ᠵᠠᠮ ᠵᠠᠰᠠᠬᠤ ᠲᠤᠬᠠᠢ ᠵᠠᠷᠯᠠᠯ | ᠪᠠᠷᠠᠭᠤᠨ ᠦᠵᠦᠮᠦᠴᠢᠨ ᠬᠤᠰᠢᠭᠤᠨ ᠤ W045 ᠡᠷᠬᠡᠲᠦᠠᠣᠪᠣᠭᠠ ᠠᠴᠠ ᠳᠣᠪᠣᠭ ᠬᠦᠷᠬᠦ ᠵᠠᠰᠠᠮᠠᠯ ᠵᠠᠮ ᠤᠨ | ᠲᠦᠷᠦᠯ ᠵᠦᠢᠯ ᠤᠨ ᠠᠵᠢᠯ ᠳᠠᠭᠤᠰᠤᠭ᠎ᠠ ᠦᠭᠡᠢ ᠪᠠᠶᠢᠵᠤ᠂ ᠵᠠᠮ ᠵᠠᠰᠠᠬᠤ ᠠᠵᠢᠯ ᠣᠳᠣ ᠶᠠᠭ ᠰᠠᠶᠢᠬᠠᠨ ᠶᠠᠪᠤᠭᠳᠠᠵᠤ | ᠪᠠᠶᠢᠭ᠎ᠠ ᠪᠣᠯᠬᠤᠷ ᠠᠮᠤᠷ ᠲᠦᠪᠰᠢᠨ ᠢᠶᠠᠷ ᠲᠡᠷᠭᠡ ᠨᠡᠪᠲᠡᠷᠡᠬᠦ ᠨᠥᠬᠦᠴᠡᠯ ᠢ ᠪᠦᠷᠢᠯᠳᠦᠬᠦᠯᠦᠭᠡ ᠦᠭᠡᠢ᠃ ᠪᠥᠬᠦ ᠵᠠᠮ | ᠱᠤᠭᠤᠮ ᠢᠶᠠᠷ ᠵᠥᠪᠬᠡᠨ ᠵᠠᠮ ᠵᠠᠰᠠᠬᠤ ᠠᠵᠢᠯ ᠤᠨ ᠮᠠᠰᠢᠨ ᠲᠡᠷᠭᠡ ᠶᠢ ᠨᠡᠪᠲᠡᠷᠡᠭᠦᠯᠦᠨ᠎ᠡ᠂ ᠵᠠᠮ ᠵᠠᠰᠠᠬᠤ ᠠᠵᠢᠯ ᠤᠨ | ᠮᠠᠰᠢᠨ ᠲᠡᠷᠭᠡ ᠨᠢ ᠬᠤᠷᠳᠤᠴᠠ ᠪᠠᠨ ᠪᠠᠭᠠᠰᠬᠠᠵᠤ ᠬᠢᠴᠢᠶᠡᠮᠵᠢᠲᠡᠢ ᠶᠠᠪᠤᠭᠠᠷᠠᠢ ︵ᠬᠤᠷᠳᠤᠴᠠ ᠶᠢ 5km/h ᠪᠠᠷ | ᠬᠢᠵᠠᠭᠠᠷᠯᠠᠨ᠎ᠠ︶᠃ ᠨᠡᠶᠢᠭᠡᠮ ᠤᠨ ᠮᠠᠰᠢᠨ ᠲᠡᠷᠭᠡ ᠵᠢᠴᠢ ᠵᠠᠮ ᠳᠠᠭᠠᠤ ᠮᠠᠯᠴᠢᠳ ᠲᠣᠭᠤᠷᠢᠵᠤ ᠶᠠᠪᠤᠬᠤ ᠵᠠᠮ ᠱᠤᠭᠤᠮ | ᠢᠶᠠᠨ ᠤᠷᠢᠳᠴᠢᠯᠠᠨ ᠲᠥᠯᠥᠪᠯᠡᠭᠡᠷᠡᠢ᠃ ᠵᠠᠮ ᠵᠠᠰᠠᠬᠤ ᠠᠵᠢᠯ ᠤᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠠᠮᠤᠷ | ᠲᠦᠪᠰᠢᠨ ᠢ ᠪᠠᠲᠤᠯᠠᠬᠤ ᠶᠢᠨ ᠲᠤᠰᠠᠳᠠ᠂ 2023 ᠣᠨ ᠤ 10 ᠰᠠᠷ᠎ᠠ ᠶᠢᠨ 18 ᠤ ᠡᠳᠦᠷ ᠠᠴᠠ ᠲᠣᠰ ᠵᠠᠮ ᠤᠨ | ᠬᠡᠰᠡᠭ ᠤᠨ ᠠᠵᠢᠯ ᠢ ᠰᠢᠯᠭᠠᠨ ᠬᠦᠯᠢᠶᠡᠵᠦ ᠠᠪᠬᠤ ᠠᠴᠠ ᠭᠡᠷᠡᠭᠯᠡᠯᠲᠡ ᠳᠤ ᠤᠷᠤᠬᠤ ᠪᠣᠯᠲᠠᠯ᠎ᠠ᠂ ᠵᠠᠮ ᠵᠠᠰᠠᠬᠤ ᠠᠵᠢᠯ | ᠤᠨ ᠪᠣᠰᠣ ᠠᠯᠢᠪᠠ ᠲᠡᠷᠭᠡ ᠤᠨᠤᠭ᠎ᠠ ᠨᠡᠪᠲᠡᠷᠡᠬᠦ ᠶᠢ ᠬᠤᠷᠢᠭᠯᠠᠨ᠎ᠠ᠃ ᠵᠠᠮ ᠵᠠᠰᠠᠬᠤ ᠠᠵᠢᠯ ᠠᠴᠠ ᠪᠣᠯᠵᠤ ᠲᠠᠨ ᠤ | ᠶᠠᠪᠤᠵᠤ ᠰᠠᠭᠤᠬᠤ ᠳᠤ ᠰᠠᠭᠠᠳ ᠤᠴᠠᠷᠠᠭᠤᠯᠤᠭᠰᠠᠨ ᠪᠣᠯ ᠣᠶᠢᠯᠠᠭᠠᠨ ᠠᠭᠤᠴᠢᠯᠠᠭᠠᠷᠠᠢ︕ | ᠡᠭᠦᠨ ᠤ ᠲᠤᠯᠠ ᠣᠨᠴᠠᠭᠠᠶᠢᠯᠠᠨ ᠵᠠᠷᠯᠠᠪᠠ | | ᠪᠠᠷᠠᠭᠤᠨ ᠦᠵᠦᠮᠦᠴᠢᠨ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ | 2023 ᠣᠨ ᠤ 10 ᠰᠠᠷ᠎ᠠ ᠶᠢᠨ 17 ᠤ ᠡᠳᠦᠷ | | |