ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠨᠢ ᠪᠠᠶᠠᠨᠬᠤᠰᠢᠭᠤ ᠰᠤᠮᠤᠨ ᠤ ᠨᠢᠭᠡᠳᠦᠮᠡᠯ ᠹᠷᠣᠨᠲ ᠤᠨ ᠦᠨᠳᠦᠰᠦᠲᠡᠨ ᠤ ᠱᠠᠰᠢᠨ ᠰᠤᠷᠲᠠᠬᠤᠨ ᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠢᠭᠠᠨ ᠵᠢᠯᠤᠭᠤᠳᠪᠠ
ᠨᠡᠶᠢᠲᠡᠯᠡᠭᠰᠡᠨ ᠴᠠᠭ᠄
2022/9/21
ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠨᠢ ᠪᠠᠶᠠᠨᠬᠤᠰᠢᠭᠤ ᠰᠤᠮᠤᠨ ᠤ ᠨᠢᠭᠡᠳᠦᠮᠡᠯ ᠹᠷᠣᠨᠲ ᠤᠨ ᠦᠨᠳᠦᠰᠦᠲᠡᠨ ᠤ ᠱᠠᠰᠢᠨ ᠰᠤᠷᠲᠠᠬᠤᠨ ᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠢᠭᠠᠨ ᠵᠢᠯᠤᠭᠤᠳᠪᠠ     9 ᠰᠠᠷ᠎ᠠ ᠶᠢᠨ 18 ᠤ ᠡᠳᠦᠷ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠱᠠᠭᠠᠷᠳᠠᠨ ᠵᠢᠯᠤᠭᠤᠳᠬᠤ ᠳᠤᠭᠤᠶᠢᠯᠠᠩ ᠨᠢ ᠮᠠᠨ ᠤ ᠰᠤᠮᠤᠨ ᠤ ᠨᠢᠭᠡᠳᠦᠮᠡᠯ ᠹᠷᠣᠨᠲ ᠤᠨ ᠠᠵᠢᠯ᠂ ᠦᠨᠳᠦᠰᠦᠲᠡᠨ ᠱᠠᠰᠢᠨ ᠰᠤᠷᠲᠠᠬᠤᠨ ᠤ ᠠᠵᠢᠯ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠱᠠᠭᠠᠷᠳᠠᠨ ᠪᠠᠶᠢᠴᠠᠭᠠᠯᠲᠠ ᠬᠢᠪᠡ᠃ ᠱᠠᠭᠠᠷᠳᠠᠨ ᠵᠢᠯᠤᠭᠤᠳᠬᠤ ᠳᠤᠭᠤᠶᠢᠯᠠᠩ ᠨᠢ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ ᠪᠠᠷ ᠳᠠᠮᠵᠢᠭᠤᠯᠤᠨ ᠮᠠᠨ ᠤ ᠰᠤᠮᠤᠨ ᠤ ᠲᠦᠷᠦᠭᠦᠸ ᠬᠠᠭᠠᠰ ᠵᠢᠯ ᠤᠨ ᠨᠢᠭᠡᠳᠦᠮᠡᠯ ᠹᠷᠣᠨᠲ ᠤᠨ ᠠᠵᠢᠯ᠂ ᠦᠨᠳᠦᠰᠦᠲᠡᠨ ᠤ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠣᠶᠢᠯᠠᠭᠠᠪᠠ᠃
      ᠳᠠᠷᠠᠭ᠎ᠠ ᠨᠢ ᠨᠢᠭᠡᠳᠦᠮᠡᠯ ᠹᠷᠣᠨᠲ ᠤᠨ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠬᠠᠷᠢᠯᠴᠠᠨ ᠰᠤᠷᠤᠯᠴᠠᠵᠤ ᠬᠠᠷᠢᠯᠴᠠᠨ ᠠᠬᠢᠭᠤᠯᠬᠤ ᠲᠤᠬᠠᠢ ᠶᠢᠨ ᠲᠠᠯᠠᠪᠠᠶ ᠶᠢᠨ ᠬᠤᠷᠠᠯ ᠢ ᠬᠤᠷᠠᠯᠳᠤᠭᠤᠯᠵᠤ᠂ ᠡᠩ ᠲᠡᠷᠢᠭᠦᠨ ᠳᠤ ᠬᠤᠷᠠᠯ ᠳᠤ ᠣᠷᠣᠯᠴᠠᠭᠰᠠᠳ ᠢ ᠵᠣᠬᠢᠶᠠᠨ ᠪᠠᠶᠢᠭᠤᠯᠤᠨ ᠨᠠᠮ ᠤᠨ ᠦᠨᠳᠦᠰᠦᠲᠡᠨ ᠤ ᠣᠨᠣᠯ ᠤᠨ ᠮᠡᠳᠡᠯᠭᠡ ᠶᠢᠨ ᠰᠢᠯᠭᠠᠯᠲᠠ ᠶᠢ ᠥᠷᠨᠢᠭᠦᠯᠵᠦ᠂ ᠳᠠᠷᠠᠭ᠎ᠠ ᠨᠢ ᠱᠠᠭᠠᠷᠳᠠᠨ ᠵᠢᠯᠤᠭᠤᠳᠬᠤ ᠳᠤᠭᠤᠶᠢᠯᠠᠩ ᠤᠨ ᠬᠢᠨ ᠮᠠᠨ ᠤ ᠰᠤᠮᠤᠨ ᠤ ᠭᠤᠣᠯ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠠᠵᠢᠯ ᠢ ᠬᠤᠪᠢᠳᠠᠨ ᠬᠠᠮᠢᠶᠠᠷᠴᠦ ᠪᠠᠶᠢᠭ᠎ᠠ ᠤᠳᠤᠷᠢᠳᠤᠯᠭ᠎ᠠ ᠲᠠᠢ ᠶᠠᠷᠢᠯᠴᠠᠭᠰᠠᠨ ᠤ ᠬᠠᠮᠳᠤ ᠮᠠᠨ ᠤ ᠰᠤᠮᠤᠨ ᠤ 2022 ᠣᠨ ᠤ ᠨᠢᠭᠡᠳᠦᠮᠡᠯ ᠹᠷᠣᠨᠲ ᠤᠨ ᠠᠵᠢᠯ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠬᠢᠵᠢᠭᠦᠯᠬᠦ ᠤᠬᠠᠮᠰᠠᠷ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃
   ᠬᠢᠨᠠᠨ ᠵᠢᠯᠤᠭᠤᠳᠬᠤ ᠳᠤᠭᠤᠶᠢᠯᠠᠩ ᠤᠨ ᠬᠢᠨ ᠮᠠᠨ ᠤ ᠰᠤᠮᠤᠨ ᠤ ᠨᠢᠭᠡᠳᠦᠮᠡᠯ ᠹᠷᠣᠨᠲ ᠤᠨ ᠠᠵᠢᠯ ᠵᠢᠴᠢ ᠦᠨᠳᠦᠰᠦᠲᠡᠨ ᠤ ᠠᠵᠢᠯ ᠢ ᠨᠤᠲᠠᠯᠠᠬᠤ ᠶᠢᠨ ᠬᠠᠮᠲᠤ ᠵᠢᠯᠤᠭᠤᠳᠬᠤ ᠰᠠᠨᠠᠯ ᠳᠤᠷᠠᠳᠴᠤ᠂ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠦᠵᠡᠯ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠨᠢᠭᠡᠳᠦᠮᠡᠯ ᠹᠷᠣᠨᠲ ᠤᠨ ᠠᠵᠢᠯ ᠢ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ ᠳᠡᠭᠡᠨ ᠦᠨᠡᠨ ᠬᠦ ᠣᠷᠣᠭᠤᠯᠵᠤ᠂ ᠤᠯᠤᠰ ᠲᠦᠷᠦ ᠶᠢᠨ ᠤᠳᠤᠷᠢᠳᠤᠮᠵᠢ ᠶᠢ ᠲᠣᠪᠤᠶᠢᠯᠭᠠᠨ᠂ ᠲᠠᠨᠢᠯᠲᠠ ᠪᠠᠨ ᠨᠡᠮᠡᠭᠳᠡᠭᠦᠯᠦᠨ ᠵᠣᠭᠰᠣᠴᠠ ᠪᠠᠨ ᠳᠡᠭᠡᠭᠰᠢᠯᠡᠭᠦᠯᠵᠦ᠂ ᠴᠢᠩᠭ᠎ᠠ ᠠᠳᠬᠤᠨ ᠪᠣᠳᠠᠲᠠᠢ ᠠᠳᠬᠤᠵᠤ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠨᠢᠭᠡᠳᠦᠮᠡᠯ ᠹᠷᠣᠨᠲ ᠤᠨ ᠠᠵᠢᠯ ᠤᠨ ᠭᠤᠣᠯᠳᠠᠯᠭ᠎ᠠ ᠲᠠᠢ ᠬᠦᠷᠢᠶ᠎ᠡ᠂ ᠪᠠᠭᠤᠷᠠᠢ ᠭᠤᠭᠴᠤᠭ᠎ᠠ ᠳᠤ ᠦᠵᠡᠯ ᠰᠠᠨᠠᠭᠠᠨ ᠤ ᠰᠢᠨ᠎ᠡ ᠶᠢ ᠡᠭᠦᠳᠬᠦ ᠠᠷᠭ᠎ᠠ ᠬᠡᠯᠪᠡᠷᠢ ᠶᠢ ᠴᠢᠷᠮᠠᠶᠢᠨ ᠨᠡᠭᠡᠭᠡᠵᠦ᠂ ᠠᠵᠢᠯ ᠤᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠨᠢᠭᠡᠳᠦᠮᠡᠯ ᠹᠷᠣᠨᠲ ᠤᠨ ᠳᠠᠪᠠᠭᠤᠯᠢᠭ ᠢ ᠪᠠᠳᠠᠷᠠᠭᠤᠯᠵᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠬᠡᠷᠡᠭᠲᠡᠢ᠃ ᠡᠭᠦᠨ ᠤ ᠬᠠᠮᠲᠤ ᠡᠯ᠎ᠡ ᠰᠤᠮᠤᠨ ᠤ ᠨᠢᠭᠡᠳᠦᠮᠡᠯ ᠹᠷᠣᠨᠲ ᠤᠨ ᠭᠡᠰᠢᠭᠦᠳ ᠮᠠᠨ ᠤ ᠰᠤᠮᠤᠨ ᠤ ᠨᠢᠭᠡᠳᠦᠮᠡᠯ ᠹᠷᠣᠨᠲ ᠤᠨ ᠠᠵᠢᠯ ᠳᠤ ᠡᠷᠬᠢᠮ ᠨᠠᠨᠳᠢᠨ ᠰᠠᠨᠠᠯ ᠢᠶᠠᠨ ᠳᠤᠷᠠᠳᠤᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号