ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠨᠤᠷᠪᠤᠰᠠᠩ︱ ᠨᠠᠮ ᠪᠠ ᠣᠯᠠᠨ ᠲᠦᠮᠡᠨ ᠤ ᠬᠦᠬᠦᠷᠭᠡ ᠬᠤᠯᠪᠤᠭᠠᠰᠤ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠎ᠠ 
ᠨᠡᠶᠢᠲᠡᠯᠡᠭᠰᠡᠨ ᠴᠠᠭ᠄
2023/10/7
   ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠨᠤᠷᠪᠤᠰᠠᠩ︱ ᠨᠠᠮ ᠪᠠ ᠣᠯᠠᠨ ᠲᠦᠮᠡᠨ ᠤ ᠬᠦᠬᠦᠷᠭᠡ ᠬᠤᠯᠪᠤᠭᠠᠰᠤ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠎ᠠ                                                          ︽ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ︾ ᠪᠣᠯ ᠬᠤᠰᠢᠭᠤ᠂ ᠰᠤᠮᠤ ᠪᠠᠯᠭᠠᠰᠤ᠂ ᠭᠠᠴᠠᠭ᠎ᠠ᠂ ᠲᠤᠤᠷᠴᠢᠯᠠᠭᠰᠠᠨ ᠬᠠᠷᠢᠯᠴᠠᠬᠤ ᠴᠡᠭ ᠵᠡᠷᠭᠡ ᠳᠥᠷᠪᠡᠨ ᠱᠠᠲᠤᠨ ᠤ ᠦᠨᠳᠦᠰᠦᠲᠡᠨ ᠤ ᠠᠵᠢᠯ ᠤᠨ ᠴᠢᠬᠤᠯᠠ ᠵᠠᠩᠭᠢᠯᠠᠭ᠎ᠠ ᠶᠢᠨ ᠴᠡᠭ ᠪᠠᠶᠢᠵᠤ᠂ ᠣᠯᠠᠨ ᠲᠦᠮᠡᠨ ᠲᠠᠢ ᠬᠠᠷᠢᠯᠴᠠᠬᠤ᠂ ᠣᠯᠠᠨ ᠲᠦᠮᠡᠨ ᠳᠤ ᠦᠢᠯᠡᠴᠢᠯᠡᠬᠦ᠂ ᠣᠯᠠᠨ ᠲᠦᠮᠡᠨ ᠢ ᠨᠢᠭᠲᠠᠷᠠᠭᠤᠯᠬᠤ ᠴᠢᠬᠤᠯᠠ ᠦᠢᠯᠡᠳᠦᠯ ᠢ ᠪᠠᠳᠠᠷᠠᠭᠤᠯᠵᠤ ᠪᠠᠶᠢᠳᠠᠭ᠃
  ᠪᠠᠷᠠᠭᠤᠨ ᠦᠵᠦᠮᠦᠴᠢᠨ ᠬᠤᠰᠢᠭᠤᠨ ᠤ 2023 ᠣᠨ ᠤ ︽ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠥᠨ︾ ᠭᠡᠬᠦ ᠢᠷᠠᠭᠤ ᠠᠯᠳᠠᠷ ᠤᠨ ᠴᠣᠯᠠ ᠶᠢ ᠭᠥᠷᠳᠡᠭᠰᠡᠨ ᠮᠠᠯᠴᠢᠨ ᠨᠤᠷᠪᠤᠰᠠᠩ ᠪᠤᠯ ᠤᠯᠠᠭᠠᠡᠬᠠᠭᠠᠯᠭ᠎ᠠ ᠰᠤᠮᠤᠨ ᠤ  ᠳᠠᠪᠰᠢᠯᠲᠤ ᠭᠠᠴᠠᠭᠠᠨ ᠤ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ᠂  ᠲᠤᠤᠷᠴᠢᠯᠠᠭᠰᠠᠨ ᠬᠠᠷᠢᠯᠴᠠᠬᠤ ᠴᠡᠭ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠣᠶ᠃ ᠲᠡᠷᠡ ᠢᠮᠠᠭᠲᠠ ᠤᠯᠠᠨ ᠲᠦᠮᠡᠨ  ᠤ ᠠᠵᠢᠯ ᠢ ᠲᠡᠷᠢᠬᠦᠨ ᠪᠠᠶᠢᠷᠢᠨ ᠳᠤ ᠲᠡᠯᠪᠢᠨ᠂  ︽ᠡᠴᠦᠰ ᠤᠨ ᠨᠢᠭᠡ ᠺᠢᠯᠤᠮᠧᠲᠷ︾ ᠤᠨ ᠦᠢᠯᠡᠳᠦᠯ ᠢᠶᠠᠨ ᠬᠦᠢᠴᠡᠳ ᠪᠠᠳᠠᠷᠠᠭᠤᠯᠬᠤ ᠪᠠᠨ ᠴᠢᠷᠮᠠᠶᠢᠨ ᠠᠵᠢᠯᠯᠠᠵᠤ᠂ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠢᠯᠣᠭᠤᠳᠤᠯᠭ᠎ᠠ ᠳᠣᠣᠷ᠎ᠠ ᠡᠯ᠎ᠡ ᠵᠦᠢᠯ ᠤᠨ ᠠᠵᠢᠯ ᠢᠶᠠᠨ ᠠᠮᠢᠳᠤᠯᠢᠭ ᠪᠤᠳᠠᠳᠠᠢ ᠬᠢᠵᠦ᠂ ᠡᠭᠡᠯ ᠵᠢᠷ ᠤᠨ ᠠᠵᠢᠯ ᠤᠨ ᠳᠤᠮᠳᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠪᠠᠷ ᠴᠢᠷᠮᠠᠶᠢᠨ ᠠᠵᠢᠯᠯᠠᠭᠰᠠᠭᠠᠷ ᠶᠠᠪᠤᠨ᠎ᠠ᠃
   ᠲᠣᠭᠲᠠᠮᠠᠯ ᠬᠤᠭᠤᠴᠠᠭ᠎ᠠ ᠲᠠᠢ ᠪᠠᠷ ᠲᠤᠤᠷᠴᠢᠯᠠᠭᠰᠠᠨ ᠬᠠᠷᠢᠯᠴᠠᠬᠤ ᠴᠡᠭ ᠤᠨ ᠮᠠᠯᠵᠢᠬᠤ ᠡᠷᠦᠬᠡ ᠳᠤ ᠭᠦᠨᠵᠡᠭᠡᠶᠢᠷᠡᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠣᠶᠢᠯᠠᠭᠠᠬᠤ᠂ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠬᠡᠷᠡᠭᠴᠡᠭᠡ  ᠶᠢ  ᠠᠰᠠᠭᠤᠨ ᠯᠠᠪᠯᠠᠨ᠂ ᠵᠤᠨ ᠡᠪᠦᠯ ᠤᠨ ᠤᠯᠠᠷᠢᠯ ᠤᠨ ᠮᠠᠯ ᠠᠵᠤ ᠠᠬᠤᠢ ᠶᠢᠨ ᠨᠡᠶᠢᠳᠡᠮ ᠪᠠᠶᠢᠴᠠᠭᠠᠯᠲᠠ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ᠂ ᠭᠠᠯ ᠢ ᠰᠡᠷᠭᠡᠶᠢᠯᠡᠵᠦ ᠵᠡᠷᠭᠡ ᠡᠳᠦᠷ ᠲᠤᠲᠤᠮ ᠤᠨ ᠠᠵᠢᠯ ᠤᠨ ᠳᠤᠮᠳᠠ᠂ ᠮᠠᠯᠴᠢᠨ ᠲᠦᠮᠡᠨ ᠢ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠳᠤ ᠠᠭᠤᠰᠤᠯᠴᠠᠭᠤᠯᠬᠤ ᠪᠠᠷ ᠴᠢᠷᠮᠠᠶᠢᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠨᠠᠮ ᠤᠨ ᠰᠢᠨ᠎ᠡ ᠶᠢ ᠡᠭᠦᠳᠬᠦ ᠤᠨᠤᠯ ᠢ ᠮᠠᠯᠴᠢᠨ ᠲᠦᠮᠡᠨ ᠳᠤ  ᠤᠬᠠᠭᠤᠯᠵᠤ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠳᠤᠮᠳᠠ᠂ ᠨᠤᠷᠪᠤᠰᠠᠩ ᠬᠤᠪᠢ ᠬᠥᠮᠥᠨ ᠤ ᠨᠣᠮ ᠪᠢᠴᠢᠭ ᠬᠠᠳᠠᠭᠠᠯᠠᠬᠤ ᠪᠠ ᠨᠣᠮ ᠪᠢᠴᠢᠭ ᠤᠩᠰᠢᠬᠤ ᠳᠤᠷ᠎ᠠ ᠪᠠᠬ᠎ᠠ ᠪᠠᠨ ᠢᠳᠡᠪᠬᠢᠲᠡᠢ ᠪᠠᠳᠠᠷᠠᠭᠤᠯᠵᠤ᠂ ᠦᠪᠡᠷ ᠢᠶᠠᠨ ᠵᠢᠷᠭᠤᠭᠠᠨ ᠮᠧᠲᠷ ᠥᠷᠭᠡᠨ ᠮᠣᠩᠭᠤᠯ ᠭᠡᠷ ᠤᠨ ᠤᠩᠰᠢᠯᠭ᠎ᠠ ᠶᠢᠨ ᠥᠷᠥᠭᠡ ᠪᠠᠶᠢᠭᠤᠯᠵᠤ᠂ 6000 ᠳᠡᠪᠲᠡᠷ ᠨᠣᠮ ᠬᠠᠳᠠᠭᠠᠯᠠᠵᠤ᠂ ᠲᠤᠤᠷᠴᠢᠯᠠᠭᠰᠠᠨ  ᠬᠠᠷᠢᠯᠴᠠᠬᠤ ᠴᠡᠭ ᠤᠨ ᠬᠦᠷᠢᠶ᠎ᠡ ᠴᠠᠷ᠎ᠠ ᠳᠠᠬᠢ ᠦᠨᠳᠦᠰᠦᠲᠡᠨ ᠨᠦᠭᠦᠳ ᠤᠨ ᠣᠯᠠᠨ ᠲᠦᠮᠡᠨ ᠢ ᠵᠣᠬᠢᠶᠠᠨ ᠪᠠᠶᠢᠭᠤᠯᠤᠨ ᠨᠣᠮ ᠤᠩᠰᠢᠬᠤ ᠠᠵᠢᠯᠯᠠᠭ᠎ᠠ ᠶᠢ 30 ᠭᠠᠷᠤᠢ ᠤᠳᠠᠭ᠎ᠠ ᠥᠷᠨᠢᠭᠦᠯᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠨᠣᠮ ᠤᠩᠰᠢᠵᠤ ᠰᠣᠯᠢᠯᠴᠠᠬᠤ᠂ ᠭᠡᠷ ᠪᠦᠯᠢ᠂ ᠬᠡᠦᠬᠡᠳ ᠪᠠᠭᠠᠴᠤᠳ ᠤᠨ ᠨᠣᠮ ᠤᠩᠰᠢᠬᠤ ᠠᠵᠢᠯᠯᠠᠭ᠎ᠠ ᠶᠢ 4 ᠤᠳᠠᠭ᠎ᠠ ᠵᠣᠬᠢᠶᠠᠨ ᠪᠠᠶᠢᠭᠤᠯᠤᠨ ᠡᠷᠭᠢᠯᠡᠵᠦ᠂ ᠣᠷᠣᠯᠴᠠᠭᠰᠠᠳ ᠤᠨ ᠲᠤᠭ᠎ᠠ ᠨᠢ 220 ᠬᠥᠮᠥᠨ ᠤᠳᠠᠭ᠎ᠠ ᠳᠤ ᠬᠦᠷᠴᠦ᠂ ᠠᠵᠢᠯᠯᠠᠭ᠎ᠠ ᠳᠤ ᠣᠷᠣᠯᠴᠠᠭᠰᠠᠨ ᠮᠠᠯᠴᠢᠳ ᠪᠠ ᠰᠤᠷᠤᠭᠴᠢᠳ ᠲᠤ 1.3 ᠲᠦᠮᠡᠨ ᠲᠥᠭᠦᠷᠢᠭ ᠤᠨ ᠦᠨ᠎ᠡ ᠥᠷᠲᠡᠭ ᠲᠠᠢ ᠨᠣᠮ ᠪᠢᠴᠢᠭ ᠪᠡᠯᠭᠡᠯᠡᠨ ᠥᠭᠴᠦ᠂ ᠬᠡᠦᠬᠡᠳ ᠤᠨ ᠨᠣᠮ ᠤᠩᠰᠢᠬᠤ ᠤᠷᠮ᠎ᠠ ᠪᠠᠬ᠎ᠠ ᠶᠢ ᠨᠡᠮᠡᠭᠳᠡᠭᠦᠯᠦᠨ᠂ ᠮᠠᠯᠴᠢᠨ ᠲᠦᠮᠡᠨ ᠤ ᠣᠶᠤᠨ ᠤ ᠠᠮᠢᠳᠤᠷᠠᠯ ᠢ ᠪᠠᠶᠠᠯᠢᠭᠵᠢᠭᠤᠯᠪᠠ᠃
  ᠡᠶᠢᠨᠬᠦ ᠲᠡᠷᠡᠪᠡᠷ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ ᠶᠢᠨ ᠳᠡᠭᠡᠳᠦ ᠱᠠᠲᠤᠨ ᠤ ᠨᠠᠮ ᠤᠨ ᠡᠭᠦᠷ ᠲᠠᠢ ᠬᠤᠯᠪᠣᠭᠠᠯᠠᠬᠤ᠂ ᠳᠣᠣᠷᠠᠳᠤ ᠱᠠᠲᠤᠨ ᠤ ᠮᠠᠯᠴᠢᠨ ᠡᠷᠦᠬᠡ ᠲᠠᠢ ᠬᠤᠯᠪᠣᠭᠠᠯᠠᠬᠤ᠂ ᠨᠠᠮ ᠤᠨ ᠭᠡᠰᠢᠭᠦᠨ ᠢ ᠳᠠᠶᠢᠴᠢᠯᠠᠬᠤ᠂ ᠣᠯᠠᠨ ᠲᠦᠮᠡᠨ ᠳᠤ ᠦᠢᠯᠡᠴᠢᠯᠡᠬᠦ ︽ᠬᠦᠬᠦᠷᠭᠡ ᠬᠤᠯᠪᠤᠭᠠᠰᠤ︾ ᠶᠢᠨ ᠦᠢᠯᠡᠳᠦᠯ ᠢ ᠭᠦᠢᠴᠡᠳ  ᠪᠠᠳᠠᠷᠠᠭᠤᠯᠤᠭᠰᠠᠭᠠᠷ ᠢᠷᠡᠵᠠᠢ᠃   ᠨᠤᠷᠪᠤᠰᠠᠩ ᠬᠡᠯᠡᠬᠦ ᠳᠡᠭᠡᠨ᠄ ︽ᠮᠠᠯᠴᠢᠨ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠮᠠᠯᠴᠢᠨ ᠲᠦᠮᠡᠨ ᠤ ᠦᠵᠡᠯ ᠰᠠᠨᠠᠭᠠᠨ ᠤ ᠠᠵᠢᠯ ᠢ ᠰᠠᠶᠢᠲᠤᠷ ᠬᠢᠬᠦ ᠶᠢ ᠴᠢᠬᠤᠯᠠ ᠡᠭᠦᠷᠭᠡ ᠪᠠᠨ ᠪᠣᠯᠭᠠᠵᠤ᠂ ᠪᠦᠯᠬᠦᠮᠳᠡᠯ ᠢ ᠡᠷᠬᠢᠮᠯᠡᠵᠦ᠂ ᠶᠡᠭᠡ ᠲᠠᠯ᠎ᠠ ᠶᠢ ᠬᠠᠷᠠᠭᠠᠯᠵᠠᠵᠤ᠂ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠦᠨᠳᠦᠰᠦᠲᠡᠨ ᠤ ᠪᠦᠯᠬᠦᠮᠳᠡᠯ ᠲᠠᠪᠰᠢᠯᠳᠠ ᠳᠤ ᠥᠪᠡᠷ ᠤᠨ ᠬᠦᠴᠦᠨ ᠴᠢᠳᠠᠯ ᠢᠶᠠᠨ ᠡᠷᠭᠦᠵᠦ᠂ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠲᠡᠨ ᠤ ᠪᠦᠯᠬᠦᠮᠳᠡᠯ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠳᠠᠭ ᠦᠵᠡᠰᠬᠦᠯᠡᠩᠲᠦ ᠰᠠᠶᠢᠬᠠᠨ  ᠵᠢᠷᠤᠭᠯᠠᠯ ᠢ ᠵᠢᠷᠤᠭᠯᠠᠨ᠎ᠠ︾ ᠭᠡᠵᠦ ᠪᠠᠶᠢᠯ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号