ᠰᠣᠷᠭᠠᠨ ᠬᠦᠮᠦᠵᠢᠯ ᠤᠨ ᠦᠢᠯᠡᠰ ᠲᠤ ᠵᠢᠳᠬᠦᠵᠤ ᠶᠠᠪᠤᠭ᠎ᠠ  ᠪᠦᠬᠦ ᠣᠯᠣᠰ ᠤᠨ ︽ᠰᠦᠩ ᠴᠢᠩ ᠯᠢᠩ ᠨᠡᠷᠡᠮᠵᠢᠳᠣ ︾ ᠱᠠᠩᠨᠠᠯ ᠢ ᠬᠦᠷᠳᠡᠭᠴᠢ ᠰᠢᠯᠢᠳᠡᠭ ᠪᠠᠭᠰᠢ ᠬᠠᠰᠭᠤᠸ᠎ᠠ
ᠨᠡᠶᠢᠲᠡᠯᠡᠭᠰᠡᠨ ᠴᠠᠭ᠄
2023/10/25
ᠰᠣᠷᠭᠠᠨ ᠬᠦᠮᠦᠵᠢᠯ ᠤᠨ ᠦᠢᠯᠡᠰ ᠲᠤ ᠵᠢᠳᠬᠦᠵᠤ ᠶᠠᠪᠤᠭ᠎ᠠ  ᠪᠦᠬᠦ ᠣᠯᠣᠰ ᠤᠨ ︽ᠰᠦᠩ ᠴᠢᠩ ᠯᠢᠩ ᠨᠡᠷᠡᠮᠵᠢᠳᠣ︾ ᠱᠠᠩᠨᠠᠯ ᠢ ᠬᠦᠷᠳᠡᠭᠴᠢ ᠰᠢᠯᠢᠳᠡᠭ ᠪᠠᠭᠰᠢ ᠬᠠᠰᠭᠤᠸ᠎ᠠ                                                                               ᠠᠯᠳᠠᠨ ᠨᠠᠮᠣᠷ ᠤᠨ 10 ᠳ᠋ᠤᠭᠠᠷ ᠰᠠᠷ᠎ᠠ ᠶᠢᠨ ᠰᠢᠨᠡᠳ ᠤᠨ ᠨᠢᠬᠡᠨ ᠡᠳᠦᠷ ᠢᠶᠠᠷ ᠪᠠᠷᠠᠭᠤᠨ ᠦᠵᠦᠮᠦᠴᠢᠨ ᠬᠤᠰᠢᠭᠤᠨ  ᠤ ᠪᠠᠶᠠᠨᠬᠤᠰᠢᠭᠤ ᠬᠡᠦᠬᠡᠳ ᠤᠨ ᠴᠡᠴᠡᠷᠯᠢᠭ ᠤᠨ ᠪᠠᠭᠰᠢ ᠬᠠᠰᠭᠤᠸ᠎ᠠ ᠶᠢ ᠰᠣᠷᠪᠤᠯᠵᠢᠯᠠᠵᠤ ᠪᠢᠯᠡ᠃    ᠲᠡᠷᠡᠪᠡᠷ 1998 ᠣᠨ ᠤ 7 ᠰᠠᠷ᠎ᠠ ᠳᠤ ᠦᠪᠦᠷ ᠮᠤᠩᠭᠤᠯ ᠤᠨ ᠦᠨᠳᠦᠰᠦᠳᠡᠨ ᠤ ᠴᠡᠴᠡᠷᠯᠢᠭ ᠤᠨ ᠪᠠᠭᠰᠢ ᠶᠢᠨ ᠰᠣᠷᠭᠠᠭᠤᠯᠢ ᠶᠢᠨ ᠴᠡᠴᠡᠷᠯᠢᠭ ᠤᠨ ᠲᠣᠰᠬᠠᠢ ᠮᠡᠷᠭᠡᠵᠢᠯ ᠤᠨ ᠠᠩᠭᠢ ᠠᠴᠠ ᠰᠢᠯᠢᠳᠡᠭ ᠬᠢᠷᠢ ᠪᠦᠲᠦᠮᠵᠢ ᠪᠠᠷ ᠲᠡᠬᠦᠰᠴᠦ᠂ 9 ᠰᠠᠷ᠎ᠠ ᠳᠤ ᠨᠢ ᠳᠡᠭᠡᠳᠦ ᠱᠠᠳᠤᠨ ᠤ ᠵᠤᠬᠢᠶᠠᠨ ᠪᠠᠶᠢᠭᠤᠯᠤᠯᠳᠠ ᠶᠢᠨ ᠠᠵᠢᠯ ᠤᠨ ᠬᠤᠪᠢᠶᠠᠷᠢᠯᠠᠯᠳᠠ ᠪᠠᠷ  ᠬᠤᠰᠢᠭᠤ ᠬᠠᠷᠠᠭᠤᠨᠠᠳᠠᠢ ᠰᠣᠮᠣᠨ ᠤ ᠪᠠᠭ᠎ᠠ ᠰᠣᠷᠭᠠᠭᠤᠯᠢ ᠳᠤ ᠠᠵᠢᠯ ᠤᠨ ᠭᠠᠷᠤᠭ᠎ᠠ ᠠᠪᠴᠤ᠂ ᠮᠤᠩᠭᠤᠯ ᠬᠡᠯᠡ ᠪᠢᠴᠢᠭ ᠤᠨ ᠪᠠᠭᠰᠢ  ᠪᠠᠷ 8 ᠵᠢᠯ ᠠᠵᠢᠯᠯᠠᠭᠠᠳ 2006 ᠣᠨ ᠳᠤ ᠬᠤᠰᠢᠭᠤ ᠦᠨᠳᠦᠰᠦᠳᠡᠨ ᠤ ᠬᠡᠦᠬᠡᠳ ᠤᠨ ᠴᠡᠴᠡᠷᠯᠢᠭ ᠲᠤ ᠰᠢᠯᠵᠢᠨ ᠢᠷᠡᠵᠦ ᠠᠵᠢᠯᠯᠠᠵᠠᠢ᠃
   ᠦᠨᠦᠳᠦᠷ ᠪᠣᠯᠬᠤ ᠳᠤ ᠬᠠᠰᠭᠤᠸ᠎ᠠ ᠪᠠᠭᠰᠢ ᠰᠤᠷᠭᠠᠨ ᠬᠦᠮᠥᠵᠢᠯ ᠤᠨ ᠦᠢᠯᠡᠰ ᠲᠤ  ᠨᠢᠭᠡᠨᠳᠡ 25 ᠵᠢᠯ ᠤᠨ ᠬᠠᠪᠤᠷ ᠨᠠᠮᠤᠷ ᠢ ᠡᠯᠡᠭᠡᠭᠰᠡᠨ ᠪᠠᠶᠢᠨ᠎ᠠ᠃ ᠲᠡᠷᠡ ᠶᠡᠭᠡ ᠰᠣᠷᠭᠠᠭᠤᠯᠢ ᠶᠢᠨ ᠵᠢᠩᠬᠢᠨᠢ ᠠᠩᠬᠢ ᠶᠢᠨ ᠰᠣᠷᠣᠯᠭ᠎ᠠ ᠶᠢᠨ ᠨᠡᠮᠳᠡᠷ ᠲᠠᠢ᠂ ᠳᠣᠮᠳᠠᠳᠤ ᠰᠣᠷᠭᠠᠭᠤᠯᠢ ᠶᠢᠨ ᠥᠨᠳᠥᠷ ᠳᠡᠰ ᠤᠨ ᠪᠠᠭᠰᠢ ᠶᠢᠨ ᠬᠢᠷᠢ ᠬᠡᠮ ᠤᠨ ᠴᠣᠯᠠ ᠲᠠᠢ᠃    ᠡᠨᠡᠬᠦ 25 ᠵᠢᠯ ᠤᠨ ᠲᠣᠷᠰᠢ 22 ᠵᠢᠯ ᠠᠩᠬᠢ ᠶᠢᠨ ᠡᠷᠬᠢᠯᠡᠭᠴᠢ ᠶᠢᠨ ᠠᠵᠢᠯ ᠢ ᠬᠠᠷᠢᠭᠤᠴᠠᠵᠤ ᠢᠷᠡᠭᠰᠡᠨ ᠮᠦᠷᠳᠡᠬᠡᠨ 2008 ᠤᠨ ᠠᠴᠠ ᠡᠬᠢᠯᠡᠨ ᠵᠢᠯ ᠲᠠᠷᠠᠭᠠᠯᠠᠨ ᠬᠡᠦᠬᠡᠳ ᠤᠨ ᠴᠡᠴᠡᠷᠯᠢᠭ ᠤᠨ ᠵᠢᠭᠠᠨ ᠰᠣᠷᠭᠠᠯᠳᠠ ᠶᠢᠨ ᠲᠠᠯ᠎ᠠ ᠪᠠᠷ ᠣᠯᠣᠰ ᠣᠷᠣᠨ᠂ ᠠᠶᠢᠮᠠᠭ ᠲᠡᠰ ᠤᠨ ᠰᠣᠳᠣᠯᠭᠠᠨ ᠤ ᠰᠡᠳᠦᠪ ᠤᠨ ᠠᠩᠬᠢ ᠶᠢ ᠲᠠᠭᠠᠭᠠᠴᠢᠯᠠᠨ ᠡᠷᠬᠢᠯᠡᠵᠤ᠂ ᠰᠣᠳᠣᠯᠭᠠᠨ ᠤ ᠠᠵᠢᠯ  ᠢᠶᠠᠨ ᠦᠷᠬᠦᠯᠵᠢᠯᠡᠨ ᠬᠢᠭᠰᠡᠭᠡᠷ ᠢᠷᠡᠵᠡᠢ᠃
    2008 ᠣᠨ ᠳᠤ ᠲᠡᠷᠡ ᠤᠳᠤᠷᠢᠳᠤᠯᠭ᠎ᠠ ᠨᠠᠷ ᠤᠨ ᠢᠶᠠᠨ ᠵᠢᠯᠣᠳᠣᠭᠤᠯᠭ᠎ᠠ ᠳᠡᠮᠵᠢᠯᠭᠡ ᠳᠣᠣᠷ᠎ᠠ ᠴᠡᠴᠡᠷᠯᠢᠭ ᠤᠨ ᠬᠡᠦᠬᠡᠳ ᠤᠨ ᠣᠨᠴᠠᠯᠢᠭ ᠲᠤ ᠲᠣᠬᠢᠷᠠᠭᠰᠠᠨ ᠠᠷᠭ᠎ᠠ ᠮᠠᠶ᠋ᠢᠭ ᠢ ᠰᠦᠪᠡᠭᠴᠢᠯᠡᠨ᠂ ︽ᠦᠯᠢᠬᠡᠷ ᠶᠠᠷᠢᠬᠤ ᠪᠠᠷ ᠲᠠᠮᠵᠢᠭᠤᠯᠵᠤ᠂ ᠬᠡᠦᠬᠡᠳ ᠤᠨ ᠬᠡᠯᠡᠨ ᠤ ᠮᠡᠳᠡᠷᠡᠮᠵᠢ ᠪᠤᠯᠤᠨ ᠰᠡᠳᠬᠢᠬᠦᠢ ᠶᠢ ᠬᠦᠮᠦᠵᠢᠬᠦᠯᠬᠦ︾ ᠳᠠᠯ᠎ᠠ ᠪᠠᠷ ᠣᠯᠣᠰ ᠤᠨ ᠲᠡᠰ ᠤᠨ ᠰᠣᠳᠣᠯᠭᠠᠨ ᠤ ᠰᠡᠳᠦᠪ ᠢᠶᠠᠨ ᠠᠮᠵᠢᠯᠳᠠ ᠲᠠᠢ ᠶᠠᠪᠤᠭᠳᠠᠭᠤᠯᠵᠤ᠂  2010 ᠤᠨ ᠠᠴᠠ ᠲᠣᠰ ᠴᠡᠴᠡᠷᠯᠢᠭ ᠨᠢ ᠪᠦᠬᠦ ᠣᠷᠣᠨ ᠤ ᠬᠡᠪᠴᠢᠶᠡᠨ ᠳᠤ ᠬᠠᠮᠤᠭ ᠠᠩᠬᠠᠨ ᠤ ᠴᠤᠯ ᠮᠤᠩᠭᠤᠯ ᠢᠶᠠᠷ ᠬᠢᠴᠢᠶᠡᠯᠯᠡᠬᠦ ᠮᠤᠨᠲ᠋ᠧᠰᠣᠷᠢ ᠶᠢᠨ ᠵᠢᠭᠠᠨ ᠰᠣᠷᠭᠠᠯᠳᠠ  ᠶᠢᠨ ᠲᠤᠬᠠᠢ ᠰᠣᠳᠣᠯᠭᠠᠨ ᠤ ᠠᠩᠬᠢ ᠶᠢ ᠡᠷᠬᠢᠯᠡᠵᠤ᠂ ᠬᠠᠰᠭᠤᠸ᠎ᠠ ᠪᠠᠭᠰᠢ ᠶᠢ ᠮᠤᠲ᠋ᠧᠰᠣᠷᠢ ᠶᠢᠨ ᠵᠢᠭᠠᠨ ᠰᠣᠷᠭᠠᠯᠳᠠ ᠶᠢᠨ ᠰᠣᠳᠣᠯᠭᠠᠨ ᠤ ᠠᠩᠬᠢ ᠶᠢᠨ ᠡᠷᠬᠢᠯᠡᠭᠴᠢ ᠮᠦᠷᠳᠡᠬᠡᠨ ᠭᠤᠤᠯᠯᠠᠭᠴᠢ ᠪᠠᠭᠰᠢ ᠶᠢᠨ ᠠᠵᠢᠯ ᠡᠬᠦᠷᠬᠡ ᠶᠢ ᠬᠠᠷᠢᠭᠤᠴᠠᠭᠤᠯᠤᠬᠰᠠᠨ  ᠠᠴᠠ ᠲᠡᠷᠡ ᠡᠨᠡᠬᠦ ᠰᠣᠳᠣᠯᠭᠠᠨ ᠤ ᠲᠤᠬᠠᠢ ᠠᠵᠢᠯ ᠢᠶᠠᠨ ᠡᠬᠢᠯᠡᠬᠦᠯᠵᠤ ᠬᠢᠭᠰᠡᠨ ᠪᠠᠶᠢᠨ᠎ᠠ᠃     ᠲᠡᠷᠡ ᠮᠤᠨᠲ᠋ᠧᠰᠣᠷᠢ ᠶᠢᠨ ᠵᠢᠭᠠᠨ ᠰᠣᠷᠭᠠᠯᠳᠠ ᠶᠢᠨ ᠲᠤᠬᠠᠢ 3 ᠵᠢᠯ ᠤᠨ ᠴᠡᠴᠡᠷᠯᠢᠭ ᠤᠨ ᠲᠡᠰ ᠤᠨ ᠰᠣᠳᠣᠯᠭᠠᠨ ᠬᠢᠬᠦ  ᠪᠠᠷ ᠲᠠᠮᠵᠢᠭᠠᠳ ᠲᠣᠰ ᠵᠢᠭᠠᠨ ᠰᠣᠷᠭᠠᠯᠳᠠ ᠶᠢᠨ ᠲᠤᠬᠠᠢ ᠠᠩᠬ᠎ᠠ ᠠᠯᠬᠤᠮ ᠤᠨ ᠣᠶᠢᠯᠠᠭᠠᠯᠳᠠ ᠲᠠᠨᠢᠯᠳᠠ ᠲᠠᠢ ᠪᠤᠯᠵᠤ᠂ ᠮᠤᠨᠲ᠋ᠧᠰᠣᠷᠢ ᠶᠢᠨ ᠵᠢᠭᠠᠨ ᠰᠣᠷᠭᠠᠯᠳᠠ ᠶᠢᠨ ᠪᠠᠭᠠᠵᠢ ᠤᠳ ᠢ ᠵᠠᠳᠠᠯᠤᠨ ᠠᠵᠢᠯᠯᠠᠵᠤ ᠴᠢᠳᠠᠬᠤ ᠪᠤᠯᠤᠭᠰᠠᠨ ᠪᠦᠬᠡᠳ ᠠᠮᠢᠳᠣᠷᠠᠯ᠂ ᠮᠡᠳᠡᠷᠡᠬᠦᠢ᠂ ᠲᠤᠭ᠎ᠠ ᠵᠡᠷᠬᠡ ᠭᠤᠷᠪᠠᠨ ᠳᠦᠷᠦᠯ ᠤᠨ ᠨᠤᠮ ᠤᠨ 4 ᠳᠦᠮᠡ ᠭᠠᠷᠤᠢ ᠦᠰᠦᠭ ᠲᠠᠢ ᠬᠢᠳᠠᠳ ᠨᠤᠮ ᠤᠨ ᠠᠭᠤᠯᠭ᠎ᠠ ᠶᠢ ᠣᠷᠴᠢᠭᠤᠯᠭ᠎ᠠ ᠶᠢᠨ ᠬᠡᠯᠪᠡᠷᠢ ᠪᠠᠷ ᠮᠤᠩᠭᠤᠯ ᠬᠡᠯᠡᠨ ᠳᠤ ᠪᠠᠭᠤᠯᠭᠠᠬᠰᠠᠨ ᠰᠠᠭᠤᠷᠢᠨ ᠳᠡᠭᠡᠷ᠎ᠡ ᠪᠠᠨ ᠬᠤᠵᠢᠮ ᠨᠢ ᠰᠣᠳᠣᠯᠭᠠᠨ ᠤ ᠠᠩᠭᠢ ᠶᠢᠨ ᠪᠠᠭᠰᠢ ᠨᠠᠷ ᠲᠠᠢ ᠪᠠᠨ ᠬᠠᠮᠵᠢᠯᠴᠠᠨ  ᠵᠢᠭᠠᠬᠤ ᠪᠠᠭᠠᠵᠢ ᠪᠦᠷᠢ ᠶᠢᠨ ᠵᠠᠳᠠᠯᠣᠯᠲᠠ ᠶᠢᠨ ᠶᠠᠪᠤᠴᠠ ᠶᠢ ᠨᠢᠭᠡ ᠨᠢᠭᠡ ᠪᠠᠷ ᠵᠢᠷᠤᠭ ᠤᠨ ᠬᠡᠯᠪᠡᠷᠢ ᠪᠠᠷ ᠢᠯᠡᠳᠭᠡᠨ ᠬᠠᠪᠰᠤᠷᠭᠠᠵᠤ ᠳᠡᠪᠳᠡᠷᠯᠡᠭᠡᠳ ᠴᠡᠴᠡᠷᠯᠢᠭ ᠤᠨ ᠢᠶᠠᠨ ᠪᠠᠭᠰᠢ ᠨᠠᠷ ᠲᠤ ᠪᠠᠨ  ᠵᠢᠭᠠᠬᠤ ᠮᠠᠲ᠋ᠧᠷᠢᠶᠡᠯ ᠪᠣᠯᠭᠠᠨ ᠳᠦᠬᠦᠮ ᠦᠵᠡᠬᠦᠯᠦᠭᠰᠡᠨ ᠪᠠᠶᠢᠨ᠎ᠠ᠃
     2013 ᠤᠨ ᠠᠴᠠ 2016 ᠤᠨ ᠪᠤᠯᠳᠠᠯ᠎ᠠ ᠲᠡᠷᠡ ᠭᠤᠷᠪᠠᠨ ᠵᠢᠯ ᠤᠨ ᠲᠤᠷᠰᠢ ︽ᠮᠤᠨᠲ᠋ᠧᠰᠣᠷᠢ ᠵᠢᠭᠠᠨ ᠰᠣᠷᠭᠠᠯᠳᠠ  ᠶᠢᠨ ᠠᠷᠭ᠎ᠠ ᠪᠠᠷᠢᠯ ᠳᠤ ᠰᠠᠭᠤᠷᠢᠯᠠᠨ ᠴᠡᠴᠡᠷᠯᠢᠭ ᠤᠨ ᠬᠡᠦᠬᠡᠳ ᠤᠨ ᠦᠪᠡᠷᠳᠡᠬᠡᠨ ᠭᠠᠷ ᠬᠦᠳᠡᠯᠵᠤ ᠬᠢᠵᠤ ᠣᠷᠣᠯᠳᠣᠬᠤ ᠴᠢᠳᠠᠪᠤᠷᠢ ᠶᠢ ᠬᠦᠮᠦᠵᠢᠬᠦᠯᠬᠦ ᠲᠤᠬᠠᠢ︾ ᠲᠣᠰᠬᠠᠢ ᠰᠡᠳᠦᠪ ᠢᠶᠠᠷ ᠠᠶᠢᠮᠠᠭ ᠤᠨ ᠲᠡᠰ ᠤᠨ ᠰᠣᠳᠣᠯᠭᠠᠨ ᠤ ᠰᠡᠳᠦᠪ ᠢ ᠲᠣᠷᠰᠢᠨ ᠬᠢᠬᠡᠳ ᠠᠮᠵᠢᠯᠳᠠ ᠲᠠᠢ ᠳᠡᠭᠦᠰᠭᠡᠵᠠᠢ᠃ ᠲᠡᠷᠡ ᠡᠶᠢᠨᠬᠦ ᠡᠮᠥᠨᠡᠬᠢ ᠵᠢᠷᠭᠤᠭᠠᠨ ᠵᠢᠯ ᠤᠨ ᠰᠣᠳᠣᠯᠭᠠᠨ ᠤ ᠥᠷ᠎ᠡ ᠪᠦᠳᠦᠮᠵᠢ ᠪᠣᠯᠣᠨ ᠳᠣᠷᠰᠢᠯᠭ᠎ᠠ ᠰᠣᠷᠭᠠᠮᠵᠢ ᠳᠡᠭᠡᠷ᠎ᠡ ᠪᠠᠨ ᠰᠠᠭᠤᠷᠢᠯᠠᠵᠣ᠂ 2016 ᠤᠨ ᠠᠴᠠ 2019 ᠤᠨ ᠪᠤᠯᠳᠠᠯ᠎ᠠ ᠮᠣᠨᠲ᠋ᠧᠰᠣᠷᠢ ᠶᠢᠨ ᠵᠢᠭᠠᠨ ᠰᠣᠷᠭᠠᠯᠳᠠ ᠶᠢᠨ ᠠᠷᠭ᠎ᠠ ᠪᠠᠷ ᠬᠡᠦᠬᠡᠳ ᠤᠨ ᠪᠦᠬᠦ ᠳᠠᠯ᠎ᠠ ᠶᠢᠨ ᠡᠶ᠎ᠡ ᠵᠣᠬᠢᠴᠠᠩᠭᠤᠢ ᠬᠦᠭᠵᠢᠯᠳᠡ  ᠶᠢ ᠠᠬᠢᠭᠤᠯᠬᠤ ᠶᠢᠨ ᠳᠠᠭᠠᠣ ᠭᠤᠣᠯᠳᠠᠭᠤ ᠬᠡᠦᠬᠡᠳ ᠤᠨ ᠳᠣᠭᠠᠨ ᠤ ᠰᠣᠨᠢᠷᠬᠠᠯ ᠢ ᠬᠦᠭᠵᠢᠭᠡᠬᠦ ᠵᠣᠷᠢᠯᠳᠠ ᠪᠠᠷ ᠭᠤᠣᠯᠳᠠᠯᠭ᠎ᠠ ᠪᠣᠯᠭᠠᠨ ︽ᠮᠣᠨᠲ᠋ᠧᠰᠣᠷᠢ ᠶᠢᠨ ᠵᠢᠭᠠᠨ ᠰᠣᠷᠭᠠᠯᠲᠠ ᠶᠢᠨ ᠠᠷᠭ᠎ᠠ ᠪᠠᠷᠢᠯ ᠳᠤ ᠰᠠᠭᠤᠷᠢᠯᠠᠵᠤ᠂ ᠴᠡᠴᠡᠷᠯᠢᠭ ᠤᠨ ᠬᠡᠦᠬᠡᠳ ᠤᠨ ᠳᠣᠭᠠᠨ ᠤ ᠰᠣᠨᠢᠷᠬᠠᠯ ᠢ ᠬᠦᠭᠵᠢᠭᠡᠬᠦ︾ ᠳᠣᠬᠠᠢ ᠳᠣᠰᠬᠠᠢ ᠰᠡᠳᠣᠪ ᠢᠶᠠᠷ ᠣᠷᠣᠨ ᠤ ᠳᠡᠰ ᠤᠨ ᠰᠣᠳᠣᠯᠭᠠᠨ ᠤ ᠠᠵᠢᠯ ᠢ ᠦᠪᠡᠷ ᠢᠶᠠᠨ ᠡᠷᠬᠢᠯᠡᠨ ᠬᠢᠵᠦ ᠠᠮᠵᠢᠯᠲᠠ ᠲᠠᠢ ᠳᠡᠭᠦᠰᠭᠡᠭᠰᠡᠨ ᠪᠠᠶᠢᠨ᠎ᠠ᠃   ᠬᠠᠰᠭᠤᠸ᠎ᠠ ᠪᠠᠭᠰᠢ ᠨᠢ 2010 ᠤᠨ ᠠᠴᠠ 2019 ᠤᠨ ᠬᠦᠷᠳᠡᠯᠡᠬᠢ 9 ᠵᠢᠯ ᠤᠨ ᠱᠠᠳᠣᠴᠢᠯᠠᠭᠰᠠᠨ ᠰᠣᠳᠣᠯᠭᠠᠨ ︵ᠴᠡᠴᠡᠷᠯᠢᠭ ᠤᠨ ᠲᠡᠰ᠂ ᠠᠶᠢᠮᠠᠭ ᠤᠨ ᠲᠡᠰ᠂ ᠣᠷᠣᠨ ᠤ ᠲᠡᠰ︶ ᠤ ᠠᠵᠢᠯ ᠢ ᠬᠢᠬᠦ ᠶᠠᠪᠤᠴᠠ ᠳᠤ ᠮᠣᠨᠲ᠋ᠧᠰᠣᠷᠢ ᠶᠢᠨ ᠵᠢᠭᠠᠨ ᠰᠤᠷᠭᠠᠯᠲᠠ ᠶᠢᠨ ᠠᠷᠭ᠎ᠠ ᠨᠢ ᠬᠡᠦᠬᠡᠳ ᠤᠨ ᠪᠦᠬᠦ ᠲᠠᠯ᠎ᠠ ᠶᠢᠨ ᠬᠦᠭᠵᠢᠯᠳᠡ ᠶᠢ ᠠᠬᠢᠭᠤᠯᠤᠨ᠂ ᠦᠪᠡᠷᠳᠡᠬᠡᠨ ᠭᠠᠷ ᠬᠦᠳᠡᠯᠵᠤ ᠬᠢᠵᠦ ᠣᠷᠣᠯᠳᠣᠬᠤ ᠴᠢᠳᠠᠪᠤᠷᠢ ᠪᠠᠷ ᠮᠠᠰᠢ ᠰᠠᠶᠢᠨ᠂ ᠲᠠᠯᠳᠠ ᠬᠦᠴᠦᠨ ᠴᠢᠳᠠᠪᠤᠷᠢ ᠪᠠᠨ ᠪᠠᠳᠠᠷᠠᠭᠤᠯᠵᠤ ᠴᠢᠳᠠᠳᠠᠭ᠂ ᠲᠠᠨᠢᠨ ᠮᠡᠳᠡᠬᠦ ᠴᠢᠳᠠᠪᠤᠷᠢ ᠪᠠᠷ ᠴᠢᠩᠭ᠎ᠠ᠂ ᠬᠠᠷᠢᠭᠤᠴᠠᠯᠭᠠᠳᠣ ᠰᠡᠳᠬᠢᠯ ᠲᠠᠢ᠂ ᠪᠣᠰᠣᠳ ᠢ ᠬᠠᠯᠠᠮᠵᠢᠯᠠᠬᠤ ᠶᠢ  ᠮᠡᠳᠡᠳᠡᠭ᠂ ᠠᠩᠬᠠᠷᠣᠯ ᠢᠶᠠᠨ ᠳᠦᠪᠯᠡᠷᠡᠬᠦᠯᠵᠦ ᠴᠢᠳᠠᠳᠠᠭ  ᠂ ᠳᠢᠭ᠍ᠯᠢᠮᠳᠣ ᠴᠢᠨᠠᠷ ᠢᠶᠠᠷ ᠨᠡᠩ ᠰᠠᠶᠢᠨ᠂ ᠣᠨᠴᠠᠭᠠᠶᠢᠯᠠᠨ ᠳᠣᠭᠠᠨ ᠤ ᠴᠢᠳᠠᠪᠣᠷᠢ ᠮᠠᠰᠢ ᠴᠢᠩᠭ᠎ᠠ  ᠁ ᠭᠡᠬᠦ ᠮᠡᠳᠦ ᠶᠢᠨ ᠳᠣᠪᠣᠶᠢᠮ᠎ᠠ ᠣᠨᠴᠠᠯᠢᠭ ᠲᠠᠢ ᠪᠠᠶᠢᠵᠤ᠂ ᠬᠡᠦᠬᠡᠳ ᠬᠦᠮᠦᠵᠢᠬᠦᠯᠬᠦ‍ ᠨᠢᠬᠡ ᠵᠦᠢᠯ ᠤᠨ ᠣᠨᠴᠠᠭᠠᠢ ᠰᠣᠷᠭᠠᠨ ᠬᠦᠮᠦᠵᠢᠯ ᠤᠨ ᠠᠷᠭ᠎ᠠ ᠪᠤᠯᠬᠤ ᠶᠢ ᠣᠯᠠᠮ ᠨᠢᠬᠡ ᠠᠯᠬᠤᠮ ᠬᠡᠷᠡᠴᠢᠯᠡᠵᠤ ᠴᠢᠳᠠᠭᠰᠠᠨ ᠠᠴᠠ 2015 ᠤᠨ ᠠᠴᠠ ᠡᠬᠢᠯᠡᠨ ᠪᠠᠷᠠᠭᠤᠨ ᠦᠵᠦᠮᠦᠴᠢᠨ ᠬᠤᠰᠢᠭᠤᠨ ᠤ ᠡᠯ᠎ᠡ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠳ ᠨᠢ ᠴᠦ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠣᠨ ᠰᠤᠷᠭᠠᠨ ᠬᠦᠮᠥᠵᠢᠯ ᠤᠨ ᠳᠣᠪᠴᠢᠶᠠᠨ ᠤ ᠬᠦᠴᠦᠳᠠᠢ ᠳᠡᠮᠵᠢᠯᠭᠡ ᠳᠤᠤᠷ᠎ᠠ ᠡᠨᠡᠬᠦ ᠵᠢᠭᠠᠨ ᠰᠣᠷᠭᠠᠯᠳᠠ ᠶᠢᠨ ᠠᠷᠭ᠎ᠠ ᠶᠢ ᠨᠡᠶᠢᠳᠡᠮ ᠳᠦᠭᠡᠮᠡᠯᠵᠢᠬᠦᠯᠥᠨ ᠭᠡᠷᠡᠭᠵᠢᠬᠦᠯᠦᠭᠰᠡᠨ ᠪᠠᠶᠢᠳᠠᠭ᠃   ᠲᠡᠷᠡᠪᠡᠷ 2015 ᠤᠨ ᠳᠤ ᠰᠢᠯᠢ ᠶᠢᠨ ᠭᠤᠤᠯ ᠠᠶᠢᠮᠠᠭ ᠤᠨ ᠰᠣᠷᠭᠠᠨ ᠬᠦᠮᠦᠵᠢᠯ ᠤᠨ ᠲᠤᠪᠴᠢᠶᠠᠨ ᠤ ᠬᠡᠪᠯᠡᠬᠦᠯᠦᠭᠰᠡᠨ ︽ᠮᠤᠩᠭᠤᠯ ᠰᠣᠶᠣᠯ ᠬᠦᠮᠦᠵᠢᠯ︾ ᠬᠡᠬᠦ ᠴᠡᠴᠡᠷᠯᠢᠭ ᠤᠨ ᠵᠠᠩ ᠦᠢᠯᠡ ᠶᠢᠨ ᠲᠤᠬᠠᠢ ᠨᠤᠮ ᠢ ᠡᠮᠬᠢᠳᠬᠡᠨ ᠨᠠᠶᠢᠷᠠᠭᠤᠯᠬᠤ ᠠᠵᠢᠯ ᠳᠤ ᠬᠡᠰᠢᠬᠦᠨ ᠤ ᠬᠤᠪᠢ ᠪᠠᠷ ᠣᠷᠣᠯᠴᠠᠵᠤ᠂ ᠴᠡᠴᠡᠷᠯᠢᠭ ᠤᠨ ᠬᠡᠦᠬᠡᠳ ᠤᠨ ᠬᠦᠮᠥᠵᠢᠯ ᠤᠨ ᠳᠤᠬᠠᠢ ᠬᠡᠰᠡᠭ ᠠᠭᠤᠯᠭ᠎ᠠ  ᠶᠢ ᠰᠣᠩᠭᠤᠨ ᠡᠮᠬᠢᠯᠡᠬᠦ ᠠᠵᠢᠯ ᠢ ᠬᠠᠷᠢᠭᠤᠴᠠᠨ ᠬᠦᠢᠴᠡᠳᠭᠡᠭᠰᠡᠨ ᠪᠠᠶᠢᠨ᠎ᠠ᠂   ︽ᠴᠡᠴᠡᠷᠯᠢᠭ ᠤᠨ ᠬᠡᠦᠬᠡᠳ ᠤᠨ ᠦᠪᠡᠷᠳᠡᠬᠡᠨ  ᠭᠠᠷ ᠬᠦᠳᠡᠯᠵᠦ ᠬᠢᠵᠤ ᠣᠷᠣᠯᠳᠣᠬᠤ ᠴᠢᠳᠠᠪᠤᠷᠢ ᠶᠢ ᠬᠦᠮᠦᠵᠢᠬᠦᠯᠬᠦ ᠲᠤᠬᠠᠢ︾ ᠰᠣᠳᠣᠯᠭᠠᠨ ᠤ ᠦᠬᠦᠯᠡᠯ ᠨᠢ ᠣᠷᠣᠨ ᠤ ᠲᠡᠰ ᠤᠨ ᠰᠢᠯᠢᠳᠡᠭ ᠦᠬᠦᠯᠡᠯ ᠢᠶᠠᠷ ᠦᠨᠡᠯᠡᠭᠳᠡᠵᠤ᠂ ︽ᠮᠤᠨᠲ᠋ᠧᠰᠣᠷᠢ  ᠶᠢᠨ ᠵᠢᠭᠠᠨ ᠰᠣᠷᠭᠠᠯᠳᠠ ᠶᠢᠨ ᠲᠤᠬᠠᠢ ᠮᠦᠴᠢᠳ ᠦᠬᠦᠯᠡᠬᠦ ᠨᠢ︾ ᠬᠡᠬᠦ ᠰᠣᠳᠣᠯᠭᠠᠨ ᠤ ᠦᠬᠦᠯᠡᠯ ᠨᠢ ᠣᠷᠣᠨ ᠤ ᠲᠡᠰ ᠤᠨ ︽ᠪᠠᠭᠰᠢ ᠶᠢᠨ ᠠᠪᠢᠶᠠᠰ ᠬᠡᠦᠬᠡᠳ ᠤᠨ ᠬᠤᠷ᠎ᠠ︾ ᠬᠡᠬᠦ ᠨᠤᠮ ᠳᠤ ᠨᠡᠶᠢᠳᠡᠯᠡᠭᠳᠡᠪᠡ᠃ ᠪᠠᠰᠠ ︽ᠦᠯᠢᠬᠡᠷ ᠤᠨ ᠬᠢᠴᠢᠶᠡᠯ ᠤᠨ ᠭᠡᠤᠭᠡᠳ ᠤᠨ ᠬᠦᠭᠵᠢᠯᠳᠡ ᠳᠤ ᠦᠵᠡᠬᠦᠯᠬᠦ ᠦᠢᠯᠡᠳᠦᠯ ᠤᠨ ᠲᠤᠬᠠᠢ ᠮᠦᠴᠢᠳ ᠦᠬᠦᠯᠡᠬᠦ ᠨᠢ︾ ᠬᠡᠬᠦ ᠦᠬᠦᠯᠡᠯ ᠨᠢ ᠦᠪᠦᠷ ᠮᠤᠩᠭᠤᠯ ᠤᠨ ︽ᠳᠤᠷᠭᠠᠨ  ᠵᠢᠯᠤᠭᠤ︾ ᠰᠡᠳᠬᠦᠯ ᠳᠤ ᠨᠡᠶᠢᠳᠡᠯᠡᠭᠳᠡᠵᠦ᠂ ︽ᠬᠡᠦᠬᠡᠳ ᠤᠨ ᠴᠡᠴᠡᠷᠯᠢᠭ ᠤᠨ ᠣᠷᠣᠨ ᠲᠤᠭᠤᠷᠢᠭ ᠤᠨ ᠬᠦᠳᠡᠯᠬᠡᠬᠡᠨ ᠢ ᠬᠡᠷᠬᠢᠨ ᠦᠷᠨᠢᠬᠦᠯᠬᠦ ᠲᠤᠬᠠᠢ︾ ᠦᠬᠦᠯᠡᠯ ᠨᠢ ᠨᠠᠢᠮᠠᠨ ᠮᠤᠵᠢ ᠣᠷᠣᠨ ᠤ ᠦᠬᠦᠯᠡᠯ ᠤᠨ ᠰᠢᠯᠭᠠᠷᠠᠭᠤᠯᠤᠯᠳᠠ ᠳᠤ ᠨᠢᠬᠡᠳᠦᠬᠡᠷ ᠲᠡᠰ ᠲᠤ ᠱᠠᠩᠨᠠᠭᠳᠠᠵᠠᠢ᠃ ᠮᠦᠨ ᠴᠦ ᠲᠡᠬᠦᠨ ᠤ ᠪᠢᠴᠢᠭᠰᠡᠨ ︽ᠬᠡᠦᠬᠡᠳ ᠤᠨ ᠴᠢᠯᠦᠬᠡᠳᠦ ᠬᠦᠳᠡᠯᠬᠡᠬᠡᠨ ᠪᠤᠯᠤᠨ ᠪᠠᠭᠰᠢ ᠶᠢᠨ ᠵᠢᠯᠣᠭᠤᠳᠬᠤ ᠦᠢᠯᠡᠳᠦᠯ ᠤᠨ ᠲᠤᠬᠠᠢ︾ ᠬᠡᠬᠦ ᠦᠬᠦᠯᠡᠯ  ᠨᠢ 2011 ᠤᠨ ᠳᠤ ᠣᠯᠣᠰ ᠤᠨ ᠲᠡᠰ ᠤᠨ ᠰᠢᠯᠢᠳᠡᠭ ᠦᠬᠦᠯᠡᠯ ᠤᠨ ᠰᠢᠯᠭᠠᠷᠠᠭᠤᠯᠤᠯᠲᠠ ᠳᠤ ᠨᠢᠬᠡᠳᠦᠬᠡᠷ ᠲᠡᠰ ᠲᠤ ᠣᠷᠣᠭᠰᠠᠨ ᠪᠠᠶᠢᠨ᠎ᠠ᠃  ᠬᠠᠰᠭᠤᠸ᠎ᠠ ᠪᠠᠭᠰᠢ ᠣᠯᠣᠰ ᠦᠨᠳᠦᠰᠦᠳᠡᠨ ᠤ ᠪᠠᠨ ᠰᠣᠶᠣᠯ ᠰᠣᠷᠭᠠᠨ ᠬᠦᠮᠦᠵᠢᠯ ᠤᠨ ᠦᠢᠯᠡᠰ ᠪᠠ ᠬᠡᠦᠬᠡᠳ ᠪᠠᠭᠠᠴᠤᠳ  ᠢ ᠬᠦᠮᠦᠵᠢᠬᠦᠯᠬᠦ ᠲᠠᠯ᠎ᠠ ᠳᠤ ᠣᠶᠣᠨ ᠤᠬᠠᠭᠠᠨ ᠬᠦᠴᠦ ᠬᠦᠯᠦᠰᠦ ᠪᠠᠨ ᠰᠢᠪᠬᠠᠨ ᠠᠵᠢᠯᠯᠠᠵᠤ᠂ ᠴᠡᠴᠡᠷᠯᠢᠭ ᠤᠨ ᠬᠡᠦᠬᠡᠳ  ᠤᠨ ᠵᠢᠭᠠᠨ ᠰᠤᠷᠭᠠᠯᠲᠠ ᠶᠢᠨ ᠲᠤᠬᠠᠢ 11 ᠵᠢᠯ ᠤᠨ ᠲᠣᠷᠰᠢ ᠲᠣᠰᠬᠠᠢ ᠰᠡᠳᠦᠪᠳᠦ ᠰᠣᠳᠣᠯᠭᠠᠨ ᠬᠢᠵᠤ᠂ ᠰᠢᠷᠭᠠᠭᠤ ᠠᠵᠢᠯᠯᠠᠵᠤ ᠢᠷᠡᠭᠰᠡᠨ ᠠᠴᠠ ᠡᠯ᠎ᠡ ᠱᠠᠳᠣᠨ ᠤ ᠰᠣᠷᠭᠠᠨ ᠬᠦᠮᠦᠵᠢᠯ ᠤᠨ ᠵᠤᠬᠢᠶᠠᠨ ᠪᠠᠶᠢᠭᠤᠯᠤᠯᠳᠠ ᠠᠴᠠ ᠲᠡᠬᠦᠨ ᠤ ᠠᠵᠢᠯ  ᠤᠨ ᠠᠮᠵᠢᠯᠳᠠ ᠪᠦᠳᠦᠮᠵᠢ ᠶᠢ ᠦᠨᠡᠯᠡᠵᠤ᠂ ᠮᠠᠰᠢ ᠣᠯᠠᠨ ᠢᠷᠠᠭᠤ ᠠᠯᠳᠠᠷ ᠪᠤᠯᠤᠨ ᠰᠠᠶᠢᠰᠢᠶᠠᠯ ᠬᠦᠬᠢᠬᠦᠯᠦᠯ ᠢ ᠤᠯᠭᠤᠭᠰᠠᠨ ᠪᠠᠶᠢᠳᠠᠭ᠃    ᠡᠬᠦᠨ ᠳᠤ᠂ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ︽ᠰᠦᠩ ᠴᠢᠩ ᠯᠢᠩ ᠨᠡᠷᠡᠮᠵᠢᠳᠤ ᠭᠡᠤᠭᠡᠳ  ᠤᠨ ᠬᠦᠮᠦᠵᠢᠯ ᠤᠨ ᠳᠤᠬᠠᠢ ᠳᠤᠮᠤ ᠱᠠᠩᠨᠠᠯ︾᠂ ︽ᠴᠡᠴᠡᠷᠯᠢᠭ ᠤᠨ ᠬᠦᠮᠥᠵᠢᠯ ᠤᠨ ᠰᠢᠨᠡᠴᠢᠯᠡᠯᠳᠡ ᠶᠢᠨ ᠵᠢᠳᠬᠦᠯᠳᠡᠨ ᠱᠠᠩᠨᠠᠯ︾᠂ ︽ᠠᠷᠪᠠᠨ ᠳᠠᠪᠣᠳᠣᠭᠠᠷ ᠬᠤᠭᠤᠴᠠᠭᠠᠨ ᠤ ᠪᠦᠬᠦ ᠣᠯᠣᠰ ᠤᠨ ᠣᠯᠠᠨ ᠵᠠᠭᠤᠴᠢᠳᠤ ᠺᠣᠣᠷᠰᠠᠶᠢᠷ ᠤᠨ ᠣᠷᠣᠯᠳᠣᠭᠠᠨ ᠤ ᠴᠡᠴᠡᠷᠯᠢᠭ ᠤᠨ ᠳᠣᠭᠤᠶᠢᠯᠠᠩ ᠤᠨ ᠰᠢᠯᠢᠳᠡᠭ ᠱᠠᠩᠨᠠᠯ︾  ᠭᠡᠬᠦ ᠮᠡᠳᠦ ᠤᠯᠤᠰ ᠤᠨ ᠳᠡᠰ ᠤᠨ ᠱᠠᠩᠨᠠᠯ ᠪᠠ ᠪᠦᠬᠦ ᠣᠷᠣᠨ ᠤ ︽ᠳᠥᠷᠪᠡᠳᠥᠭᠡᠷ ᠬᠤᠭᠤᠴᠠᠭᠠᠨ ᠤ ᠵᠠᠯᠭᠤ ᠪᠠᠭᠰᠢ ᠨᠠᠷ ᠤᠨ ᠣᠷ᠎ᠠ ᠴᠢᠳᠠᠪᠣᠷᠢ ᠶᠢᠨ ᠣᠷᠣᠯᠳᠣᠭᠠᠨ ᠤ ᠦᠵᠡᠬᠦᠯᠭᠡ ᠶᠢᠨ  ᠬᠦᠳᠡᠯᠪᠦᠷᠢ ᠶᠢᠨ ᠨᠢᠭᠡᠳᠥᠭᠡᠷ ᠳᠡᠰ ᠤᠨ ᠱᠠᠩᠨᠠᠯ  ︾᠂ ︽ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠵᠢᠷᠭᠤᠳᠣᠭᠠᠷ ᠬᠤᠭᠤᠴᠠᠭᠠᠨ ᠤ ᠵᠠᠯᠠᠭᠤ ᠪᠠᠭᠰᠢ ᠨᠠᠷ ᠤᠨ ᠵᠢᠭᠠᠬᠤ ᠳᠥᠰᠥᠪ ᠤᠨ ᠳᠥᠯᠥᠪᠯᠡᠭᠡ ᠶᠢᠨ ᠣᠷᠣᠯᠳᠣᠭᠠᠨ ᠤ ᠬᠤᠶᠠᠳᠣᠭᠠᠷ ᠨᠡᠷ᠎ᠡ︾ ᠵᠡᠷᠭᠡ ᠤᠷᠤᠨ ᠤ ᠳᠡᠰ ᠤᠨ ᠱᠠᠩᠨᠠᠯ ᠵᠢᠴᠢ ︽ᠰᠢᠯᠢ ᠶᠢᠨ ᠭᠤᠣᠯ ᠠᠶᠢᠮᠠᠭ ᠤᠨ ᠬᠥᠳᠡᠯᠮᠥᠷᠢ ᠶᠢᠨ ᠵᠢᠱᠢᠶᠡᠴᠢ ︵ᠳᠡᠷᠢᠬᠦᠨ ᠤ ᠠᠵᠢᠯᠳᠠᠨ︶︾᠂ ︽ᠵᠢᠭᠠᠨ ᠰᠣᠷᠭᠠᠬᠤ ᠴᠢᠳᠠᠪᠣᠷᠢᠳᠠᠨ︾ ᠵᠡᠷᠭᠡ ᠠᠶᠢᠮᠠᠭ ᠳᠡᠰ ᠤᠨ ᠱᠠᠩᠨᠠᠯ ᠠᠴᠠ ᠭᠠᠳᠠᠨ᠎ᠠ ︽ᠪᠠᠷᠠᠭᠤᠨ ᠥᠵᠥᠮᠥᠴᠢᠨ ᠬᠤᠰᠢᠭᠤᠨ ᠤ ᠨᠡᠷᠡᠳᠥ ᠪᠠᠭᠰᠢ︾᠂ ︽ᠳᠣᠭᠠᠨ ᠤ ᠤᠬᠠᠭᠠᠨ ᠤ ᠬᠢᠴᠢᠶᠡᠯ ᠳᠥᠷᠥᠯ ᠤᠨ ᠳᠠᠭᠠᠭᠤᠯᠣᠬᠴᠢ︾᠂ ︽ᠵᠢᠭᠠᠨ ᠰᠣᠷᠭᠠᠬᠤ ᠴᠢᠳᠠᠪᠣᠷᠢᠳᠠᠨ︾᠂ ︽ᠪᠦᠬᠦ ᠬᠤᠰᠢᠭᠤᠨ  ᠤ ᠰᠢᠯᠢᠳᠡᠭ ᠶᠣᠰᠣ ᠰᠣᠷᠳᠠᠬᠤᠨ ᠤ ᠬᠦᠮᠥᠵᠢᠯ ᠤᠨ ᠠᠵᠢᠯᠳᠠᠨ︾᠂ ︽ᠪᠦᠬᠦ ᠬᠤᠰᠢᠭᠤᠨ ᠤ ᠰᠢᠯᠢᠳᠡᠭ ᠠᠩᠬᠢ ᠶᠢᠨ ᠡᠷᠬᠢᠯᠡᠭᠴᠢ ︵2010 ᠣᠨ᠂ 2013 ᠣᠨ᠂ 2016 ᠣᠨ︶︾᠂ ︽ᠪᠦᠬᠦ ᠬᠤᠰᠢᠭᠤᠨ ᠤ ᠢᠷᠠᠭᠤ ᠠᠯᠳᠠᠷᠳᠣ ᠬᠦᠳᠡᠯᠮᠦᠷᠢᠴᠢᠨ︾᠂ ︽ᠪᠦᠬᠦ ᠬᠤᠰᠢᠭᠤᠨ ᠤ ᠰᠣᠳᠣᠯᠭᠠᠨ ᠤ ᠳᠣᠪᠣᠶᠢᠮ᠎ᠠ ᠠᠮᠵᠢᠯᠳᠠ ᠲᠠᠢ ᠪᠠᠭᠰᠢ︾᠂ ︽ᠪᠦᠬᠦ ᠬᠤᠰᠢᠭᠤᠨ ᠤ ᠬᠠᠮᠤᠭ ᠭᠤᠶᠣ ᠭᠡᠷ ᠪᠦᠯᠢ︾ ᠭᠡᠬᠦ ᠮᠡᠳᠦ ᠶᠢᠨ ᠬᠤᠰᠢᠭᠤ ᠳᠡᠰ ᠤᠨ ᠱᠠᠩᠨᠠᠯ ᠬᠦᠬᠢᠬᠦᠯᠥᠯ ᠢ  ᠬᠦᠷᠳᠡᠭᠰᠡᠨ  ᠢᠶᠠᠷ ᠪᠠᠷᠠᠬᠤ ᠦᠭᠡᠢ ᠪᠦᠬᠦ ᠬᠤᠰᠢᠭᠤᠨ ᠤ ᠴᠡᠴᠡᠷᠯᠢᠭ ᠤᠨ ᠵᠢᠭᠠᠨ ᠰᠣᠷᠭᠠᠯᠳᠠ ᠶᠢᠨ ᠶᠡᠷᠥᠩᠬᠡᠶᠢᠯᠡᠭᠰᠡᠨ ᠬᠡᠪ ᠴᠢᠨᠠᠷ ᠤᠨ ᠥᠨᠡᠯᠡᠯᠳᠡ ᠶᠢᠨ ᠰᠢᠯᠢᠳᠡᠭ ᠪᠦᠳᠦᠮᠵᠢ ᠶᠢᠨ ᠱᠠᠩᠨᠠᠯ ᠢ ᠨᠡᠶᠢᠳᠡ ᠳᠣᠯᠤᠭ᠎ᠠ ᠣᠳᠠᠭ᠎ᠠ ᠬᠦᠷᠳᠡᠵᠦ᠂ ᠪᠦᠬᠦ ᠬᠤᠰᠢᠭᠤᠨ ᠤ ᠳᠣᠮᠳᠠᠳᠣ ᠪᠠᠭ᠎ᠠ ᠰᠣᠷᠭᠠᠭᠤᠯᠢ ᠶᠢᠨ ᠨᠢᠭᠡᠳᠦᠯᠳᠡᠢ ᠴᠢᠨᠠᠷ ᠤᠨ ᠪᠠᠶᠢᠴᠠᠭᠠᠯᠳᠠ ᠳᠤ ᠨᠢᠭᠡᠳᠦᠭᠡᠷ ᠣᠨ ᠪᠣᠯᠣᠨ ᠳᠠᠪᠣᠳᠣᠭᠠᠷ ᠣᠨ ᠤ ᠮᠣᠩᠭᠤᠯ ᠬᠡᠯᠡ ᠪᠢᠴᠢᠭ ᠤᠨ ᠬᠢᠴᠢᠶᠡᠯ ᠤᠨ ᠨᠢᠭᠡ ᠬᠤᠶᠠᠳᠣᠭᠠᠷ ᠳᠡᠰ ᠤᠨ ᠱᠠᠩᠨᠠᠯ ᠢ ᠣᠷᠢᠳ ᠬᠤᠵᠢᠳ ᠵᠢᠷᠠ ᠭᠠᠷᠤᠢ ᠱᠠᠩᠨᠠᠯ ᠬᠦᠬᠢᠬᠦᠯᠥᠯ ᠬᠦᠷᠳᠡᠵᠦ ᠦᠩᠭᠡᠷᠡᠵᠠᠢ᠃   ᠬᠠᠰᠭᠤᠸ᠎ᠠ ᠪᠠᠭᠰᠢ 2008 ᠣᠨ ᠠᠴᠠ ᠨᠠᠰᠢ ᠠᠷᠪᠠᠭᠠᠳ ᠵᠢᠯ ᠤᠨ ᠳᠤᠷᠰᠢ ᠴᠡᠴᠡᠷᠯᠢᠭ ᠤᠨ ᠢᠶᠠᠨ ᠭᠤᠣᠯᠯᠠᠭᠴᠢ ᠪᠠᠭᠰᠢ ᠪᠣᠯᠣᠨ ᠵᠢᠭᠠᠬᠤ ᠶᠢ ᠰᠣᠳᠣᠯᠬᠤ ᠲᠤᠭᠤᠶᠢᠯᠠᠩ ᠤᠨ ᠬᠠᠷᠢᠭᠤᠴᠠᠯᠭᠠᠳᠠᠨ ᠪᠤᠯᠤᠭᠰᠠᠨ ᠤ ᠬᠤᠪᠢ ᠳᠤ ᠦᠪᠡᠷ ᠤᠨ ᠪᠡᠶ᠎ᠡ ᠪᠠᠨ ᠡᠯ᠎ᠡ ᠲᠠᠯ᠎ᠠ ᠪᠠᠷ ᠴᠢᠩᠭ᠎ᠠ ᠱᠠᠭᠠᠷᠳᠠᠨ᠂ ᠬᠤᠭᠤᠴᠠᠭ᠎ᠠ ᠪᠦᠷᠢ ᠨᠡᠬᠡᠬᠡᠯᠳᠡ ᠶᠢᠨ ᠬᠦᠳᠦᠯᠪᠦᠷᠢ ᠡᠷᠬᠢᠯᠡᠬᠦ᠂ ᠵᠠᠯᠠᠭᠤ ᠪᠠᠭᠰᠢ ᠨᠠᠷ ᠢᠶᠠᠨ ᠵᠢᠭᠠᠨ ᠵᠢᠯᠤᠭᠤᠳᠬᠤ᠂ ᠵᠢᠭᠠᠨ ᠰᠤᠷᠭᠠᠯᠲᠠ ᠶᠢᠨ ᠦᠬᠦᠯᠡᠯ ᠪᠢᠴᠢᠵᠤ ᠨᠡᠶᠢᠳᠡᠯᠡᠬᠦᠯᠬᠦ᠂ ᠵᠢᠭᠠᠬᠤ ᠪᠠᠭᠠᠵᠢ ᠦᠢᠯᠡᠳᠦᠨ ᠬᠢᠬᠦ᠂ ᠵᠢᠭᠠᠬᠤ ᠮᠠᠲ᠋ᠧᠷᠢᠶᠠᠯ ᠡᠮᠬᠢᠳᠬᠡᠨ ᠨᠠᠶᠢᠷᠠᠭᠤᠯᠬᠤ ᠵᠡᠷᠬᠡ ᠠᠵᠢᠯ ᠤᠳ ᠤᠨ ᠲᠠᠯ᠎ᠠ ᠪᠠᠷ ᠦᠪᠡᠷ ᠤᠨ ᠳᠠᠭᠤᠷᠢᠶᠠᠯ ᠦᠢᠯᠡᠳᠦᠯ ᠢᠶᠠᠨ ᠪᠠᠳᠠᠷᠠᠭᠤᠯᠤᠭᠰᠠᠭᠠᠷ ᠢᠷᠡᠵᠠᠢ᠃     2019 ᠣᠨ ᠠᠴᠠ 2022 ᠤᠨ ᠪᠤᠯᠳᠠᠯ᠎ᠠ ᠪᠦᠬᠦ ᠬᠤᠰᠢᠭᠤᠨ ᠤ  ︽ᠰᠣᠷᠭᠠᠭᠤᠯᠢ ᠶᠢᠨ ᠨᠠᠰᠣᠨ ᠠᠴᠠ ᠡᠮᠦᠨᠡᠬᠢ ᠰᠣᠷᠭᠠᠨ ᠬᠦᠮᠦᠵᠢᠯ ᠤᠨ ᠠᠵᠢᠯᠯᠠᠬᠤ ᠦᠷᠦᠭᠡ︾ ᠶᠢᠨ ᠳᠠᠭᠠᠭᠤᠯᠤᠭᠴᠢ ᠶᠢᠨ ᠠᠵᠢᠯ ᠢ ᠬᠠᠷᠢᠭᠤᠴᠠᠵᠤ ᠪᠠᠶᠢᠬᠤ ᠭᠤᠷᠪᠠᠨ ᠵᠢᠯ ᠤᠨ ᠬᠤᠭᠤᠴᠠᠭᠠᠨ ᠳᠤ ᠪᠠᠨ ᠴᠡᠴᠡᠷᠯᠢᠭ ᠤᠨ ︽3 — 6 ᠨᠠᠰᠤᠨ ᠤ ᠬᠡᠦᠬᠡᠳ ᠤᠨ ᠰᠣᠷᠣᠯᠴᠠᠯᠭ᠎ᠠ ᠪᠠ ᠬᠦᠭᠵᠢᠯᠳᠡ  ᠶᠢᠨ ᠵᠦᠭᠯᠡᠬᠦᠷ︾ ᠶᠢᠨ ᠲᠠᠶᠢᠯᠤᠮᠵᠢ ᠶᠢᠨ ᠪᠤᠯᠪᠠᠰᠣᠷᠠᠯ᠂ ᠪᠠᠭᠰᠢ ᠨᠠᠷ ᠤᠨ ︽ᠵᠦᠪ ᠲᠦᠷᠢᠮᠵᠢᠬᠦᠨ  ᠪᠢᠴᠢᠯᠭᠡ ᠶᠢᠨ ᠵᠢᠯᠤᠭᠤᠳᠣᠮᠵᠢ ᠶᠢᠨ ᠪᠤᠯᠪᠠᠰᠣᠷᠠᠯ︾᠂ ︽ᠰᠦᠯᠵᠢᠶᠡᠨ ᠤ ᠬᠢᠴᠢᠶᠡᠯᠯᠡᠭᠡ ᠶᠢᠨ ᠵᠢᠭᠠᠨ ᠰᠣᠷᠭᠠᠯᠳᠠ ᠶᠢ ᠬᠡᠷᠬᠢᠨ ᠵᠣᠬᠢᠶᠠᠨ ᠪᠠᠶᠢᠭᠤᠯᠬᠤ︾ ᠲᠤᠬᠠᠢ ᠵᠢᠯᠤᠭᠤᠳᠣᠮᠵᠢ ᠶᠢᠨ ᠪᠤᠯᠪᠠᠰᠣᠷᠠᠯ᠂ ︽ᠮᠤᠨᠲ᠋ᠧᠰᠣᠷᠢ ᠶᠢᠨ ᠵᠢᠭᠠᠨ ᠰᠤᠷᠭᠠᠯᠲᠠ ᠶᠢᠨ ᠳᠤᠬᠠᠢ ᠤᠨᠤᠯ  ᠤᠨ ᠲᠠᠶᠢᠯᠤᠮᠵᠢ ᠪᠠ ᠵᠢᠭᠠᠬᠤ ᠪᠠᠭᠠᠵᠢ ᠶᠢᠨ ᠵᠠᠳᠠᠯᠤᠯᠳᠠ︾ ᠶᠢᠨ ᠪᠤᠯᠪᠠᠰᠣᠷᠠᠯ ᠵᠡᠷᠬᠡ ᠪᠦᠬᠦ ᠬᠤᠰᠢᠭᠤᠨ ᠤ ᠠᠯᠪᠠᠨ ᠠᠴᠠ ᠡᠷᠬᠢᠯᠡᠭᠰᠡᠨ ᠵᠢᠷᠭᠤᠭᠠᠨ ᠴᠡᠴᠡᠷᠯᠢᠭ ᠤᠨ ᠪᠠᠭᠰᠢ ᠨᠠᠷ ᠤᠨ ᠪᠣᠯᠪᠠᠰᠤᠷᠠᠯ ᠢ ᠣᠷᠢᠳ ᠬᠤᠵᠢᠳ ᠠᠷᠪᠠ ᠭᠠᠷᠤᠢ ᠤᠳᠠᠭ᠎ᠠ ᠡᠷᠬᠢᠯᠡᠨ ᠶᠠᠪᠣᠭᠳᠠᠭᠤᠯᠣᠵᠤ᠂ ᠵᠠᠯᠠᠭᠤ ᠪᠠᠭᠰᠢ ᠨᠠᠷ ᠤᠨ ᠡᠯ᠎ᠡ ᠲᠠᠯ᠎ᠠ ᠶᠢᠨ ᠬᠦᠭᠵᠢᠯᠳᠡ ᠶᠢ ᠠᠬᠢᠭᠤᠯᠬᠤ ᠳᠤ ᠦᠪᠡᠷ ᠤᠨ ᠬᠤᠪᠢ ᠨᠡᠮᠡᠷᠢ ᠪᠠᠨ ᠦᠵᠡᠬᠦᠯᠦᠭᠰᠡᠭᠡᠷ ᠢᠷᠡᠭᠰᠡᠨ ᠪᠠᠶᠢᠨ᠎ᠠ᠃   ᠬᠠᠰᠭᠤᠸ᠎ᠠ ᠪᠠᠭᠰᠢ ᠨᠢ ᠦᠨᠥ ᠨᠠᠮᠤᠷ ᠬᠤᠰᠢᠭᠤ ᠪᠠᠶᠠᠨᠬᠤᠰᠢᠭᠤ ᠭᠡᠤᠭᠡᠳ ᠤᠨ ᠴᠡᠴᠡᠷᠯᠢᠭ   ᠲᠡᠭᠡᠨ ᠰᠢᠨ᠎ᠠ ᠪᠠᠭ᠎ᠠ ᠠᠩᠬᠢ ᠶᠢᠨ ᠬᠡᠦᠬᠡᠳ ᠤᠳ ᠢ ᠬᠦᠯᠢᠶᠠᠨ ᠠᠪᠴᠣ᠂ ᠭᠡᠤᠭᠡᠳ ᠪᠠᠭᠠᠴᠤᠳ ᠢ ᠬᠦᠮᠥᠵᠢᠬᠦᠯᠬᠦ ᠳᠠᠷᠬᠠᠨ ᠦᠢᠯᠡᠰ ᠲᠤ ᠪᠠᠨ ᠨᠠᠷᠢᠨ ᠨᠢᠮᠪᠠᠢ ᠬᠠᠷᠢᠭᠤᠴᠠᠯᠭᠠᠳᠤ ᠰᠡᠳᠬᠢᠯᠭᠡ ᠪᠠᠷ  ᠴᠢᠷᠮᠠᠶᠢᠨ ᠠᠵᠢᠯᠯᠠᠭᠰᠠᠭᠠᠷ ᠶᠠᠪᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号