ᠪᠠᠷᠠᠭᠤᠨ ᠦᠵᠦᠮᠦᠴᠢᠨ ᠬᠤᠰᠢᠭᠤᠨ ᠤ ᠮᠢᠬᠠᠨ ᠤ ᠦᠬᠡᠷ ᠤᠨ ᠲᠤᠭ᠎ᠠ ᠪᠠᠷᠢᠮᠲᠠ ᠶᠢ ᠴᠤᠭᠯᠠᠭᠤᠯᠬᠤ | ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ | ᠪᠦᠬᠦ ᠬᠤᠰᠢᠭᠤᠨ ᠤ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠶᠡᠭᠡ ᠪᠠᠷ ᠠᠬᠢᠭᠤᠯᠬᠤ ᠶᠢᠨ | ᠲᠥᠯᠥᠭᠡ᠂ ᠣᠶᠤᠨᠲᠤ ᠮᠠᠯ ᠠᠵᠤ ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠠᠮᠢ ᠠᠬᠤᠢ᠂ | ᠦᠢᠯᠡᠳᠪᠦᠷᠢᠯᠡᠯ᠂ ᠠᠮᠢᠳᠤᠷᠠᠯ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠂ ᠣᠳᠣ ᠣᠶᠤᠨᠴᠢᠯᠠᠭᠰᠠᠨ ᠮᠠᠯ | ᠠᠵᠤ ᠠᠬᠤᠢ ᠶᠢᠨ ᠮᠢᠬᠠᠨ ᠤᠦᠬᠡᠷ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠪᠦᠬᠦ ᠬᠤᠰᠢᠭᠤᠨ ᠤ | ᠰᠠᠭᠤᠷᠢ ᠡᠬᠡ ᠮᠠᠯ ᠵᠢᠴᠢ ᠡᠭᠦᠯᠳᠡᠷ ᠤᠨ ᠪᠤᠬ᠎ᠠ ᠶᠢᠨ ᠲᠤᠭ᠎ᠠ ᠬᠡᠮᠵᠢᠶ᠎ᠡ᠂ ᠡᠭᠦᠯᠳᠡᠷ᠂ ᠠᠯᠭᠧᠪᠷᠠ ᠵᠡᠷᠭᠡ ᠰᠠᠭᠤᠷᠢ | ᠲᠤᠭ᠎ᠠ ᠪᠠᠷᠢᠮᠲᠠ ᠴᠤᠭᠯᠠᠭᠤᠯᠬᠤ ᠠᠵᠢᠯ ᠢ ᠥᠷᠨᠢᠭᠦᠯᠵᠦ᠂ ᠪᠦᠬᠦ ᠬᠤᠰᠢᠭᠤᠨ ᠤ ᠰᠠᠭᠤᠷᠢ ᠡᠬᠡ ᠮᠠᠯ ᠵᠢᠴᠢ ᠪᠤᠬ᠎ᠠ ᠶᠢ | ᠡᠷᠦᠬᠡ ᠳᠠᠷᠠᠭᠠᠯᠠᠨ ᠨᠡᠶᠢᠳᠡᠮ ᠪᠠᠶᠢᠴᠠᠭᠠᠵᠤ ᠳᠠᠩᠰᠠ ᠡᠪᠬᠡᠮᠡᠯ ᠪᠠᠶᠢᠭᠤᠯᠬᠤ ᠶᠢᠨ ᠬᠠᠮᠲᠤ ᠰᠠᠭᠤᠷᠢ ᠡᠬᠡ ᠮᠠᠯ ᠪᠠ | ᠡᠭᠦᠯᠳᠡᠷ ᠤᠨ ᠪᠤᠬ᠎ᠠ ᠳᠤ ᠡᠯᠧᠺᠲᠷᠣᠨ ᠴᠢᠬᠢᠨ ᠲᠡᠮᠳᠡᠭ ᠵᠡᠭᠦᠯᠭᠡᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ | ᠪᠡᠶᠡᠯᠡᠭᠦᠯᠦᠭᠰᠡᠨ ᠦᠬᠡᠷ ᠤᠨ ᠲᠤᠭ᠎ᠠ ᠪᠠᠷᠢᠮᠲᠠ ᠶᠢ ᠮᠡᠳᠡᠭᠡ ᠵᠠᠩᠭᠢ ᠶᠢᠨ ᠲᠠᠪᠴᠠᠩ ᠳᠤ ᠳᠠᠮᠵᠢᠭᠤᠯᠵᠤ᠂ ᠠᠵᠤ | ᠦᠢᠯᠡᠰ ᠤᠨ ᠲᠥᠷᠥ ᠶᠢᠨ ᠪᠣᠳᠣᠯᠭ᠎ᠠ ᠪᠠᠷ ᠳᠠᠮᠵᠢᠭᠤᠯᠤᠨ ᠲᠡᠵᠢᠭᠡᠨ ᠦᠷᠡᠵᠢᠭᠦᠯᠬᠦ ᠡᠷᠦᠬᠡ᠂ ᠬᠤᠷᠰᠢᠶᠠᠵᠢᠯ᠂ | ᠬᠦᠢᠳᠡᠨ ᠬᠦᠮᠦᠷᠭᠡ᠂ ᠬᠥᠲᠥᠴᠢ ᠠᠵᠤ ᠠᠬᠤᠶᠢᠯᠠᠯ ᠵᠡᠷᠭᠡ ᠳᠤ ᠠᠰᠢᠭ ᠲᠤᠰᠠ ᠶᠢᠨ ᠬᠤᠯᠪᠣᠯᠲᠠ ᠶᠢᠨ | ᠲᠣᠭᠲᠠᠴᠠ ᠶᠢ ᠪᠣᠶ ᠪᠣᠯᠭᠠᠵᠤ᠂ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠪᠠ ᠮᠠᠯ ᠠᠵᠤ ᠠᠬᠤᠢ ᠶᠢᠨ | ᠲᠣᠮᠣ ᠲᠤᠭ᠎ᠠ ᠪᠠᠷᠢᠮᠲᠠ ᠳᠤ ᠰᠠᠭᠤᠷᠢ ᠲᠤᠯᠭᠠᠭᠤᠷᠢᠯᠠᠯ ᠬᠠᠩᠭᠠᠨ᠎ᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠲᠤᠤᠱᠯᠠᠭᠤᠯᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠭᠠᠷᠳᠠᠴᠠ | ᠪᠤᠯᠭᠠᠨ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠵᠣᠷᠢᠯᠲᠠ ᠪᠣᠯᠭᠠᠵᠤ᠂ ᠵᠠᠰᠠᠭ ᠤᠨ ᠣᠷᠳᠣᠨ ᠤ | ᠨᠡᠶᠢᠭᠡᠮᠴᠢᠯᠡᠭᠰᠡᠨ ᠦᠢᠯᠡᠴᠢᠯᠡᠭᠡ ᠶᠢ ᠬᠤᠳᠠᠯᠳᠤᠨ ᠠᠪᠬᠤ ᠬᠡᠯᠪᠡᠷᠢ ᠪᠠᠷ ᠳᠠᠮᠵᠢᠭᠤᠯᠤᠨ᠂ ᠣᠶᠤᠨᠴᠢᠯᠠᠭᠰᠠᠨ ᠮᠠᠯ | ᠠᠵᠤ ᠠᠬᠤᠢ ᠶᠢᠨ ᠮᠢᠬᠠᠨ ᠤ ᠦᠬᠡᠷ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠬᠠᠪᠰᠤᠷᠤᠨ | ᠪᠠᠶᠢᠭᠤᠯᠵᠤ᠂ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠪᠣᠯᠣᠨ ᠢᠨᠲ᠋ᠥᠷ ᠰᠦᠯᠵᠢᠶ᠎ᠡ ᠵᠡᠷᠭᠡ ᠮᠡᠳᠡᠭᠡ | ᠵᠠᠩᠭᠢᠵᠢᠯᠲᠠ ᠶᠢᠨ ᠮᠡᠷᠭᠡᠵᠢᠯ ᠢ ᠠᠰᠢᠭᠯᠠᠨ᠂ ᠪᠦᠭᠦ ᠬᠤᠰᠢᠭᠤᠨ ᠤ ᠰᠠᠭᠤᠷᠢ ᠦᠨᠢᠶ᠎ᠡ ᠲᠡᠵᠢᠭᠡᠨ ᠦᠷᠡᠵᠢᠭᠦᠯᠵᠦ | ᠪᠠᠶᠢᠭ᠎ᠠ ᠪᠠᠶᠢᠳᠠᠯ ᠤᠨ ᠰᠠᠭᠤᠷᠢ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢ ᠪᠡᠶᠡᠯᠡᠭᠦᠯᠵᠦ᠂ ᠬᠠᠷᠢᠶᠠᠲᠤ ᠣᠷᠣᠨ ᠤ | ᠦᠬᠡᠷ ᠤᠨ ᠲᠣᠯᠣᠭᠠᠢ ᠶᠢᠨ ᠠᠯᠭᠧᠪᠷᠠ ᠶᠢᠨ ᠬᠠᠮᠢᠶᠠᠷᠤᠯᠲᠠ ᠪᠣᠯᠣᠨ ᠮᠠᠯ ᠤᠨ ᠠᠰᠢᠭ ᠰᠢᠮ᠎ᠡ ᠶᠢ ᠮᠥᠷᠳᠡᠬᠦ | ᠰᠢᠰᠲ᠋ᠧᠮ ᠢ ᠪᠠᠶᠢᠭᠤᠯᠵᠤ᠂ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠲᠤᠰᠬᠠᠶᠢᠵᠢᠭᠰᠠᠨ ᠪᠠ | ᠨᠠᠷᠠᠲᠤ ᠲᠡᠮᠳᠡᠭᠴᠢᠯᠡᠭᠰᠡᠨ ᠡᠵᠡᠩᠨᠡᠯᠲᠡ ᠶᠢ ᠵᠢᠯᠤᠭᠤᠳᠴᠤ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠷᠭᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ | ᠬᠤᠶᠠᠷ᠂ ᠬᠠᠷᠠᠯᠲᠠ ᠡᠭᠦᠷᠭᠡ | ᠪᠥᠬᠦ ᠬᠤᠰᠢᠭᠤᠨ ᠤ ᠰᠠᠶᠢᠨ ᠡᠭᠦᠯᠳᠡᠷ ᠤᠨ ᠰᠠᠭᠤᠷᠢ ᠡᠬᠡ ᠮᠠᠯ᠂ ᠡᠭᠦᠯᠳᠡᠷ ᠤᠨ ᠪᠤᠬ᠎ᠠ ᠳᠤ ᠨᠡᠶᠢᠳᠡᠮ | ᠪᠠᠶᠢᠴᠠᠭᠠᠯᠲᠠ ᠬᠢᠵᠦ ᠦᠨᠡᠯᠡᠨ ᠲᠣᠭᠲᠠᠭᠠᠬᠤ᠂ ᠴᠢᠬᠢᠨ ᠲᠡᠮᠳᠡᠭ ᠵᠡᠭᠦᠯᠭᠡᠬᠦ᠂ ᠮᠡᠳᠡᠭᠡ ᠵᠠᠩᠭᠢ ᠶᠢ ᠣᠷᠣᠭᠤᠯᠬᠤ ᠶᠢᠨ | ᠬᠠᠮᠲᠤ ᠳᠡᠩᠰᠡᠯᠡᠨ ᠺᠠᠷᠲᠯᠠᠬᠤ ᠵᠡᠷᠭᠡ ᠰᠢᠷᠢᠰ ᠠᠵᠢᠯ ᠢ ᠬᠢᠵᠦ᠂ ᠦᠬᠡᠷ ᠨᠢᠭᠡᠪᠦᠷᠢ ᠳᠤ ᠪᠠᠷᠢᠮᠵᠢᠶᠠᠲᠤ ᠮᠡᠳᠡᠭᠡ | ᠵᠠᠩᠭᠢ ᠶᠢᠨ ᠲᠠᠩᠰᠠ ᠡᠪᠬᠡᠮᠡᠯ ᠪᠠᠶᠢᠭᠤᠯᠤᠨ᠂ ᠨᠡᠶᠢᠳᠡᠮ ᠪᠠᠶᠢᠴᠠᠭᠠᠯᠲᠠ ᠶᠢᠨ ᠦᠬᠡᠷ ᠲᠤ ᠵᠥᠪᠬᠡᠨ ᠡᠯᠧᠺᠲᠷᠣᠨ | ᠴᠢᠬᠢᠨ ᠲᠡᠮᠳᠡᠭ ᠵᠡᠭᠦᠯᠭᠡᠬᠦ ᠶᠢᠨ ᠬᠠᠮᠲᠤ᠂ ᠵᠠᠰᠠᠭ ᠤᠨ ᠣᠷᠳᠣᠨ ᠪᠤᠶᠤ ᠠᠵᠢᠯ ᠲᠥᠷᠥᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠵᠠᠷᠴᠢᠮ ᠶᠣᠰᠣᠭᠠᠷ ᠡᠭᠦᠯᠳᠡᠷ ᠵᠢᠴᠢ ᠠᠯᠭᠧᠪᠷᠠ ᠶᠢᠨ ᠦᠨᠡᠯᠡᠨ | ᠲᠣᠭᠲᠠᠭᠠᠯᠲᠠ ᠬᠢᠨ᠎ᠡ᠃ ᠲᠣᠰ ᠠᠵᠢᠯ ᠢ 2023 ᠣᠨ ᠤ 10 ᠰᠠᠷ᠎ᠠ ᠶᠢᠨ ᠰᠡᠭᠦᠯᠴᠢ ᠠᠴᠠ ᠡᠮᠦᠨ᠎ᠡ | ᠳᠠᠭᠤᠰᠬᠠᠬᠤ ᠪᠠᠷ ᠲᠥᠯᠥᠪᠯᠡᠵᠦ ᠪᠣᠶ᠃ | ᠭᠤᠷᠪᠠ᠂ ᠨᠡᠶᠢᠳᠡᠮ ᠪᠠᠶᠢᠴᠠᠭᠠᠬᠤ ᠡᠲᠡᠭᠡᠳ | ᠪᠥᠬᠦ ᠬᠤᠰᠢᠭᠤᠨ ᠳᠤ ᠭᠤᠤᠯᠳᠠᠯᠭᠠᠳᠤ ᠰᠦᠷᠦᠭ ᠤᠨ ᠮᠢᠬᠠᠨ ᠤ ᠦᠬᠡᠷ ᠵᠢᠴᠢ ᠰᠢᠮᠧᠨ᠋ᠲ᠋ᠠᠷ᠂ ᠱᠠᠷᠣᠯᠠᠶ᠂ ᠠᠩᠭᠧᠰ | ᠵᠡᠷᠭᠡ 5 ᠲᠦᠮᠡᠨ ᠰᠠᠶᠢᠨ ᠡᠭᠦᠯᠳᠡᠷ ᠤᠨ ᠮᠢᠬᠠᠨ ᠤ ᠦᠬᠡᠷ ᠪᠠᠶᠢᠨ᠎ᠠ᠃ ᠡᠭᠦᠨ ᠳᠤ᠄ | ︵ᠨᠢᠭᠡ︶ ᠠᠶᠢᠮᠠᠭ᠂ ᠬᠤᠰᠢᠭᠤ ᠬᠤᠶᠠᠷ ᠱᠠᠲᠤᠨ ᠤ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠭᠤᠤᠯᠳᠠᠯᠭᠠᠳᠤ | ᠰᠦᠷᠦᠭ᠃ | ︵ᠬᠤᠶᠠᠷ︶ ᠰᠢᠯᠢᠳᠡᠭ ᠡᠭᠦᠯᠳᠡᠷ ᠤᠨ ᠱᠠᠷᠤᠯᠠᠢ ᠦᠬᠡᠷ ᠲᠡᠵᠢᠭᠡᠨ ᠦᠷᠡᠵᠢᠭᠦᠯᠬᠦ ᠡᠷᠦᠬᠡ᠃ | ︵ᠭᠤᠷᠪᠠ︶ ᠰᠢᠯᠢᠳᠡᠭ ᠡᠭᠦᠯᠳᠡᠷ ᠤᠨ ᠠᠩᠭᠧᠰ ᠦᠬᠡᠷ ᠲᠡᠵᠢᠭᠡᠨ ᠦᠷᠡᠵᠢᠭᠦᠯᠬᠦ ᠡᠷᠦᠬᠡ᠃ | ︵ᠳᠥᠷᠪᠡ︶ ᠵᠢᠯ ᠳᠤ100 ᠲᠣᠯᠣᠭᠠᠢ ᠠᠴᠠ ᠳᠡᠭᠡᠭᠰᠢ ᠰᠢᠮᠧᠨ᠋ᠲ᠋ᠠᠷ ᠦᠬᠡᠷ ᠢ ᠲᠡᠵᠢᠭᠡᠵᠦ᠂ 50 ᠲᠣᠯᠣᠭᠠᠢ ᠠᠴᠠ | ᠳᠡᠭᠡᠭᠰᠢ ᠦᠬᠡᠷ ᠪᠤᠷᠤᠯᠠᠭᠤᠯᠤᠭᠰᠠᠨ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠃ | ᠳᠥᠷᠪᠡ᠂ ᠵᠣᠷᠢᠯᠭ᠎ᠠ ᠶᠢᠨ ᠠᠴᠢ ᠬᠤᠯᠪᠣᠭᠳᠠᠯ | ᠮᠢᠬᠠᠨ ᠤ ᠦᠬᠡᠷ ᠢ ᠨᠡᠶᠢᠳᠡᠮ ᠪᠠᠶᠢᠴᠠᠭᠠᠵᠤ ᠦᠨᠡᠯᠡᠨ ᠲᠣᠭᠲᠠᠭᠠᠬᠤ᠂ ᠴᠢᠬᠢᠨ ᠲᠡᠮᠳᠡᠭ ᠵᠡᠭᠦᠯᠭᠡᠬᠦ᠂ ᠳᠠᠩᠰᠠ | ᠡᠪᠬᠡᠮᠡᠯ ᠪᠠᠶᠢᠭᠤᠯᠤᠨ ᠺᠠᠷᠲ ᠵᠣᠬᠢᠶᠠᠬᠤ ᠵᠡᠷᠭᠡ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠦᠬᠡᠷ ᠪᠦᠷᠢ ᠳᠤ | ᠪᠠᠷᠢᠮᠵᠢᠶᠠᠲᠤ ᠮᠡᠳᠡᠭᠡ ᠵᠠᠩᠭᠢ ᠶᠢᠨ ᠳᠠᠩᠰᠠ ᠡᠪᠬᠡᠮᠡᠯ ᠪᠠᠶᠢᠭᠤᠯᠵᠤ᠂ ᠰᠠᠶᠢᠨ ᠡᠭᠦᠯᠳᠡᠷ ᠤᠨ ᠮᠢᠬᠠᠨ ᠤ ᠦᠬᠡᠷ ᠤᠨ | ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢ ᠪᠡᠶᠡᠯᠡᠭᠦᠯᠵᠦ᠂ ᠮᠢᠬᠠᠨ ᠤ ᠦᠬᠡᠷ ᠤᠨ ᠠᠵᠤ ᠦᠢᠯᠡᠰ ᠤᠨ ᠲᠡᠵᠢᠭᠡᠨ | ᠦᠷᠡᠵᠢᠭᠦᠯᠬᠦ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠵᠢᠯᠣᠭᠤᠳᠤᠨ᠂ ᠮᠢᠬᠠᠨ ᠤ ᠦᠬᠡᠷ ᠤᠨ ᠶᠠᠰᠤ ᠴᠢᠨᠠᠷ ᠪᠠ | ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠤᠨ᠂ ᠬᠢᠵᠢᠭ ᠢ | ᠰᠡᠷᠭᠡᠶᠢᠯᠡᠬᠦ ᠶᠢ ᠴᠢᠩᠭᠠᠳᠬᠠᠨ᠂ ᠲᠡᠵᠢᠭᠡᠨ ᠠᠷᠠᠴᠢᠯᠠᠬᠤ ᠬᠠᠮᠢᠶᠠᠷᠤᠯᠲᠠ ᠶᠢ ᠵᠢᠷᠤᠮᠵᠢᠭᠤᠯᠦᠨ᠂ ᠮᠢᠬᠠᠨ ᠤ ᠦᠬᠡᠷ ᠤᠨ | ᠲᠡᠵᠢᠭᠡᠨ ᠦᠷᠡᠵᠢᠭᠦᠯᠬᠦ ᠣᠳᠣᠬᠢᠴᠢᠯᠠᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ | ᠬᠡᠪᠴᠢᠶᠡᠵᠢᠭᠦᠯᠦᠭᠰᠡᠨ᠂ ᠪᠠᠷᠢᠮᠵᠢᠶᠠᠵᠢᠭᠤᠯᠤᠭᠰᠠᠨ᠂ ᠣᠶᠤᠨᠴᠢᠯᠠᠭᠰᠠᠨ ᠲᠡᠵᠢᠭᠡᠨ ᠦᠷᠡᠵᠢᠭᠦᠯᠬᠦ ᠠᠵᠢᠯ ᠢ ᠨᠠᠩ | ᠰᠠᠶᠢᠲᠤᠷ ᠥᠷᠨᠢᠭᠦᠯᠦᠨ᠎ᠡ᠃ | ︵ᠨᠢᠭᠡ︶ ᠳ᠋ᠠᠶᠢᠲ᠋ᠠᠴᠢᠯᠠᠭᠰᠠᠨ ᠬᠠᠮᠢᠶᠠᠷᠤᠯᠲᠠ ᠶᠢ ᠶᠠᠪᠤᠭᠳᠠᠭᠤᠯᠤᠨ᠎ᠠ᠃ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ | ᠪᠣᠯᠣᠨ ᠢᠨᠲ᠋ᠧᠷ ᠰᠦᠯᠵᠢᠶ᠎ᠡ ᠵᠡᠷᠭᠡ ᠮᠡᠳᠡᠭᠡ ᠵᠠᠩᠭᠢᠵᠢᠯᠲᠠ ᠶᠢᠨ ᠮᠡᠷᠭᠡᠵᠢᠯ ᠢ ᠠᠰᠢᠭᠯᠠᠨ ᠪᠦᠭᠦ ᠬᠤᠰᠢᠭᠤᠨ ᠤ | ᠰᠠᠭᠤᠷᠢ ᠦᠨᠢᠶ᠎ᠡ ᠲᠡᠵᠢᠭᠡᠨ ᠦᠷᠡᠵᠢᠭᠦᠯᠵᠦ ᠪᠠᠶᠢᠭ᠎ᠠ ᠪᠠᠶᠢᠳᠠᠯ ᠳᠤ ᠲᠤᠭ᠎ᠠ ᠪᠠᠷᠢᠮᠲᠠ ᠶᠢᠨ ᠬᠠᠮᠢᠶᠠᠷᠤᠯᠲᠠ ᠬᠢᠵᠦ᠂ | ᠰᠠᠭᠤᠷᠢ ᠦᠨᠢᠶ᠎ᠡ ᠶᠢᠨ ᠲᠤᠭ᠎ᠠ ᠬᠡᠮᠵᠢᠶ᠎ᠡ᠂ ᠡᠭᠦᠯᠳᠡᠷ᠂ ᠠᠯᠭᠧᠪᠷᠠ ᠪᠣᠯᠣᠨ ᠲᠠᠷᠬᠠᠯᠲᠠ ᠳᠤ ᠮᠡᠳᠡᠭᠡ ᠵᠠᠩᠭᠢ ᠶᠢᠨ | ᠮᠥᠷᠳᠡᠯᠲᠡ ᠶᠢᠨ ᠲᠡᠮᠳᠡᠭᠯᠡᠯ ᠬᠢᠵᠦ᠂ ᠲᠣᠮᠣ ᠲᠤᠭ᠎ᠠ ᠪᠠᠷᠢᠮᠲᠠ ᠶᠢᠨ ᠵᠠᠳᠠᠯᠤᠯᠲᠠ ᠪᠠᠷ ᠳᠠᠮᠵᠢᠭᠤᠯᠤᠨ ᠮᠢᠬᠠᠨ ᠤ | ᠦᠬᠡᠷ ᠤᠨ ᠠᠵᠤ ᠦᠢᠯᠡᠰ ᠤᠨ ᠬᠥᠭᠵᠢᠯᠲᠡ ᠳᠤ ᠰᠢᠢᠳᠪᠦᠷᠢᠲᠦ ᠪᠣᠳᠣᠯᠭ᠎ᠠ ᠶᠢᠨ ᠲᠤᠭ᠎ᠠ ᠪᠠᠷᠢᠮᠲᠠ ᠶᠢᠨ | ᠲᠤᠯᠭᠠᠭᠤᠷᠢᠯᠠᠯ ᠬᠠᠩᠭᠠᠨ᠎ᠠ᠃ | ︵ᠬᠤᠶᠠᠷ︶ ᠢᠷᠡᠭᠡᠳᠦᠢ ᠳᠤ ᠮᠥᠷᠳᠡᠨ ᠤᠬᠤᠴᠢᠯᠠᠬᠤ ᠰᠢᠰᠲ᠋ᠧᠮ ᠢ ᠪᠠᠶᠢᠭᠤᠯᠤᠨ᠎ᠠ ︵ᠲᠤᠷᠰᠢᠯᠲᠠ ᠶᠢᠨ ᠴᠢᠭ ᠤᠨ | ᠢᠨᠵᠧᠨᠧᠷᠢᠩ︶ ᠃ ᠤᠶᠤᠯᠢᠭ ᠮᠠᠯ ᠠᠵᠤ ᠠᠬᠤᠢ ᠶᠢᠨ ᠮᠢᠬᠠᠨ ᠤ ᠦᠬᠡᠷ ᠤᠨ ᠬᠠᠮᠢᠶᠠᠷᠤᠯᠲᠠ ᠶᠢᠨ ᠰᠢᠰᠲ᠋ᠧᠮ ᠢ | ᠠᠰᠢᠭᠯᠠᠨ ᠮᠢᠬᠠᠨ ᠤ ᠦᠬᠡᠷ ᠤᠨ ᠪᠤᠶᠢᠵᠢᠯᠲᠠ ᠶᠢᠨ ᠪᠥᠬᠦ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢ | ᠣᠨᠣᠪᠴᠢᠲᠠᠶ ᠡᠵᠡᠮᠰᠢᠵᠦ᠂ ᠢᠯᠠᠩᠭᠤᠶ᠎ᠠ ᠮᠢᠬᠠᠨ ᠤ ᠦᠬᠡᠷ ᠤᠨ ᠡᠭᠡᠯᠢᠯᠡᠭᠡ᠂ ︵ᠡᠭᠡᠯᠢᠯᠡᠭᠡ ᠶᠢᠨ ᠴᠠᠭ᠂ ᠸᠠᠺᠼᠢᠨ ᠤ | ᠲᠥᠷᠥᠯ ᠵᠦᠢᠯ᠂ ᠢᠯᠠᠩᠭᠤᠶ᠎ᠠ ᠦᠬᠡᠷ ᠤᠨ ᠲᠣᠯᠣᠭᠠᠢ ᠳᠤ ᠵᠥᠪᠬᠡᠨ ᠪᠷᠦ᠋ᠼᠧᠯ ᠰᠠᠪᠬᠠᠨᠴᠢᠷ ᠪᠠᠺᠲ᠋ᠧᠷᠢ A19 | ᠸᠠᠺᠼᠢᠨ ᠤ ᠡᠭᠡᠯᠢᠯᠡᠭᠡ ᠶᠢᠨ ᠲᠠᠷᠢᠯᠭ᠎ᠠ ᠬᠢᠬᠦ︶ ᠠᠮᠢᠳᠤ ᠮᠠᠯ ᠤᠨ ᠠᠷᠠᠯᠵᠢᠶ᠎ᠠ᠂ ᠨᠢᠲᠤᠯᠬᠤ᠂ ᠪᠣᠯᠪᠠᠰᠤᠷᠠᠭᠤᠯᠬᠤ᠂ | ᠵᠥᠭᠡᠭᠡᠪᠦᠷᠢᠯᠡᠬᠦ᠂ ᠬᠡᠲᠦ ᠳᠡᠯᠭᠡᠭᠦᠷ᠂ ᠬᠤᠭᠤᠯᠠᠨ ᠰᠢᠷᠡᠭᠡ ᠵᠡᠷᠭᠡ ᠳᠤ ᠦᠵᠦᠭᠦᠷ ᠲᠤᠨᠢ ᠲᠤᠯᠲᠠᠯ᠎ᠠ ᠨᠡᠬᠡᠮᠵᠢᠯᠡᠬᠦ | ᠰᠢᠰᠲ᠋ᠧᠮ ᠢ ᠪᠠᠶᠢᠭᠤᠯᠤᠨ᠎ᠠ᠃ APP ᠰᠦᠯᠵᠢᠶᠡᠨ ᠳᠡᠭᠡᠷᠡᠬᠢ ᠬᠠᠪᠰᠤᠷᠤᠨ ᠵᠢᠯᠣᠭᠤᠳᠤᠯᠭ᠎ᠠ ᠪᠠ | ᠪᠣᠯᠪᠠᠰᠤᠷᠠᠭᠤᠯᠤᠯ ᠢᠶᠠᠷ ᠳᠡᠮᠵᠢᠨ᠂ ᠲᠡᠵᠢᠭᠡᠨ ᠦᠷᠡᠵᠢᠭᠦᠯᠬᠦ ᠡᠷᠦᠬᠡ ᠶᠢᠨ ᠨᠠᠷᠢᠯᠢᠭ ᠲᠡᠵᠢᠭᠡᠨ ᠦᠷᠡᠵᠢᠭᠦᠯᠬᠦ | ᠮᠡᠷᠭᠡᠵᠢᠯ ᠤᠨ ᠬᠢᠷᠢ ᠬᠡᠮᠵᠢᠶ᠎ᠡ ᠪᠠ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ | ᠲᠡᠵᠢᠭᠡᠨ ᠠᠷᠠᠴᠢᠯᠠᠬᠤ ᠥᠪᠡᠷ ᠤᠨ ᠥᠷᠲᠡᠭ ᠢ ᠪᠠᠭᠤᠷᠠᠭᠤᠯᠤᠨ᠂ ᠲᠡᠵᠢᠭᠡᠨ ᠦᠷᠡᠵᠢᠭᠦᠯᠬᠦ ᠦᠷ᠎ᠡ ᠠᠰᠢᠭ ᠢ | ᠳᠡᠭᠡᠭᠰᠢᠯᠡᠭᠦᠯᠦᠨ᠎ᠡ᠃ | ︵ᠭᠤᠷᠪᠠ︶ ᠢᠷᠡᠭᠡᠳᠦᠢ ᠳᠤ ᠠᠰᠢᠭ ᠲᠤᠰᠠ ᠶᠢᠨ ᠬᠤᠯᠪᠣᠭ᠎ᠠ ᠶᠢᠨ ᠲᠣᠭᠲᠠᠴᠠ ᠶᠢ ᠪᠦᠷᠢᠯᠳᠦᠭᠦᠯᠦᠨ᠎ᠡ ︵ | ᠲᠤᠷᠰᠢᠯᠲᠠ ᠶᠢᠨ ᠢᠨᠵᠧᠨᠧᠷᠢᠩ︶᠃ ᠪᠥᠬᠦ ᠬᠤᠰᠢᠭᠤᠨ ᠤ ᠰᠠᠶᠢᠨ ᠡᠭᠦᠯᠳᠡᠷ ᠤᠨ ᠮᠢᠬᠠᠨ ᠤ ᠦᠬᠡᠷ ᠲᠤ | ᠡᠯᠧᠺᠲᠷᠣᠨ ᠴᠢᠬᠢᠨ ᠲᠡᠮᠳᠡᠭ ᠵᠡᠭᠦᠯᠭᠡᠬᠦ ᠪᠠᠷ ᠳᠠᠮᠵᠢᠭᠤᠯᠤᠨ᠂ ᠪᠣᠶ ᠪᠦᠬᠦᠢ ᠦᠬᠡᠷ ᠢ ︽ᠬᠢᠷᠢ ᠬᠡᠮ ᠲᠠᠢ ᠦᠬᠡᠷ︾ | ᠪᠣᠯᠭᠠᠬᠤ ᠶᠢᠨ ᠬᠠᠮᠲᠤ ᠡᠭᠦᠯᠳᠡᠷ ᠢ ᠦᠨᠡᠯᠡᠨ ᠲᠣᠭᠲᠠᠭᠠᠭᠰᠠᠨ ᠤ ᠳᠠᠷᠠᠭ᠎ᠠ᠂ ᠴᠢᠨᠠᠷ ᠰᠠᠶᠢᠲᠠᠢ ᠰᠠᠶᠢᠨ ᠡᠭᠦᠯᠳᠡᠷ ᠤᠨ | ᠮᠢᠬᠠᠨ ᠤ ᠦᠬᠡᠷ ᠢ ᠠᠰᠢᠭ ᠲᠤᠰᠠ ᠶᠢᠨ ᠬᠤᠯᠪᠣᠭ᠎ᠠ ᠶᠢᠨ ᠲᠣᠭᠲᠠᠴᠠ ᠶᠢᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢᠨ ᠦᠬᠡᠷ ᠤᠨ ᠬᠡᠪᠴᠢᠶᠡᠨ ᠳᠤ ᠣᠷᠣᠭᠤᠯᠵᠤ᠂ ᠲᠤᠬᠠᠢ ᠶᠢᠨ ᠭᠠᠵᠠᠷ ᠤᠨ ᠡᠭᠦᠯᠳᠡᠷ ᠪᠣᠶᠢᠵᠢᠭᠤᠯᠬᠤ᠂ | ᠪᠣᠷᠳᠣᠬᠤ᠂ ᠨᠢᠲᠤᠯᠬᠤ᠂ ᠡᠳ᠋ᠰᠢᠭᠦᠯᠬᠦ ᠠᠵᠤ ᠠᠬᠤᠶᠢᠯᠠᠯ ᠯᠤᠭ᠎ᠠ ᠠᠰᠢᠭ ᠲᠤᠰᠠ ᠶᠢᠨ ᠬᠤᠯᠪᠣᠭ᠎ᠠ ᠶᠢᠨ | ᠲᠣᠭᠲᠠᠴᠠ ᠶᠢ ᠪᠠᠶᠢᠭᠤᠯᠤᠨ᠎ᠠ᠃ | ᠲᠠᠪᠤ᠂ ᠨᠡᠶᠢᠳᠡᠮ ᠪᠠᠶᠢᠴᠠᠭᠠᠯᠲᠠ ᠶᠢᠨ ᠠᠭᠤᠯᠭ᠎ᠠ | ︵ᠨᠢᠭᠡ︶ ᠲᠠᠷᠢᠶᠠᠯᠠᠩ ᠮᠠᠯ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠰᠢᠭᠤ | ᠬᠠᠷᠢᠶ᠎ᠠ ᠣᠷᠣᠨ ᠤ ᠲᠥᠷᠥᠯ ᠵᠦᠢᠯ ᠤᠨ ᠭᠤᠣᠯ ᠰᠢᠷᠢᠰ ᠵᠢᠴᠢ ᠪᠣᠳᠠᠭᠠᠯᠢ ᠪᠡᠶ᠎ᠡ ᠶᠢᠨ ᠵᠠᠩᠭᠢᠯᠠᠭ᠎ᠠ ᠶᠢᠨ ᠭᠦᠢᠴᠡᠳᠬᠡᠯ | ᠲᠤᠭ᠎ᠠ ︵ᠵᠢᠱᠢᠶᠡᠯᠡᠪᠡᠯ ᠤᠷᠤᠭ᠎ᠠ ᠤᠷᠤᠬᠤ ᠤᠳᠠᠭ᠎ᠠ᠂ ᠥᠩᠭᠡ᠂ ᠬᠦᠢᠰᠦ ᠶᠢᠨ ᠢᠯᠭᠠᠯ᠂ ᠰᠠᠷ᠎ᠠ ᠵᠢᠯ ᠵᠡᠷᠭᠡ︶ ᠶᠢ | ᠲᠣᠳᠣᠷᠬᠠᠶᠢᠯᠠᠬᠤ ᠶᠢᠨ ᠬᠠᠮᠲᠤ ᠲᠥᠷᠥᠯ ᠵᠦᠢᠯ᠂ ᠣᠷᠤᠭ᠎ᠠ ᠤᠷᠤᠬᠤ ᠤᠳᠠᠭ᠎ᠠ ᠳᠤ ᠲᠠᠶᠢᠯᠤᠮᠵᠢ ᠬᠢᠵᠦ᠂ | ᠲᠣᠳᠣᠷᠬᠠᠶᠢᠯᠠᠯᠲᠠ ᠬᠢᠨ᠎ᠡ᠃ ᠭᠤᠣᠯ ᠰᠦᠷᠦᠭ ᠪᠤᠶᠤ ᠭᠠᠳᠠᠭᠠᠳᠤ ᠠᠴᠠ ᠣᠷᠣᠭᠤᠯᠤᠭᠰᠠᠨ ᠦᠬᠡᠷ ᠤᠨ ᠡᠭᠦᠯᠳᠡᠷ ᠤᠨ | ᠤᠳᠤᠮ ᠢ ᠬᠤᠰᠢᠭᠤ ᠮᠠᠯ ᠠᠵᠤ ᠠᠬᠤᠢ ᠶᠢᠨ ᠠᠵᠢᠯ ᠤᠨ ᠥᠷᠲᠡᠭᠡᠨ ᠤ ᠲᠠᠩᠰᠠ ᠡᠪᠬᠡᠮᠡᠯ ᠤᠨ ᠲᠡᠮᠳᠡᠭᠯᠡᠯ ᠢᠶᠠᠷ | ᠪᠠᠷᠢᠮᠵᠢᠶ᠎ᠠ ᠪᠣᠯᠭᠠᠨ᠎ᠠ᠃ | ︵ᠬᠤᠶᠠᠷ︶ ᠡᠷᠥᠭᠡ ᠪᠠᠷ ᠨᠢᠭᠡᠴᠢ ᠪᠣᠯᠭᠠᠨ ᠨᠡᠶᠢᠳᠡᠮ ᠪᠠᠶᠢᠴᠠᠭᠠᠯᠲᠠ ᠬᠢᠵᠦ᠂ ᠦᠢᠯᠡᠴᠢᠯᠡᠭᠡᠨ ᠤ ᠠᠵᠤ | ᠠᠬᠤᠶᠢᠯᠠᠯ ᠠᠴᠠ ᠨᠡᠶᠢᠳᠡᠮ ᠪᠠᠶᠢᠴᠠᠭᠠᠯᠲᠠ ᠶᠢᠨ ᠱᠠᠭᠠᠷᠳᠠᠯᠭ᠎ᠠ ᠶᠣᠰᠣᠭᠠᠷ ᠪᠣᠳᠠᠲᠠᠢ ᠬᠡᠷᠡᠭᠵᠢᠭᠦᠯᠦᠨ᠎ᠡ᠃ | ︵ᠭᠤᠷᠪᠠ︶ ᠮᠢᠬᠠᠨ ᠤ ᠦᠬᠡᠷ ᠤᠨ ᠡᠭᠦᠯᠳᠡᠷ ᠢ ᠦᠨᠡᠯᠡᠬᠦ ᠵᠠᠷᠴᠢᠮ ᠢ ᠨᠡᠶᠢᠳᠡᠮ ᠪᠠᠶᠢᠴᠠᠭᠠᠬᠤ ᠠᠴᠠ ᠡᠮᠦᠨ᠎ᠡ ᠮᠠᠯ | ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠯᠤᠨ ᠦᠢᠯᠡᠴᠢᠯᠡᠭᠡᠨ ᠤ ᠺᠣᠮᠫᠠᠨᠢ ᠨᠡᠪᠲᠡᠷᠡᠯᠴᠡᠨ | ᠲᠣᠭᠲᠠᠭᠠᠬᠤ ᠶᠢᠨ ᠬᠠᠮᠲᠤ ᠬᠠᠮᠢᠶ᠎ᠠ ᠪᠦᠬᠦᠢ ᠥᠰᠥᠭ ᠪᠢᠴᠢᠭ ᠤᠨ ᠮᠠᠲ᠋ᠧᠷᠢᠶᠡᠯ ᠭᠠᠷᠭᠠᠭᠰᠠᠨ ᠢᠶᠠᠷ ᠦᠨᠳᠦᠰᠦᠯᠡᠯ | ᠪᠣᠯᠭᠠᠨ᠎ᠠ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢ ᠦᠢᠯᠡᠴᠢᠯᠡᠭᠡᠨ ᠤ ᠺᠤᠮᠫᠠᠨᠢ ᠬᠠᠮᠢᠶᠠᠷᠤᠨ᠎ᠠ᠃ | ︵ᠳᠥᠷᠪᠡ︶ ᠪᠣᠳᠠᠲᠠᠢ ᠨᠡᠶᠢᠳᠡᠮ ᠪᠠᠶᠢᠴᠠᠭᠠᠯᠲᠠ ᠶᠢᠨ ᠶᠠᠪᠤᠴᠠ ᠳᠤ ᠮᠠᠷᠭᠤᠭᠠᠨ ᠲᠠᠢ ᠪᠣᠯ ᠮᠠᠯ ᠠᠵᠤ ᠠᠬᠤᠢ ᠶᠢᠨ | ᠠᠵᠢᠯ ᠤᠨ ᠥᠷᠳᠡᠭᠡ ᠪᠤᠶᠤ ᠲᠥᠷᠥᠯ ᠵᠦᠢᠯ ᠢ ᠦᠨᠡᠯᠡᠬᠦ ᠮᠡᠷᠭᠡᠵᠢᠯ ᠤᠨ ᠠᠵᠢᠯᠲᠠᠨ ᠤ ᠲᠤᠬᠠᠢ ᠶᠢᠨ ᠲᠠᠯᠠᠪᠠᠢ ᠶᠢᠨ | ᠰᠠᠨᠠᠯ ᠢᠶᠠᠷ ᠬᠠᠮᠤᠭ ᠡᠴᠦᠰ ᠤᠨ ᠲᠣᠭᠲᠠᠭᠠᠯᠲᠠ ᠪᠣᠯᠭᠠᠨ᠎ᠠ᠃ | ᠵᠢᠷᠭᠤᠭ᠎ᠠ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ ᠳᠠᠶᠢᠴᠢᠯᠠᠯᠲᠠ ᠶᠢᠨ ᠶᠡᠭᠡ ᠬᠤᠷᠠᠯ ᠢ ᠬᠤᠷᠠᠯᠳᠤᠭᠤᠯᠤᠨ᠎ᠠ᠃ ᠡᠯ᠎ᠡ ᠰᠤᠮᠤ ᠪᠠᠯᠭᠠᠰᠤ ᠨᠡᠶᠢᠳᠡᠮ | ᠪᠠᠶᠢᠴᠠᠭᠠᠯᠲᠠ ᠶᠢᠨ ᠠᠵᠢᠯ ᠢᠶᠠᠨ ᠡᠬᠢᠯᠡᠭᠦᠯᠬᠦ ᠠᠴᠠ ᠡᠮᠦᠨ᠎ᠡ᠂ ᠨᠡᠶᠢᠳᠡᠮ ᠪᠠᠶᠢᠴᠠᠭᠠᠯᠲᠠ ᠶᠢᠨ ᠳᠠᠶᠢᠴᠢᠯᠠᠯᠲᠠ ᠶᠢᠨ | ᠶᠡᠭᠡ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠰᠤᠮᠤ ᠪᠠᠯᠭᠠᠰᠤ᠂ ᠭᠠᠴᠠᠭᠠᠨ ᠤ ︽ᠡᠭᠦᠷ ᠵᠥᠪᠯᠡᠯ︾ | ᠵᠡᠷᠭᠡ ᠬᠠᠮᠢᠶ᠎ᠠ ᠪᠦᠬᠦᠢ ᠬᠥᠮᠥᠰ ᠲᠤ ᠤᠬᠠᠭᠤᠯᠭ᠎ᠠ ᠪᠣᠯᠪᠠᠰᠤᠷᠠᠭᠤᠯᠤᠯ ᠬᠢᠬᠦ ᠶᠢᠨ ᠬᠠᠮᠲᠤ᠂ ᠪᠢᠴᠢᠭ ᠮᠠᠲ᠋ᠧᠷᠢᠶᠠᠯ | ᠪᠠᠭᠤᠯᠭᠠᠵᠤ ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠣᠷᠢᠯᠲᠠ ᠶᠢᠨ ᠠᠴᠢ ᠬᠤᠯᠪᠣᠭᠳᠠᠯ᠂ ᠬᠠᠷᠠᠯᠲᠠ ᠶᠢᠨ ᠡᠭᠦᠷᠭᠡ | ᠂ ᠰᠢᠯᠭᠠᠨ ᠬᠢᠨᠠᠵᠤ ᠬᠢᠨᠠᠯᠲᠠ ᠲᠠᠯᠪᠢᠬᠤ ᠵᠡᠷᠭᠡ ᠶᠢ ᠲᠣᠳᠣᠷᠬᠠᠶᠢᠯᠠᠬᠤ ᠬᠡᠷᠡᠭᠲᠡᠢ᠃ | ︵ᠬᠤᠶᠠᠷ︶ ᠦᠨᠡᠯᠡᠬᠦ ᠲᠤᠰᠬᠠᠢ ᠮᠡᠷᠭᠡᠵᠢᠯᠲᠡᠨ ᠢ ᠤᠷᠢᠨ ᠬᠡᠷᠡᠭᠯᠡᠨ᠎ᠡ᠃ ᠲᠤᠬᠠᠢ ᠶᠢᠨ ᠭᠠᠵᠠᠷ ᠤᠨ ᠮᠠᠯ ᠠᠵᠤ | ᠠᠬᠤᠢ ᠶᠢᠨ ᠠᠵᠢᠯ ᠤᠨ ᠥᠷᠲᠡᠭᠡ᠂ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ | ᠲᠥᠪ ᠤᠨ ᠰᠠᠶᠢᠨ ᠡᠭᠦᠯᠳᠡᠷ ᠢ ᠦᠨᠡᠯᠡᠬᠦ ᠠᠵᠢᠯ ᠤᠨ ᠲᠤᠷᠰᠢᠯᠭ᠎ᠠ ᠲᠠᠢ ᠮᠡᠷᠭᠡᠵᠢᠯ ᠤᠨ ᠠᠵᠢᠯᠲᠠᠨ ︵ᠪᠠᠲᠤᠯᠠᠭ᠎ᠠ ᠶᠢᠨ | ᠲᠥᠪ ᠤᠨ ᠠᠯᠪᠠᠨ ᠤ ᠮᠠᠯ ᠤᠨ ᠡᠮᠴᠢ︶ ᠢ ᠤᠷᠢᠨ ᠬᠡᠷᠡᠭᠯᠡᠵᠦ ᠦᠨᠡᠯᠡᠬᠦ ᠲᠤᠰᠬᠠᠢ ᠮᠡᠷᠭᠡᠵᠢᠯᠲᠡᠨ᠂ ᠦᠢᠯᠡᠴᠢᠯᠡᠭᠡᠨ ᠤ | ᠺᠣᠮᠫᠠᠨᠢ ᠳᠤ ᠵᠣᠬᠢᠬᠤ ᠪᠤᠶᠤ ᠵᠣᠬᠢᠬᠤ ᠬᠥᠳᠡᠯᠮᠦᠷᠢ ᠦᠢᠯᠡᠴᠢᠯᠡᠭᠡᠨ ᠤ ᠬᠥᠯᠥᠰᠦ ᠣᠯᠭᠤᠮᠵᠢ ᠪᠠ ᠮᠡᠷᠭᠡᠵᠢᠯ ᠤᠨ | ᠦᠢᠯᠡᠴᠢᠯᠡᠭᠡᠨ ᠤ ᠨᠥᠬᠦᠪᠦᠷᠢ ᠣᠯᠭᠤᠨ᠎ᠠ᠃ | ︵ᠭᠤᠷᠪᠠ︶ ᠳᠠᠭᠠᠭᠠᠴᠢᠯᠠᠯᠲᠠ ᠶᠢᠨ ᠬᠡᠯᠡᠯᠴᠡᠭᠡᠷ ᠪᠠᠶᠢᠭᠤᠯᠤᠨ᠎ᠠ᠃ ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ | ᠠᠴᠠ ᠡᠯ᠎ᠡ ᠭᠠᠴᠠᠭ᠎ᠠ ᠲᠣᠰᠬᠤᠨ ᠢ ᠵᠣᠬᠢᠴᠠᠭᠤᠯᠵᠤ ᠪᠠᠶᠢᠭᠠᠳ ᠦᠢᠯᠡᠴᠢᠯᠡᠭᠡᠨ ᠤ ᠺᠣᠮᠫᠠᠨᠢ ᠯᠤᠭ᠎ᠠ ᠦᠬᠡᠷ ᠤᠨ | ᠢᠷᠡᠯᠲᠡ ᠶᠢᠨ ᠨᠡᠶᠢᠳᠡᠮ ᠪᠠᠶᠢᠴᠠᠭᠠᠯᠲᠠ ᠶᠢᠨ ᠳᠠᠭᠠᠭᠠᠴᠢᠯᠠᠯᠲᠠ ᠶᠢᠨ ᠬᠡᠯᠡᠯᠴᠡᠭᠡᠷ ᠲᠤ ᠭᠠᠷ ᠤᠨ ᠥᠰᠥᠭ ᠵᠢᠷᠤᠨ᠎ᠠ᠃ | ᠦᠢᠯᠡᠴᠢᠯᠡᠭᠡᠨ ᠤ ᠺᠣᠮᠫᠠᠨᠢ ᠨᠢ ᠬᠡᠷᠡᠭᠴᠡᠭᠡ ᠪᠦᠬᠦᠢ ᠮᠡᠳᠡᠭᠡ ᠵᠠᠩᠭᠢ ᠶᠢ ᠣᠷᠣᠭᠤᠯᠬᠤ ᠠᠵᠢᠯᠲᠠᠨ᠂ ᠪᠠᠲᠤᠯᠠᠨ | ᠲᠣᠭᠲᠠᠭᠠᠬᠤ ᠵᠢᠶᠠᠰᠠ᠂ ᠡᠯᠧᠺᠲᠷᠣᠨ ᠴᠢᠬᠢᠨ ᠲᠡᠮᠳᠡᠭ᠂ ᠴᠢᠬᠢᠨ ᠲᠡᠮᠳᠡᠭ ᠤᠨ ᠵᠠᠭᠤᠳᠠᠭ ᠪᠠ ᠭᠠᠷ ᠮᠠᠰᠢᠨ ᠵᠡᠷᠭᠡ | ᠪᠠᠭᠠᠵᠢ ᠲᠥᠬᠦᠭᠡᠷᠦᠮᠵᠢ ᠶᠢ ᠬᠠᠩᠭᠠᠵᠤ᠂ ᠳᠠᠭᠠᠭᠠᠴᠢᠯᠠᠭᠴᠢ ᠨᠢ ᠴᠢᠬᠢᠨ ᠲᠡᠮᠳᠡᠭ ᠴᠣᠬᠢᠬᠤ ᠠᠵᠢᠯᠲᠠᠨ ᠵᠢᠴᠢ ᠵᠠᠮ | ᠬᠠᠷᠢᠯᠴᠠᠭᠠᠨ ᠤ ᠪᠠᠭᠠᠵᠢ ᠶᠢ ᠵᠣᠬᠢᠶᠠᠨ ᠪᠠᠶᠢᠭᠤᠯᠵᠤ᠂ ᠳᠠᠭᠠᠭᠠᠴᠢᠯᠠᠬᠤ ᠳᠤᠭᠤᠶᠢᠯᠠᠩ ᠨᠢᠭᠡᠪᠦᠷᠢ ᠨᠢ ᠭᠠᠴᠠᠭ᠎ᠠ | ᠳᠠᠷᠠᠭᠠᠯᠠᠨ ᠡᠷᠦᠬᠡ ᠳᠤ ᠣᠷᠣᠵᠤ ᠨᠡᠶᠢᠳᠡᠮ ᠪᠠᠶᠢᠴᠠᠭᠠᠨ᠎ᠠ᠃ | ︵ᠳᠥᠷᠪᠡ︶ ᠦᠢᠯᠡᠴᠢᠯᠡᠭᠡᠨ ᠤ ᠬᠦᠷᠭᠡᠯᠲᠡ ᠶᠢ ᠳᠡᠮᠵᠢᠨ᠎ᠡ᠃ ᠦᠢᠯᠡᠴᠢᠯᠡᠭᠡᠨ ᠤ ᠺᠣᠮᠫᠠᠨᠢ ᠶᠢᠨ ᠠᠵᠢᠯᠯᠠᠬᠤ | ᠳᠤᠭᠤᠶᠢᠯᠠᠩ ᠨᠢ ᠡᠯ᠎ᠡ ᠨᠡᠶᠢᠳᠡᠮ ᠪᠠᠶᠢᠴᠠᠭᠠᠯᠲᠠ ᠶᠢᠨ ᠠᠵᠢᠯᠯᠠᠬᠤ ᠳᠤᠭᠤᠶᠢᠯᠠᠩ ᠳᠤ ᠡᠳ᠋ ᠪᠣᠳᠠᠰ ᠲᠠᠷᠬᠠᠭᠠᠬᠤ ᠪᠠ | ᠲᠣᠬᠢᠷᠠᠭᠤᠯᠤᠨ ᠬᠦᠷᠭᠡᠬᠦ ᠶᠢ ᠬᠠᠷᠢᠭᠤᠴᠠᠨ᠎ᠠ᠃ ᠳᠡᠭᠡᠭᠰᠢ ᠳᠠᠮᠵᠢᠭᠤᠯᠬᠤ ᠵᠥᠭᠡᠯᠡᠨ ᠬᠡᠷᠡᠭᠰᠡᠯ ᠤᠨ ᠲᠠᠪᠴᠠᠩ ᠤᠨ | ᠮᠡᠳᠡᠭᠡ ᠵᠠᠩᠭᠢ᠂ ᠲᠤᠭ᠎ᠠ ᠪᠠᠷᠢᠮᠲᠠ ᠵᠡᠷᠭᠡ ᠮᠠᠲ᠋ᠧᠷᠢᠶᠠᠯ ᠢ ᠡᠮᠬᠢᠯᠡᠨ ᠪᠦᠷᠢᠳᠬᠡᠵᠦ᠂ ᠬᠤᠷᠢᠶᠠᠩᠭᠤᠶᠢᠯᠠᠵᠤ᠂ | ᠵᠠᠳᠠᠯᠤᠯᠲᠠ ᠬᠢᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠬᠠᠷᠢᠭᠤ ᠲᠤᠰᠬᠠᠬᠤ ᠬᠡᠷᠡᠭᠲᠡᠢ᠃ | ︵ᠲᠠᠪᠤ︶ ᠨᠡᠶᠢᠳᠡᠮ ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ ᠳ᠋ᠦᠩᠨᠡᠨ᠎ᠡ᠃ ᠡᠯ᠎ᠡ ᠳᠠᠭᠠᠭᠠᠴᠢᠯᠠᠯᠲᠠ ᠶᠢᠨ | ᠳᠤᠭᠤᠶᠢᠯᠠᠩ ᠨᠢ ᠬᠠᠷᠢᠶ᠎ᠠ ᠣᠷᠣᠨ ᠤ ᠪᠠᠨ ᠦᠬᠡᠷ ᠤᠨ ᠢᠷᠡᠯᠲᠡ ᠶᠢᠨ ᠨᠡᠶᠢᠳᠡᠮ ᠪᠠᠶᠢᠴᠠᠭᠠᠯᠲᠠ ᠶᠢ | ᠪᠡᠶᠡᠯᠡᠭᠦᠯᠦᠭᠰᠡᠨ ᠤ ᠳᠠᠷᠠᠭ᠎ᠠ ᠪᠦᠦ ᠳ᠋ᠢᠩ ᠵᠢᠶᠠᠰᠠ᠂ ᠴᠢᠬᠢᠨ ᠲᠡᠮᠳᠡᠭ ᠤᠨ ᠵᠠᠭᠤᠳᠠᠭ ᠵᠡᠷᠭᠡ ᠡᠳ᠋ ᠪᠣᠳᠠᠰ ᠢ | ᠦᠢᠯᠡᠴᠢᠯᠡᠭᠡᠨ ᠤ ᠺᠣᠮᠫᠠᠨᠢ ᠳᠤ ᠪᠤᠴᠠᠭᠠᠨ ᠥᠭᠴᠦ᠂ ᠡᠪᠳᠡᠷᠡᠵᠦ ᠰᠦᠢᠳᠦᠭᠰᠡᠨ ᠪᠤᠶᠤ ᠭᠡᠭᠡᠭᠳᠡᠭᠰᠡᠨ ᠪᠠᠶᠢᠪᠠᠯ ᠦᠨ᠎ᠡ | ᠬᠠᠩᠰᠢ ᠪᠠᠷ ᠨᠢ ᠲᠥᠯᠥᠬᠦ ᠬᠡᠷᠡᠭᠲᠡᠢ᠃ ᠨᠡᠶᠢᠳᠡᠮ ᠪᠠᠶᠢᠴᠠᠭᠠᠯᠲᠠ ᠶᠢᠨ ᠦᠬᠡᠷ ᠤᠨ ᠲᠤᠭ᠎ᠠ ᠬᠡᠮᠵᠢᠶ᠎ᠡ ᠶᠢ | ᠦᠢᠯᠡᠴᠢᠯᠡᠭᠡᠨ ᠤ ᠺᠣᠮᠫᠠᠨᠢ ᠶᠢᠨ ᠬᠠᠮᠢᠶ᠎ᠠ ᠪᠦᠬᠦᠢ ᠬᠥᠮᠥᠰ ᠯᠦᠭᠡ ᠵᠥᠭᠡᠯᠡᠨ ᠬᠡᠷᠡᠭᠰᠡᠯ ᠤᠨ ᠲᠠᠪᠴᠠᠩ ᠳᠤ ᠨᠤᠲᠠᠯᠠᠬᠤ | ᠬᠡᠷᠡᠭᠲᠡᠢ᠃ ᠦᠢᠯᠡᠴᠢᠯᠡᠭᠡᠨ ᠤ ᠺᠣᠮᠫᠠᠨᠢ ᠨᠢ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠪᠦᠷᠢᠳᠬᠡᠨ᠂ | ᠬᠤᠷᠢᠶᠠᠩᠭᠤᠶᠢᠯᠠᠨ ᠵᠠᠳᠠᠯᠵᠤ᠂ ᠵᠠᠰᠠᠭ ᠤᠨ ᠣᠷᠳᠣᠨ ᠬᠢᠭᠡᠳ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠨ ᠬᠡᠷᠡᠭᠴᠡᠭᠡ ᠱᠠᠭᠠᠷᠳᠠᠯᠭ᠎ᠠ ᠶᠢᠨ ᠰᠠᠭᠤᠷᠢ ᠬᠠᠮᠢᠶᠠᠷᠤᠯᠲᠠ ᠶᠢᠨ ᠲᠤᠭ᠎ᠠ ᠪᠠᠷᠢᠮᠲᠠ ᠶᠢ ᠪᠣᠶ | ᠪᠣᠯᠭᠠᠨ᠎ᠠ᠃ | ︵ᠵᠢᠷᠭᠤᠭ᠎ᠠ︶ ᠦᠷᠭᠦᠯᠵᠢᠯᠡᠭᠰᠡᠨ ᠬᠥᠳᠡᠯᠦᠩᠭᠦᠢ ᠬᠠᠮᠢᠶᠠᠷᠤᠯᠲᠠ᠃ ᠦᠬᠡᠷ ᠤᠨ ᠢᠷᠡᠯᠲᠡ ᠶᠢᠨ ᠨᠡᠶᠢᠳᠡᠮ | ᠪᠠᠶᠢᠴᠠᠭᠠᠯᠲᠠ ᠪᠣᠯ ᠨᠢᠭᠡᠨ ᠣᠷᠳᠣ ᠬᠤᠭᠤᠴᠠᠭᠠᠨ ᠤ ᠬᠥᠳᠡᠯᠦᠩᠭᠦᠢ ᠬᠠᠮᠢᠶᠠᠷᠤᠯᠲᠠ ᠶᠢᠨ ᠶᠠᠪᠤᠴᠠ ᠮᠥᠨ᠂ | ᠦᠢᠯᠡᠴᠢᠯᠡᠭᠡᠨ ᠤ ᠺᠣᠮᠫᠠᠨᠢ ᠶᠢᠨ ᠲᠠᠰᠤᠷᠠᠯᠲᠠ ᠦᠭᠡᠢ ᠬᠠᠮᠠᠭᠠᠯᠠᠬᠤ᠂ ᠠᠵᠢᠯᠯᠠᠭᠤᠯᠬᠤ ᠪᠠ ᠬᠢᠨᠠᠨ ᠡᠵᠡᠮᠳᠡᠬᠦ ᠶᠢ | ᠱᠠᠭᠠᠷᠳᠠᠪᠠᠯ ᠰᠠᠶ᠋ᠢ ᠲᠤᠭ᠎ᠠ ᠪᠠᠷᠢᠮᠲᠠ ᠶᠢᠨ ᠦᠨᠡᠨ ᠪᠣᠳᠠᠲᠠᠢ᠂ ᠪᠦᠷᠢᠨ ᠪᠦᠲᠦᠨ ᠪᠠ ᠲᠡᠩᠴᠡᠭᠦᠷᠢᠲᠡᠢ ᠪᠠᠶᠢᠬᠤ ᠶᠢ | ᠪᠠᠲᠤᠯᠠᠵᠤ ᠴᠢᠳᠠᠨ᠎ᠠ᠂ ᠡᠰᠡ ᠲᠡᠭᠡᠪᠡᠯ ᠦᠬᠡᠷ ᠤᠨ ᠢᠷᠡᠯᠲᠡ ᠶᠢᠨ ᠨᠡᠶᠢᠳᠡᠮ ᠪᠠᠶᠢᠴᠠᠭᠠᠯᠲᠠ ᠶᠢᠨ ᠠᠴᠢ | ᠬᠤᠯᠪᠣᠭᠳᠠᠯ ᠢᠶᠠᠨ ᠠᠯᠳᠠᠬᠤ ᠪᠣᠯᠣᠨ᠎ᠠ᠃ ᠡᠭᠦᠨ ᠳᠤ ᠭᠤᠷᠪᠠᠨ ᠲᠠᠯ᠎ᠠ ᠪᠠᠷ ᠪᠣᠳᠠᠲᠠᠢ ᠢᠯᠡᠷᠡᠵᠦ ᠪᠠᠶᠢᠨ᠎ᠠ᠄ ᠨᠢᠭᠡ ᠳᠤ | ᠂ᠭᠠᠳᠠᠨ᠎ᠠ ᠠᠴᠠ ᠬᠤᠳᠠᠯᠳᠤᠨ ᠠᠪᠬᠤ᠂ ᠰᠢᠨ᠎ᠡ ᠲᠤᠭᠤᠯᠠᠭᠰᠠᠨ ᠦᠨᠢᠶ᠎ᠡ᠂ ᠪᠤᠬᠠᠨ ᠳᠤ ᠴᠢᠬᠢᠨ ᠲᠡᠮᠳᠡᠭ ᠲᠠᠯᠪᠢᠬᠤ | ᠠᠵᠢᠯ᠃ ᠬᠤᠶᠠᠷ ᠲᠤ᠂ ᠬᠤᠰᠢᠭᠤᠨ ᠳᠣᠲᠣᠷ᠎ᠠ ᠪᠠᠨ ᠠᠷᠠᠯᠵᠢᠶᠠᠯᠠᠬᠤ᠂ ᠬᠤᠰᠢᠭᠤ ᠰᠢᠶᠠᠨ ᠠᠯᠤᠰᠯᠠᠨ | ᠠᠷᠠᠯᠵᠢᠶᠠᠯᠠᠬᠤ ᠵᠡᠷᠭᠡ ᠬᠥᠳᠡᠯᠦᠩᠭᠦᠢ ᠬᠠᠮᠢᠶᠠᠷᠤᠯᠲᠠ ᠶᠢ ᠶᠠᠪᠤᠭᠳᠠᠭᠤᠯᠤᠨ᠎ᠠ᠃ ᠭᠤᠷᠪᠠ ᠳᠤ᠂ ᠪᠠᠶᠢᠭᠠᠯᠢ ᠶᠢᠨ ᠪᠤᠶᠤ | ᠬᠢᠵᠢᠭ ᠡᠪᠡᠳᠴᠢᠨ ᠢᠶᠠᠷ ᠦᠬᠦᠭᠰᠡᠨ ᠪᠠ ᠬᠠᠷᠢᠶ᠎ᠠ ᠣᠷᠣᠨ ᠳᠤ ᠣᠷᠣᠵᠤ ᠨᠢᠲᠤᠯᠬᠤ ᠵᠠᠩᠭᠢᠯᠠᠭ᠎ᠠ ᠶᠢᠨ ᠲᠤᠭ᠎ᠠ | ᠪᠠᠷᠢᠮᠲᠠ ᠶᠢ ᠬᠢᠨᠠᠨ ᠡᠵᠡᠮᠳᠡᠬᠦ᠃ ᠳᠥᠷᠪᠡ ᠳᠤ᠂ ᠨᠢᠭᠡᠨᠲᠡ ᠨᠡᠶᠢᠳᠡᠮ ᠪᠠᠶᠢᠴᠠᠭᠠᠭᠰᠠᠨ ᠦᠬᠡᠷ ᠤᠨ ᠴᠢᠬᠢᠨ ᠤ | ᠲᠡᠮᠳᠡᠭ ᠤᠨ ᠭᠡᠭᠡᠭᠳᠡᠭᠰᠡᠨ ᠬᠡᠰᠡᠭ ᠲᠤ ᠨᠥᠬᠦᠨ ᠴᠣᠬᠢᠬᠤ ᠠᠵᠢᠯ ᠢ ᠦᠷᠭᠦᠯᠵᠢᠯᠡᠨ ᠬᠢᠨ᠎ᠡ᠃ ᠶᠡᠷᠦᠩᠬᠡᠢ ᠪᠡᠯᠡ | ᠣᠷᠣᠭᠤᠯᠤᠯᠲᠠ ᠶᠢᠨ ᠲᠣᠶᠢᠮᠣ ᠲᠥᠰᠥᠪ ᠨᠢ 150 ᠲᠦᠮᠡᠨ ᠲᠥᠭᠦᠷᠢᠭ ᠪᠣᠯᠣᠨ᠎ᠠ᠃ ᠦᠬᠡᠷ ᠤᠨ ᠢᠷᠡᠯᠲᠡ ᠶᠢᠨ | ᠨᠡᠶᠢᠳᠡᠮ ᠪᠠᠶᠢᠴᠠᠭᠠᠯᠲᠠ ᠶᠢᠨ ᠵᠠᠷᠤᠳᠠᠯ ᠨᠢ 30 ᠲᠥᠭᠦᠷᠢᠭ\ ᠦᠬᠡᠷ ᠪᠠᠶᠢᠵᠤ᠂ ᠨᠡᠶᠢᠳᠡᠮ ᠪᠠᠶᠢᠴᠠᠭᠠᠯᠲᠠ ᠶᠢᠨ ᠰᠠᠶᠢᠨ | ᠡᠭᠦᠯᠳᠡᠷ ᠤᠨ ᠮᠢᠬᠠᠨ ᠤ ᠦᠬᠡᠷ ᠤᠨ ᠶᠡᠷᠦᠩᠬᠡᠢ ᠲᠤᠭ᠎ᠠ ᠨᠢ 5 ᠲᠦᠮᠡᠨ ᠲᠣᠯᠣᠭᠠᠢ ᠪᠣᠯᠣᠨ᠎ᠠ᠃ | ᠨᠠᠢᠮᠠ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠬᠤᠪᠢᠳᠠᠨ | ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠲᠠᠷᠢᠶᠠᠯᠠᠩ ᠮᠠᠯ ᠠᠵᠤ | ᠠᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠯ᠎ᠡ ᠰᠤᠮᠤ ᠰᠢᠶᠠᠩ ᠪᠠᠯᠭᠠᠰᠤ ᠪᠠᠷ | ᠪᠦᠷᠢᠯᠳᠦᠭᠦᠨ ᠪᠣᠯᠭᠠᠭᠰᠠᠨ ᠦᠬᠡᠷ ᠤᠨ ᠢᠷᠡᠯᠲᠡ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠢ ᠪᠠᠶᠢᠭᠤᠯᠵᠤ᠂ ᠡᠳᠦᠷ ᠲᠤᠲᠤᠮ ᠤᠨ ᠠᠵᠢᠯ ᠢ ᠵᠣᠬᠢᠴᠠᠭᠤᠯᠤᠨ ᠬᠠᠮᠢᠶᠠᠷᠬᠤ ᠶᠢ ᠬᠠᠷᠢᠭᠤᠴᠠᠭᠤᠯᠤᠨ᠎ᠠ᠃ | ᠦᠢᠯᠡᠴᠢᠯᠡᠭᠡᠨ ᠤ ᠺᠣᠮᠫᠠᠨᠢ ᠦᠬᠡᠷ ᠤᠨ ᠢᠷᠡᠯᠲᠡ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠭᠤᠶᠢᠯᠠᠩ ᠢ | ᠪᠠᠶᠢᠭᠤᠯᠵᠤ᠂ ᠦᠬᠡᠷ ᠤᠨ ᠢᠷᠡᠯᠲᠡ ᠶᠢᠨ ᠨᠡᠶᠢᠳᠡᠮ ᠪᠠᠶᠢᠴᠠᠭᠠᠯᠲᠠ ᠶᠢᠨ ᠪᠣᠳᠠᠲᠠᠢ ᠬᠡᠷᠡᠭᠵᠢᠭᠦᠯᠬᠦ ᠠᠵᠢᠯ ᠢ | ᠬᠠᠷᠢᠭᠤᠴᠠᠨ᠎ᠠ᠃ | ︵ᠬᠤᠶᠠᠷ︶ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠦᠢᠯᠡᠴᠢᠯᠡᠭᠡᠨ ᠤ ᠠᠵᠤ | ᠠᠬᠤᠶᠢᠯᠠᠯ ᠤᠨ ᠬᠢᠨ ᠠᠵᠢᠯᠲᠠᠳ ᠢᠶᠠᠨ ᠵᠣᠬᠢᠶᠠᠨ ᠪᠠᠶᠢᠭᠤᠯᠵᠤ᠂ ᠰᠠᠭᠤᠷᠢ ᠡᠬᠡ ᠮᠠᠯ ᠤᠨ ᠡᠯᠧᠺᠲᠷᠣᠨ ᠴᠢᠬᠢᠨ | ᠲᠡᠮᠳᠡᠭ ᠵᠡᠭᠦᠯᠭᠡᠬᠦ ᠠᠵᠢᠯ ᠢ ᠬᠠᠷᠢᠭᠤᠴᠠᠭᠤᠯᠬᠤ ᠶᠢᠨ ᠬᠠᠮᠲᠤ ᠲᠤᠬᠠᠢ ᠶᠢᠨ ᠭᠠᠵᠠᠷ ᠤᠨ ᠮᠠᠯ ᠠᠵᠤ ᠠᠬᠤᠢ ᠶᠢᠨ | ᠠᠵᠢᠯ ᠤᠨ ᠥᠷᠲᠡᠭᠡ᠂ ᠡᠯ᠎ᠡ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ | ᠲᠥᠪ ᠤᠨ ᠰᠠᠶᠢᠨ ᠡᠭᠦᠯᠳᠡᠷ ᠢ ᠦᠨᠡᠯᠡᠨ ᠲᠣᠭᠲᠠᠭᠠᠬᠤ ᠠᠵᠢᠯ ᠤᠨ ᠲᠤᠷᠰᠢᠯᠭ᠎ᠠ ᠲᠠᠢ ᠮᠡᠷᠭᠡᠵᠢᠯᠲᠡᠨ ᠢ ᠤᠷᠢᠨ | ᠬᠡᠷᠡᠭᠯᠡᠵᠦ ᠦᠨᠡᠯᠡᠨ ᠲᠣᠭᠲᠠᠭᠠᠬᠤ ᠲᠤᠰᠬᠠᠢ ᠮᠡᠷᠭᠡᠵᠢᠯᠲᠡᠨ᠂ ᠦᠢᠯᠡᠴᠢᠯᠡᠭᠡᠨ ᠤ ᠺᠣᠮᠫᠠᠨᠢ ᠳᠤ ᠵᠣᠬᠢᠬᠤ ᠬᠡᠮᠵᠢᠶᠡᠨ ᠤ | ᠬᠥᠳᠡᠯᠮᠦᠷᠢ ᠦᠢᠯᠡᠴᠢᠯᠡᠭᠡᠨ ᠤ ᠬᠠᠷᠠᠮᠵᠢ ᠪᠠ ᠮᠡᠷᠭᠡᠵᠢᠯ ᠤᠨ ᠦᠢᠯᠡᠴᠢᠯᠡᠭᠡᠨ ᠤ ᠨᠥᠬᠦᠪᠦᠷᠢ ᠣᠯᠭᠤᠬᠤ ᠶᠢᠨ ᠬᠠᠮᠲᠤ | 1~2 ᠮᠡᠷᠭᠡᠵᠢᠯᠲᠡᠨ ᠢ ᠲᠣᠮᠢᠯᠠᠨ ᠮᠡᠳᠡᠭᠡ ᠵᠠᠩᠭᠢ ᠣᠷᠣᠭᠤᠯᠬᠤ ᠠᠵᠢᠯ ᠬᠢᠯᠭᠡᠨ᠎ᠡ᠃ | ︵ᠭᠤᠷᠪᠠ︶ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠯ᠎ᠡ ᠰᠤᠮᠤ ᠪᠠᠯᠭᠠᠰᠤ ᠨᠢ ᠤᠷᠢᠳᠠᠪᠠᠷ ᠶᠡᠬᠡᠪᠡᠷ ᠤᠬᠠᠭᠤᠯᠵᠤ᠂ | ᠮᠠᠯᠴᠢᠳ ᠲᠤ ᠦᠬᠡᠷ ᠤᠨ ᠢᠷᠡᠯᠲᠡ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠣᠷᠢᠯᠭ᠎ᠠ ᠪᠠ ᠠᠴᠢ | ᠬᠤᠯᠪᠣᠭᠳᠠᠯ ᠢ ᠦᠵᠡᠯ ᠰᠠᠨᠠᠭᠠᠨ ᠤ ᠲᠠᠯ᠎ᠠ ᠪᠠᠷ ᠦᠨᠡᠨᠬᠦ ᠲᠠᠨᠢᠭᠤᠯᠵᠤ᠂ ᠪᠥᠬᠦ ᠬᠦᠴᠦᠨ ᠢᠶᠠᠷ ᠢᠶᠠᠨ | ᠬᠠᠮᠵᠢᠯᠴᠠᠭᠤᠯᠤᠨ᠂ ᠬᠤᠰᠢᠭᠤᠨ ᠤ ᠦᠬᠡᠷ ᠤᠨ ᠢᠷᠡᠯᠲᠡ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ | ᠤᠷᠤᠭᠰᠢᠲᠠᠢ ᠪᠡᠶᠡᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠢ᠃ | ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠭᠡᠷ | 2023 ᠣᠨ ᠤ 7 ᠰᠠᠷ᠎ᠠ | | | | | | |