬᠠᠮᠢᠶᠠᠷᠤᠯᠲᠠ ᠦᠢᠯᠡᠴᠢᠯᠡᠭᠡᠨ ᠤ | ᠲᠦᠪᠰᠢᠨ ᠢᠶᠠᠨ ᠳᠡᠭᠡᠭᠰᠢᠯᠡᠭᠦᠯᠵᠦ᠂ | ᠬᠤᠳᠠ ᠶᠢᠨ ᠵᠠᠰᠠᠯᠲᠠ ᠶᠢᠨ ᠦᠨᠳᠦᠰᠦᠨ | ᠱᠠᠲᠤᠨ ᠤ ᠰᠠᠭᠤᠷᠢ ᠶᠢ ᠪᠠᠬᠢᠵᠢᠭᠦᠯᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠨᠡᠶᠢᠭᠡᠮ ᠲᠣᠭᠤᠷᠢᠭ ᠤᠨ ᠠᠭᠤᠳᠠᠮ | ᠲᠠᠯᠠᠪᠠᠢ ᠳᠤ᠂ ᠺᠠᠳ᠋ᠷ ᠤᠯᠠᠨ ᠲᠦᠮᠡᠨ | ᠬᠦᠷᠢᠶᠡᠯᠡᠨ ᠢᠷᠡᠵᠤ᠂ ᠶᠡᠷᠦᠩᠬᠡᠢ | ᠱᠦᠵᠢ ᠶᠢᠨ ᠠᠮᠤᠷ ᠢ ᠠᠰᠠᠭᠤᠵᠤ ᠪᠠᠶᠢᠯ᠎ᠠ᠃ | ᠰᠢ ᠶᠢᠨ ᠫᠢᠩ᠂ ᠪᠢ ᠦᠬᠠᠨ ᠤ ᠠᠷᠠᠳ ᠲᠦᠮᠡᠨ ᠤ | ᠲᠥᠯᠥᠭᠡ ᠰᠠᠨᠠᠭᠠᠰᠢᠷᠠᠵᠤ᠂ ᠬᠤᠶᠠᠷ ᠵᠢᠯ | ᠠᠯᠤᠰᠯᠠᠭᠠᠳ ᠦᠬᠠᠨ ᠭᠡᠬᠦ ᠡᠨᠡ ᠬᠦ | ᠪᠠᠭᠠᠲᠤᠷᠯᠢᠭ ᠬᠤᠳᠠ ᠳᠤ ᠳᠠᠬᠢᠨᠲᠠ ᠢᠷᠡᠵᠤ | ᠤᠯᠠᠨ ᠢ ᠪᠣᠯᠭᠤᠭᠠᠨ ᠦᠵᠡᠪᠡ᠃ ᠬᠢᠵᠢᠭ ᠤᠨ | ᠪᠠᠶᠢᠳᠠᠯ ᠡᠭᠦᠰᠦᠭᠰᠡᠨ ᠠᠴᠠ ᠨᠠᠭᠠᠰᠢ᠂ | ᠥᠷᠭᠡᠨ ᠤᠯᠠᠨ ᠨᠡᠶᠢᠭᠡᠮ ᠲᠣᠭᠤᠷᠢᠭ ᠤᠨ | ᠠᠵᠢᠯᠳᠠᠨ ᠤᠷᠳᠤ ᠬᠤᠭᠤᠴᠠᠭ᠎ᠠ ᠪᠠᠷ | ᠰᠡᠷᠭᠡᠶᠢᠯᠡᠨ ᠡᠵᠡᠮᠳᠡᠬᠦ ᠡᠮᠦᠨ᠎ᠡ | ᠹᠷᠣᠨᠲ ᠢ ᠪᠠᠲᠤ ᠰᠠᠬᠢᠵᠤ᠂ ᠶᠡᠭᠡ | ᠬᠡᠮᠵᠢᠶᠡᠨ ᠤ ᠶᠠᠷᠰᠢᠭ ᠲᠦᠪᠡᠭ ᠲᠠᠢ | ᠪᠣᠳᠠᠲᠠᠢ ᠠᠵᠢᠯ ᠢ ᠡᠭᠦᠷᠭᠡᠯᠡᠵᠦ᠂ | ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠲᠤ ᠦᠨᠡᠨ ᠰᠡᠳᠭᠢᠯ ᠠᠴᠠ ᠪᠠᠨ | ᠦᠢᠯᠡᠴᠢᠯᠡᠵᠦ᠂ ᠮᠠᠰᠢ ᠵᠦᠳᠡᠷᠡᠯᠲᠡᠢ | ᠪᠠᠶᠢᠵᠤ᠂ ᠪᠠᠯᠠᠷᠠᠰᠢ ᠦᠭᠡᠢ ᠭᠠᠪᠢᠶ᠎ᠠ | ᠵᠢᠳᠬᠦᠯ ᠦᠵᠡᠭᠦᠯᠦᠭᠰᠡᠨ ᠶᠤᠮ᠃ ᠠᠳᠡ ᠪᠢ ᠲᠠ | ᠪᠦᠬᠦᠨ ᠳᠤ ᠲᠡᠷᠡᠴᠢᠯᠡᠨ ᠪᠦᠬᠦ ᠤᠯᠤᠰ ᠤᠨ | ᠥᠷᠭᠡᠨ ᠤᠯᠠᠨ ᠨᠡᠶᠢᠭᠡᠮ ᠲᠣᠭᠤᠷᠢᠭ ᠤᠨ | ᠠᠵᠢᠯᠳᠠᠨ ᠢ ᠴᠢᠩ ᠰᠡᠳᠭᠢᠯ ᠠᠴᠠ ᠪᠠᠨ | ᠲᠣᠬᠤᠨᠢᠭᠤᠯᠵᠤ ᠪᠠᠶᠢᠬᠤ ᠪᠠᠨ ᠢᠯᠡᠳᠭᠡᠶ᠎ᠡ | ᠭᠡᠵᠦ ᠤᠯᠠᠨ ᠳᠤ ᠬᠡᠯᠡᠪᠡ᠃ ᠰᠢ ᠶᠢᠨ | ᠫᠢᠩ᠂ ᠰᠢᠨ᠎ᠡ ᠲᠢᠲᠢᠮᠯᠢᠭ ᠠᠭᠤᠰᠭᠢᠨ | ᠦᠷᠪᠢᠰᠦᠯ ᠤᠨ ᠬᠢᠵᠢᠭ ᠤᠨ ᠪᠠᠶᠢᠳᠠᠯ ᠪᠣᠯ | ᠨᠢᠭᠡ ᠤᠳᠠᠭ᠎ᠠ ᠶᠢᠨ ᠶᠡᠭᠡ ᠰᠢᠯᠭᠠᠯᠲᠠ ᠮᠥᠨ᠃ | ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ | ᠨᠠᠰᠤ ᠶᠢ ᠳᠡᠭᠡᠳᠦᠯᠡᠬᠦ ᠶᠢ | ᠪᠠᠷᠢᠮᠲᠠᠯᠠᠵᠤ᠂ ᠭᠠᠳᠠᠨ᠎ᠠ ᠠᠴᠠ | ᠬᠠᠯᠳᠠᠪᠤᠷᠢᠯᠠᠨ ᠣᠷᠣᠵᠤ ᠢᠷᠡᠬᠦ ᠶᠢ | ᠰᠡᠷᠭᠡᠶᠢᠯᠡᠬᠦ᠂ ᠳᠣᠲᠣᠭᠠᠳᠤ ᠳᠠᠭᠠᠨ | ᠳᠠᠬᠢᠨ ᠡᠭᠦᠰᠭᠦ ᠶᠢ ᠰᠡᠷᠭᠡᠶᠢᠯᠡᠬᠦ ᠶᠢ | ᠪᠠᠷᠢᠮᠲᠠᠯᠠᠵᠤ᠂ ᠡᠪᠡᠳᠴᠢᠨ ᠤ | ᠵᠢᠱᠢᠶ᠎ᠠ ᠶᠢ ᠦᠭᠡᠢ ᠪᠤᠯᠭᠠᠬᠤ ᠶᠢ | ᠪᠠᠷᠢᠮᠲᠠᠯᠠᠵᠤ᠂ ᠴᠠᠭ ᠪᠠ ᠪᠠᠶᠢᠳᠠᠯ ᠳᠤ | ᠵᠣᠬᠢᠴᠠᠭᠤᠯᠤᠨ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠳᠤ ᠲᠠᠰᠤᠷᠠᠯᠲᠠ ᠥᠬᠡᠶ | ᠲᠣᠬᠢᠷᠠᠭᠤᠯᠤᠯᠲᠠ ᠬᠢᠵᠦ᠂ ᠠᠷᠠᠳ ᠲᠦᠮᠡᠨ ᠤ | ᠠᠮᠢ ᠨᠠᠰᠤᠨ ᠤ ᠠᠮᠤᠷ ᠲᠦᠪᠰᠢᠨ ᠪᠠ ᠪᠡᠶ᠎ᠡ | ᠮᠠᠬᠠᠪᠣᠳ ᠤᠨ ᠡᠷᠡᠭᠦᠯ ᠮᠡᠨᠳᠦ ᠶᠢ | ᠬᠠᠮᠤᠭ ᠤᠨ ᠶᠡᠭᠡ ᠬᠡᠮᠵᠢᠶ᠎ᠡ ᠪᠠᠷ | ᠬᠠᠮᠠᠭᠠᠯᠠᠪᠠ᠃ ᠮᠠᠨ ᠤ ᠤᠯᠤᠰ ᠤᠨ ᠬᠥᠮᠦᠨ | ᠠᠮᠠ ᠶᠢᠨ ᠰᠠᠭᠤᠷᠢ ᠲᠤᠭ᠎ᠠ ᠶᠡᠭᠡ᠂ ᠬᠡᠷᠪᠡ | ︽ᠬᠠᠮᠲᠤ ᠶᠢᠨ ᠡᠭᠡᠯᠢᠯᠡᠭᠡ︾᠂ ︽ᠬᠠᠷᠠᠵᠥ | ᠰᠠᠭᠤᠭᠠᠳ ᠬᠠᠶᠠᠨ ᠳᠤ ᠨᠢ ᠬᠠᠶᠠᠬᠤ︾ ᠵᠡᠷᠭᠡ | ᠰᠡᠷᠭᠡᠶᠢᠯᠡᠨ ᠡᠵᠡᠮᠳᠡᠬᠦ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠥᠭᠰᠡᠨ ᠪᠤᠯ | ᠦᠷ᠎ᠡ ᠳ᠋ᠦᠩ ᠨᠢ ᠰᠡᠳᠭᠢᠭᠳᠡᠰᠢ ᠥᠬᠡᠶ ᠪᠤᠯᠬᠤ | ᠶᠤᠮ᠃ ᠪᠢᠳᠡ ᠡᠪᠡᠳᠴᠢᠨ ᠤ ᠵᠢᠱᠢᠶ᠎ᠠ ᠶᠢ | ᠦᠭᠡᠢ ᠪᠤᠯᠭᠠᠬᠤ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠭᠰᠡᠨ ᠨᠢ ᠨᠠᠮ ᠤᠨ ᠲᠥᠪ | ᠬᠤᠷᠢᠶ᠎ᠠ ᠨᠠᠮ ᠤᠨ ᠰᠢᠨᠵᠢ ᠴᠢᠨᠠᠷ | ᠵᠣᠷᠢᠯᠲᠠ ᠠᠴᠠ ᠡᠭᠦᠰᠴᠦ᠂ ᠮᠠᠨ ᠤ ᠤᠯᠤᠰ ᠤᠨ | ᠤᠯᠤᠰ ᠤᠨ ᠪᠠᠶᠢᠳᠠᠯ ᠠᠴᠠ ᠡᠭᠦᠰᠴᠦ | ᠲᠣᠭᠲᠠᠭᠠᠭᠰᠠᠨ ᠶᠤᠮ᠂ ᠠᠵᠤ ᠠᠬᠤᠶ ᠶᠢᠨ | ᠬᠥᠭᠵᠢᠯᠲᠡ ᠶᠢ ᠲᠦᠷ ᠴᠠᠭ ᠵᠢᠭᠠᠬᠠᠨ | ᠨᠥᠯᠥᠭᠡᠯᠡᠭᠰᠡᠨ ᠴᠦ ᠠᠷᠠᠳ ᠣᠯᠠᠨ ᠤ ᠠᠮᠢ | ᠨᠠᠰᠤᠨ ᠤ ᠠᠮᠤᠷ ᠲᠦᠪᠰᠢᠨ ᠪᠠ ᠪᠡᠶ᠎ᠡ | ᠮᠠᠬᠠᠪᠣᠳ ᠤᠨ ᠡᠷᠡᠭᠦᠯ ᠮᠡᠨᠳᠦ ᠶᠢ | ᠬᠤᠬᠢᠷᠠᠭᠤᠯᠵᠤ ᠪᠣᠯᠬᠤ ᠥᠬᠡᠶ᠂ ᠢᠯᠠᠩᠭᠤᠶ᠎ᠠ | ᠨᠠᠰᠤᠲᠠᠶᠢᠴᠤᠳ᠂ ᠬᠡᠦᠬᠡᠳ ᠢ ᠰᠠᠶᠢᠲᠤᠷ | ᠬᠠᠮᠠᠭᠠᠯᠠᠬᠤ ᠬᠡᠷᠡᠭᠲᠡᠶ᠃ ᠬᠡᠷᠪᠡ | ᠶᠡᠷᠦᠩᠬᠡᠶ ᠳᠠᠩᠰᠠ ᠶᠢ ᠪᠤᠳᠤᠪᠠᠯ᠂ ᠮᠠᠨ ᠤ | ᠬᠢᠵᠢᠭ ᠢ ᠰᠡᠷᠭᠡᠶᠢᠯᠡᠬᠦ ᠠᠷᠭ᠎ᠠ | ᠬᠡᠮᠵᠢᠶ᠎ᠡ ᠪᠣᠯ ᠬᠠᠮᠤᠭ ᠤᠨ ᠬᠢᠮᠳᠠ᠂ ᠦᠷ᠎ᠡ | ᠪᠦᠲᠦᠮᠵᠢ ᠪᠠᠷ ᠬᠠᠮᠤᠭ ᠤᠨ ᠰᠠᠶᠢᠨ ᠶᠤᠮ᠃ | ᠪᠢᠳᠡᠨ ᠳᠤ ᠳᠤᠮᠳᠠᠳᠤ ᠤᠯᠤᠰ ᠤᠨ ᠡᠪ ᠬᠠᠮᠲᠤ | ᠨᠠᠮ ᠤᠨ ᠤᠳᠤᠷᠢᠳᠤᠯᠭ᠎ᠠ ᠲᠠᠢ᠂ ᠨᠡᠶᠢᠭᠡᠮ | ᠲᠣᠭᠤᠷᠢᠭ ᠭᠡᠬᠦ ᠡᠨᠡ ᠬᠦ ᠴᠢᠬᠤᠯᠠ ᠦᠨᠳᠦᠰᠦᠨ | ᠱᠠᠲᠤᠨ ᠤ ᠰᠠᠭᠤᠷᠢ ᠲᠠᠢ᠂ ᠡᠪᠡᠳᠴᠢᠨ ᠤ | ᠵᠢᠱᠢᠶ᠎ᠠ ᠶᠢ ᠦᠭᠡᠢ ᠪᠤᠯᠭᠠᠬᠤ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠳᠤ | ᠴᠢᠳᠠᠪᠤᠷᠢ ᠲᠠᠢ ᠮᠥᠷᠲᠡᠭᠡᠨ ᠪᠣᠳᠠᠲᠤ | ᠬᠦᠴᠦᠨ ᠲᠠᠢ ᠪᠠᠶᠢᠵᠤ᠂ ᠡᠴᠦᠰ ᠲᠤ ᠪᠠᠨ | ᠢᠯᠠᠯᠲᠠ ᠶᠢ ᠣᠯᠬᠤ ᠶᠤᠮ ᠭᠡᠵᠦ | ᠴᠢᠬᠤᠯᠠᠴᠢᠯᠠᠪᠠ᠃ ᠰᠢ ᠶᠢᠨ ᠫᠢᠩ᠂ | ᠣᠳᠣᠬᠠᠨ ᠳᠤ ᠬᠢᠵᠢᠭ ᠤᠨ ᠪᠠᠶᠢᠳᠠᠯ | ᠬᠠᠷᠠᠬᠠᠨ ᠠᠷᠢᠯᠤᠭᠠᠳᠤᠢ᠂ ᠭᠠᠳᠠᠨ᠎ᠠ ᠠᠴᠠ | ᠬᠠᠯᠳᠠᠪᠤᠷᠢᠯᠠᠨ ᠣᠷᠣᠵᠤ ᠢᠷᠡᠬᠦ ᠶᠢ | ᠰᠡᠷᠭᠡᠶᠢᠯᠡᠬᠦ᠂ ᠳᠣᠲᠣᠭᠠᠳᠤ ᠳᠠᠭᠠᠨ | ᠲᠠᠬᠢᠨ ᠡᠭᠦᠰᠬᠦ ᠶᠢ ᠰᠡᠷᠭᠡᠶᠢᠯᠡᠬᠦ | ᠳᠠᠷᠤᠯᠲᠠ ᠪᠠᠰᠠ ᠮᠠᠰᠢ ᠶᠡᠭᠡ ᠪᠠᠶᠢᠨ᠎ᠠ᠃ | ᠪᠠᠷᠢᠮᠲᠠᠯᠠᠯ ᠪᠣᠯ ᠢᠯᠠᠯᠲᠠ ᠮᠦᠨ᠃ | ᠲᠠᠶᠢᠪᠤᠰᠢᠷᠠᠬᠤ ᠪᠤᠳᠤᠯ᠂ ᠬᠠᠯᠠᠰᠢᠷᠠᠬᠤ | ᠰᠡᠳᠭᠢᠯᠭᠡ᠂ ᠰᠤᠯᠠᠷᠠᠬᠤ ᠰᠡᠳᠭᠢᠯᠭᠡ ᠶᠢ | ᠢᠯᠠᠨ ᠳᠠᠪᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ | ᠠᠵᠢᠯ ᠢ ᠪᠣᠳᠠᠲᠠᠢ ᠠᠳᠬᠤᠨ ᠨᠠᠷᠢᠯᠢᠭ | ᠠᠳᠬᠤᠬᠤ ᠶᠢᠨ ᠬᠠᠮᠲᠤ ᠠᠵᠤ ᠠᠬᠤᠢ ᠶᠢᠨ | ᠲᠣᠭᠲᠠᠭᠤᠨ ᠡᠷᠡᠭᠦᠯ ᠬᠥᠭᠵᠢᠯᠲᠡ ᠶᠢ ᠠᠯᠢ | ᠴᠢᠳᠠᠬᠤ ᠪᠠᠷ ᠠᠬᠢᠭᠤᠯᠬᠤ ᠬᠡᠷᠡᠭᠲᠡᠢ᠃ | ᠡᠯ᠎ᠡ ᠱᠠᠲᠤᠨ ᠤ ᠨᠠᠮ ᠤᠨ ᠬᠤᠷᠢᠶ᠎ᠠ ᠪᠠ | ᠵᠠᠰᠠᠭ ᠤᠨ ᠣᠷᠳᠣᠨ ᠠᠷᠭ᠎ᠠ ᠪᠤᠳᠤᠨ ᠠᠷᠠᠳ | ᠤᠯᠠᠨ ᠢ ᠬᠠᠪᠰᠤᠷᠤᠨ ᠪᠣᠳᠠᠲᠠᠢ | ᠬᠦᠴᠢᠷᠳᠡᠯ ᠢ ᠨᠢ ᠰᠢᠢᠳᠪᠦᠷᠢᠯᠡᠨ ᠥᠭᠴᠦ᠂ | ᠠᠵᠤ ᠠᠬᠤᠢ ᠶᠢᠨ ᠬᠥᠭᠵᠢᠯᠲᠡ ᠪᠠ ᠠᠷᠠᠳ | ᠤᠯᠠᠨ ᠤ ᠦᠢᠯᠡᠳᠪᠦᠷᠢᠯᠡᠯ ᠠᠮᠢᠳᠤᠷᠠᠯ ᠳᠤ | ᠪᠠᠭ᠎ᠠ ᠨᠥᠯᠥᠭᠡ ᠦᠵᠡᠭᠦᠯᠬᠦ ᠶᠢ ᠦᠨᠡᠨ ᠬᠦ | ᠪᠠᠲᠤᠯᠠᠬᠤ ᠬᠡᠷᠡᠭᠲᠡᠢ᠃ ᠪᠢᠳᠡ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠠᠵᠢᠯ ᠢ ᠰᠠᠶᠢᠲᠤᠷ ᠨᠢᠭᠡᠳᠦᠯᠲᠡᠢ | ᠲᠥᠯᠥᠪᠵᠢᠭᠦᠯᠬᠦ ᠳᠤ ᠢᠲᠡᠭᠡᠯ ᠲᠠᠢ | ᠪᠠᠶᠢᠨ᠎ᠠ᠂ ᠡᠨᠡ ᠵᠢᠯ ᠮᠠᠨ ᠤ ᠤᠯᠤᠰ ᠤᠨ ᠠᠵᠤ | ᠠᠬᠤᠢ ᠶᠢᠨ ᠬᠥᠭᠵᠢᠯᠲᠡ ᠨᠡᠯᠢᠶᠡᠳ ᠰᠠᠶᠢᠨ | ᠲᠦᠪᠰᠢᠨ ᠳᠤ ᠬᠦᠷᠬᠦ ᠪᠠᠷ ᠴᠢᠷᠮᠠᠶᠢᠬᠤ | ᠬᠡᠷᠡᠭᠳᠡᠢ ᠭᠡᠵᠦ ᠵᠢᠭᠠᠵᠤ ᠭᠠᠷᠭᠠᠪᠠ᠃ | ᠳ᠋ᠢᠩ ᠰᠢᠤᠸᠠᠢ ᠰᠢᠶᠠᠩ ᠪᠣᠯᠤᠨ ᠲᠥᠪ ᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠪᠠᠷ᠎ᠠ ᠪᠤᠯᠵᠤ | ᠰᠢᠨᠵᠢᠯᠡᠨ ᠪᠠᠶᠢᠴᠠᠭᠠᠪᠠ᠃ |