︽ᠠᠶᠠᠯᠠᠯ︾ ᠰᠠᠶᠢᠨ ᠳᠤᠷ᠎ᠠ ᠶᠢᠨ ᠦᠢᠯᠡᠴᠢᠯᠡᠭᠡᠨ ᠤ ᠲᠡᠷᠭᠡᠨ ᠠᠩᠭᠢ ᠲᠥᠷᠥᠯ ᠵᠦᠢᠯ ᠤᠨ ᠤᠷᠤᠯᠳᠤᠭᠠᠨ ᠤ | ᠱᠠᠩᠨᠠᠯ ᠤᠨ ᠮᠥᠩᠭᠦ ᠪᠠᠨ ᠭᠠᠴᠠᠭᠠᠨ ᠤ ᠪᠠᠨ ᠬᠦᠴᠢᠷᠳᠡᠯᠲᠡᠢ ᠰᠤᠷᠤᠭᠴᠢᠳ ᠢ ᠳᠡᠮᠵᠢᠪᠡ | | ᠭᠠᠴᠠᠭᠠᠨ ᠤ ᠬᠦᠴᠢᠷᠳᠡᠯ ᠲᠠᠢ ᠰᠤᠷᠤᠭᠴᠢᠳ ᠶᠢ ᠬᠠᠪᠰᠤᠷᠤᠨ ᠳᠡᠮᠵᠢᠵᠦ᠂ ᠰᠠᠶᠢᠨ ᠳᠤᠷ᠎ᠠ ᠶᠢᠨ ᠦᠢᠯᠡᠴᠢᠯᠡᠭᠡ ᠶᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠤᠰᠠᠳᠠ᠂ 2023 ᠣᠨ ᠤ 10 ᠰᠠᠷ᠎ᠠ ᠶᠢᠨ 12 ᠤᠨ | ᠡᠳᠦᠷ᠂ ︽ᠠᠶᠠᠯᠠᠯ︾ ᠰᠠᠶᠢᠨ ᠳᠤᠷ᠎ᠠ ᠶᠢᠨ ᠦᠢᠯᠡᠴᠢᠯᠡᠭᠡᠨ ᠤ ᠮᠠᠰᠢᠨ ᠲᠡᠷᠭᠡᠨ ᠤ ᠠᠩᠭᠢ ᠨᠢ ᠪᠠᠷᠠᠭᠤᠨ ᠦᠵᠦᠮᠦᠴᠢᠨ | ᠬᠤᠰᠢᠭᠤᠨ ᠤ 2023 ᠣᠨ ᠤ ᠭᠤᠷᠪᠠᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠤᠷᠤᠯᠳᠤᠭᠠᠨ ᠳᠤ ᠣᠷᠣᠯᠴᠠᠨ ᠣᠯᠣᠭᠰᠠᠨ | 3000 ᠲᠥᠭᠦᠷᠢᠭ ᠤᠨ ᠱᠠᠩᠨᠠᠯ ᠤᠨ ᠮᠥᠩᠭᠦ ᠪᠠᠷ ᠢᠶᠠᠨ ᠭᠠᠴᠠᠭᠠᠨ ᠤ ᠨᠢᠭᠡ ᠬᠦᠴᠢᠷᠳᠡᠯᠲᠡᠢ ᠰᠣᠷᠣᠭᠴᠢ ᠶᠢ ᠳᠡᠮᠵᠢᠨ᠂ | ᠨᠡᠶᠢᠭᠡᠮ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠢ ᠣᠷᠭᠠᠨᠢᠭ ᠢᠶᠠᠷ ᠠᠭᠤᠰᠤᠯᠴᠠᠭᠤᠯᠤᠨ᠂ ᠰᠠᠶᠢᠨ | ᠳᠤᠷ᠎ᠠ ᠶᠢᠨ ᠦᠢᠯᠡᠴᠢᠯᠡᠭᠡ ᠪᠠᠷ ᠢᠶᠠᠨ ᠮᠠᠯᠴᠢᠨ ᠲᠦᠮᠡᠨ ᠵᠢᠴᠢ ᠬᠦᠴᠢᠷᠳᠡᠯᠲᠡᠢ ᠣᠯᠠᠨ ᠲᠦᠮᠡᠨ ᠳᠤ ᠲᠠᠨᠢᠭᠳᠠᠵᠤ᠂ ᠨᠡᠶᠢᠭᠡᠮ | ᠨᠡᠶᠢᠲᠡ ᠶᠢᠨ ᠬᠦᠷᠢᠶᠡᠯᠡᠯ ᠢ ᠣᠯᠣᠭᠰᠠᠨ ᠪᠠᠶᠢᠨ᠎ᠠ᠃ | ︽ᠠᠶᠠᠯᠠᠯ︾ ᠰᠠᠶᠢᠨ ᠳᠤᠷ᠎ᠠ ᠶᠢᠨ ᠦᠢᠯᠡᠴᠢᠯᠡᠭᠡᠨ ᠤ ᠲᠡᠷᠭᠡᠨ ᠠᠩᠭᠢ ᠨᠢ 2022 ᠣᠨ ᠤ 1 ᠰᠠᠷ᠎ᠠ ᠶᠢᠨ 8 ᠤ | ᠡᠳᠦᠷ ᠪᠠᠶᠢᠭᠤᠯᠤᠭᠳᠠᠭᠰᠠᠨ᠂ ᠬᠠᠯᠠᠮᠵᠢᠯᠠᠨ ᠲᠤᠰᠠᠯᠠᠵᠤ ᠬᠠᠷᠠᠮ ᠦᠭᠡᠢ ᠵᠣᠷᠢᠭᠤᠯᠬᠤ ᠪᠣᠳᠠᠲᠤ ᠠᠵᠢᠯᠯᠠᠭ᠎ᠠ ᠪᠠᠷ ᠢᠶᠠᠨ | ᠠᠷᠠᠳ ᠣᠯᠠᠨ ᠤ ᠪᠠᠨ ᠳᠤᠮᠳᠠ ᠵᠥᠪ ᠡᠨᠧᠷᠭᠢ ᠶᠢ ᠳᠠᠮᠵᠢᠭᠤᠯᠵᠤ ᠶᠠᠪᠤᠭ᠎ᠠ ᠤᠯᠠᠨ ᠲᠦᠮᠡᠨ ᠳᠤ ᠦᠢᠯᠡᠴᠢᠯᠡᠬᠦ ᠨᠡᠶᠢᠲᠡ ᠶᠢᠨ | ᠠᠰᠠᠷᠠᠮᠵᠢ ᠶᠢᠨ ᠮᠠᠰᠢᠨ ᠲᠡᠷᠭᠡᠨ ᠤ ᠠᠩᠭᠢ ᠪᠣᠯᠣᠨ᠎ᠠ᠃ ᠣᠳᠣᠬᠠᠨ ᠳᠤ᠂ ᠲᠤᠰ ᠲᠡᠷᠭᠡᠨ ᠠᠩᠭᠢ ᠨᠢ ᠨᠡᠶᠢᠲᠡ 23 | ᠭᠡᠰᠢᠭᠦᠨ ᠲᠠᠢ᠂ 15 ᠬᠡᠭᠡᠷᠡᠯᠡᠨ ᠳᠠᠪᠬᠢᠬᠤ ᠮᠠᠰᠢᠨ᠂ 3 ᠰᠠᠤᠷᠢ 504 ᠲᠷᠠᠺᠲ᠋ᠣᠷ᠂ 5 ᠤᠳᠬᠤᠭᠤᠷ ᠮᠠᠰᠢᠨ ᠲᠠᠢ | ᠪᠣᠯᠣᠭᠰᠠᠨ ᠪᠠᠶᠢᠨ᠎ᠠ᠃ | ᠲᠤᠰ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠨᠢ ᠪᠠᠶᠢᠭᠤᠯᠤᠭᠳᠠᠭᠰᠠᠨ ᠠᠴᠠ ᠨᠠᠰᠢ 100 ᠭᠠᠷᠤᠢ | ᠤᠳᠠᠭ᠎ᠠ ᠶᠢᠨ ᠦᠢᠯᠡᠴᠢᠯᠡᠭᠡ ᠬᠠᠩᠭᠠᠵᠤ᠂ ᠶᠠᠳᠠᠭᠤ ᠬᠦᠴᠢᠷᠳᠡᠯᠲᠡᠢ ᠣᠯᠠᠨ ᠲᠦᠮᠡᠨ᠂ ᠰᠤᠷᠤᠭᠴᠢ᠂ ᠨᠠᠰᠤᠲᠠᠶᠢᠴᠤᠳ ᠢ | 20 ᠭᠠᠷᠤᠢ ᠤᠳᠠᠭ᠎ᠠ ᠬᠠᠪᠰᠤᠷᠤᠨ ᠳᠡᠮᠵᠢᠭᠰᠡᠨ ᠪᠠᠶᠢᠨ᠎ᠠ᠃ ᠣᠯᠠᠨ ᠲᠦᠮᠡᠨ ᠪᠠᠷ ᠲᠤᠯᠭᠠᠷᠠᠭᠰᠠᠨ ᠬᠦᠴᠢᠷ ᠠᠰᠠᠭᠤᠳᠠᠯ ᠢ | ᠪᠦᠲᠦᠮᠵᠢᠲᠡᠢ ᠰᠢᠢᠳᠪᠦᠷᠢᠯᠡᠬᠦ ᠶᠢᠨ ᠲᠤᠰᠠᠳᠠ᠂ ᠠᠶᠠᠯᠠᠯ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠨᠢ ᠣᠯᠠᠨ | ᠲᠦᠮᠡᠨ ᠤ ᠪᠣᠳᠠᠲᠤ ᠬᠡᠷᠡᠭᠴᠡᠭᠡ ᠲᠠᠢ ᠤᠶᠠᠯᠳᠤᠭᠤᠯᠤᠨ᠂ ᠠᠪᠤᠷᠠᠨ ᠲᠤᠰᠠᠯᠠᠬᠤ᠂ ᠴᠠᠰᠤ ᠠᠷᠢᠯᠭᠠᠬᠤ᠂ ᠵᠠᠮ ᠨᠡᠪᠲᠡᠷᠡᠭᠦᠯᠬᠦ᠂ | ᠨᠠᠰᠤᠲᠠᠶᠢᠴᠤᠳ ᠢ ᠲᠣᠬᠤᠨᠢᠭᠤᠯᠬᠤ᠂ ᠰᠤᠷᠤᠭᠴᠢᠳ ᠢ ᠲᠤᠰᠠᠯᠠᠬᠤ᠂ ᠮᠠᠯᠴᠢᠨ ᠲᠦᠮᠡᠨ ᠢ ᠳᠠᠭᠠᠭᠤᠯᠤᠨ ᠭᠠᠴᠠᠭᠠᠨ ᠤ | ᠬᠠᠮᠲᠤ ᠨᠡᠶᠢᠲᠡ ᠶᠢ ᠬᠠᠪᠰᠤᠷᠬᠤ ᠵᠡᠷᠭᠡ ᠠᠵᠢᠯ ᠢ ᠢᠳᠡᠪᠬᠢᠲᠡᠢ ᠥᠷᠨᠢᠭᠦᠯᠵᠦ᠂ ᠮᠠᠯᠴᠢᠳ ᠤᠨ ᠡᠪᠡᠰᠦ ᠪᠣᠷᠳᠤᠭ᠎ᠠ | ᠵᠥᠭᠡᠭᠡᠪᠦᠷᠢᠯᠡᠬᠦ᠂ ᠶᠠᠪᠤᠵᠤ ᠰᠠᠭᠤᠬᠤ ᠳᠤ ᠳᠥᠭᠦᠮ ᠦᠭᠡᠢ ᠵᠡᠷᠭᠡ ᠪᠣᠳᠠᠲᠠᠢ ᠬᠦᠴᠢᠷᠳᠡᠯ ᠨᠢ ᠪᠦᠲᠦᠮᠵᠢᠲᠡᠢ ᠰᠢᠢᠳᠪᠦᠷᠢᠯᠡᠨ | ᠂ ᠬᠠᠯᠠᠮᠵᠢᠲᠤ ᠦᠢᠯᠡᠴᠢᠯᠡᠭᠡ ᠳᠤᠮᠳᠠ ᠪᠠᠨ ᠠᠷᠠᠳ ᠲᠦᠮᠡᠨ ᠢᠶᠠᠷ ᠭᠤᠣᠯ ᠪᠣᠯᠭᠠᠬᠤ ᠣᠶᠢᠯᠠᠭᠠᠭᠳᠠᠬᠤᠨ ᠢ | ᠦᠢᠯᠡᠳᠦᠯᠭᠡᠵᠢᠭᠦᠯᠵᠦ᠂ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢᠲᠦ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠤᠯᠠᠨ ᠲᠦᠮᠡᠨ ᠤ ᠰᠠᠶᠢᠨ ᠦᠨᠡᠯᠡᠯᠲᠡ ᠶᠢ ᠣᠯᠵᠤ | ᠶᠠᠪᠤᠨ᠎ᠠ᠃ | ᠠᠶᠠᠯᠠᠯ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠭᠡᠰᠢᠭᠦᠨ ᠴᠢᠯᠠᠭᠤᠲᠤ ᠭᠠᠴᠠᠭᠠᠨ ᠤ ᠨᠠᠮ ᠤᠨ ᠡᠭᠦᠷ ᠤᠨ | ᠱᠦᠵᠢ ᠠᠯᠲᠠᠨᠬᠤᠶᠠᠭ ᠢᠯᠡᠷᠬᠡᠶᠢᠯᠡᠬᠦ ᠳᠡᠭᠡᠨ᠄ ᠬᠤᠶᠢᠰᠢᠳᠠ ᠮᠠᠨ ᠤ ᠦᠢᠯᠡᠴᠢᠯᠡᠭᠡᠨ ᠤ ᠠᠩᠭᠢ ᠨᠢ ᠰᠣᠮᠣᠨ ᠤ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠲᠠᠢ ᠢᠳᠡᠪᠬᠢᠲᠡᠢ ᠬᠠᠮᠵᠢᠯᠴᠠᠵᠤ᠂ ᠤᠯᠠᠨ ᠶᠠᠩᠵᠤ ᠬᠡᠯᠪᠡᠷᠢ᠂ | ᠪᠠᠶᠠᠯᠢᠭ ᠠᠭᠤᠯᠭ᠎ᠠ ᠪᠦᠬᠦᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠤᠨ᠂ ᠮᠠᠨ ᠤ ᠭᠠᠴᠠᠭᠠᠨ ᠤ ᠪᠠᠨ ᠰᠢᠨ᠎ᠡ ᠴᠠᠭ | ᠦᠶ᠎ᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠵᠣᠷᠢᠭ ᠰᠠᠨᠠᠭ᠎ᠠ ᠶᠢ ᠢᠯᠡᠷᠡᠭᠦᠯᠦᠨ᠎ᠡ ᠭᠡᠪᠡ᠃ | | |