​ ᠤᠯᠠᠭᠠᠠᠬᠠᠭᠠᠯᠭ᠎ᠠ ᠰᠤᠮᠤ ᠭᠤᠤᠯ ᠰᠡᠳᠦᠪᠳᠦ ᠰᠤᠷᠤᠯᠴᠠᠯᠭ᠎ᠠ ᠬᠦᠮᠦᠵᠢᠯ ᠤᠨ ᠠᠭᠤᠯᠭ᠎ᠠ ᠶᠢ ᠪᠤᠳᠠᠳᠤ ᠠᠵᠢᠯ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/11/10
ᠤᠯᠠᠭᠠᠠᠬᠠᠭᠠᠯᠭ᠎ᠠ ᠰᠤᠮᠤ ᠭᠤᠤᠯ ᠰᠡᠳᠦᠪᠳᠦ ᠰᠤᠷᠤᠯᠴᠠᠯᠭ᠎ᠠ ᠬᠦᠮᠦᠵᠢᠯ ᠤᠨ ᠠᠭᠤᠯᠭ᠎ᠠ ᠶᠢ ᠪᠤᠳᠠᠳᠤ ᠠᠵᠢᠯ ᠲᠠᠢ  ᠪᠠᠨ ᠤᠶᠠᠯᠳᠤᠭᠤᠯᠤᠨ ᠨᠠᠶᠢᠳᠠᠪᠤᠷᠢᠵᠢᠭᠤᠯᠵᠤ ᠪᠠᠶᠢᠨ᠎ᠠ                 ᠪᠠᠷᠠᠭᠤᠨ ᠦᠵᠦᠮᠦᠴᠢᠨ ᠬᠤᠰᠢᠭᠤᠨ ᠤ ᠤᠯᠠᠭᠠᠠᠬᠠᠭᠠᠯᠭ᠎ᠠ ᠰᠤᠮᠤ ᠨᠢ ᠰᠢ ᠶᠢᠨ ᠫᠢᠩ ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠰᠤᠷᠤᠯᠴᠠᠯᠭ᠎ᠠ ᠬᠥᠮᠦᠵᠢᠯ ᠢ ᠡᠯ᠎ᠡ ᠲᠠᠯ᠎ᠠ ᠶᠢᠨ ᠠᠵᠢᠯ ᠤᠨ ᠭᠤᠣᠯᠳᠠᠯᠭ᠎ᠠ ᠲᠠᠢ  ᠪᠠᠨ ᠣᠷᠭᠠᠨᠢᠭ ᠢᠶᠠᠷ ᠤᠶᠠᠯᠳᠤᠭᠤᠯᠤᠨ᠂ ᠨᠢᠭᠡ ᠴᠣᠭᠴᠠᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠣᠶᠢᠷ᠎ᠠ ᠳᠤ ᠨᠠᠮ ᠤᠨ ᠭᠡᠰᠢᠭᠦᠨ ᠭᠤᠤᠯᠳᠠᠯᠭᠠᠳᠤ ᠡᠷᠦᠭᠡ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠲᠠᠢ ᠪᠠᠨ ᠤᠶᠠᠯᠳᠤᠭᠤᠯᠤᠨ᠂ ︽ᠭᠠᠯ ᠰᠡᠷᠭᠡᠶᠢᠯᠡᠬᠦ‍ ᠴᠢᠭ︾ ᠪᠠᠶᠢᠭᠤᠯᠵᠤ᠂ ᠮᠠᠯᠵᠢᠬᠤ ᠣᠷᠣᠨ ᠤ ᠭᠠᠯ ᠰᠡᠷᠭᠡᠶᠢᠯᠡᠨ ᠤᠨᠳᠠᠷᠠᠭᠠᠬᠤ ᠬᠢᠷᠢ ᠲᠦᠪᠰᠢᠨ ᠢ ᠲᠡᠭᠡᠭᠰᠢᠯᠡᠭᠦᠯᠪᠡ᠃   11 ᠰᠠᠷ᠎ᠠ ᠶᠢᠨ 2 ᠤ ᠡᠳᠦᠷ᠂ ᠤᠯᠠᠭᠠᠠᠬᠠᠭᠠᠯᠭ᠎ᠠ ᠰᠤᠮᠤᠨ ᠤ ᠠᠵᠢᠯᠳᠠᠳ ᠨᠢ ᠰᠠᠷᠠᠭᠤᠯᠳᠤᠶᠠᠭ᠎ᠠ ᠭᠠᠴᠠᠭᠠᠨ ᠤ ᠭᠠᠯ ᠰᠡᠷᠭᠡᠶᠢᠯᠡᠬᠦ‍ ᠴᠢᠭ ᠪᠤᠯᠬᠤ ᠬᠠᠰᠪᠠᠭᠠᠨ᠎ᠠ ᠶᠢᠨ ᠬᠢᠨ ᠳᠤ ᠢᠵᠢ ᠪᠦᠷᠢᠳᠦᠭᠰᠡᠨ ᠭᠠᠯ ᠤᠨᠲᠠᠷᠠᠭᠠᠬᠤ ᠲᠥᠬᠦᠭᠡᠷᠦᠮᠵᠢ ᠪᠠ ᠬᠤᠪᠴᠠᠰᠤ ᠬᠤᠨᠠᠷ ᠬᠦᠷᠭᠡᠨ ᠥᠭᠴᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠵᠥᠪ ᠵᠤᠬᠢᠰᠳᠠᠢ ᠬᠡᠷᠡᠭᠯᠡᠬᠦ ᠪᠠ ᠭᠠᠯ ᠤᠨ ᠠᠶᠤᠯ ᠢ ᠰᠡᠷᠭᠡᠶᠢᠯᠡᠨ ᠤᠨᠲᠠᠷᠠᠭᠠᠬᠤ ᠮᠡᠳᠡᠯᠭᠡ ᠶᠢᠨ ᠲᠠᠯ᠎ᠠ ᠪᠠᠷ ᠲᠠᠶᠢᠯᠪᠤᠷᠢᠯᠠᠵᠦ ᠦᠭᠪᠡ᠃    ᠣᠶᠢᠷ᠎ᠠ ᠳᠤ᠂ ᠤᠯᠠᠭᠠᠠᠬᠠᠭᠠᠯᠭ᠎ᠠ ᠰᠤᠮᠤ ᠨᠢ ᠤᠯᠤᠰ ᠤᠨ ᠵᠠᠮ ᠤᠨ 207 ᠳ᠋ᠤᠭᠠᠷ ᠱᠤᠭᠤᠮ ᠪᠠ 99 ᠨᠤᠮᠧᠷᠳᠤ ᠵᠠᠰᠠᠮᠠᠯ ᠵᠠᠮ ᠤᠨ ᠬᠤᠶᠠᠷ ᠱᠤᠭᠤᠮ ᠵᠢᠴᠢ ᠣᠶᠢᠲᠤ ᠭᠠᠵᠠᠷ ᠨᠤᠳᠤᠭ ᠲᠠᠢ ᠭᠠᠴᠠᠭ᠎ᠠ ᠪᠠᠷ ᠭᠤᠤᠯ ᠪᠤᠯᠭᠠᠵᠦ᠂ ᠨᠠᠮ ᠤᠨ ᠭᠡᠰᠢᠭᠦᠨ ᠭᠤᠣᠯᠳᠠᠯᠭᠠᠲᠤ ᠡᠷᠦᠬᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠦᠷᠦᠭᠡ ᠳᠤ ᠰᠠᠭᠤᠷᠢᠯᠠᠨ ᠭᠠᠯ ᠰᠡᠷᠭᠡᠶᠢᠯᠡᠬᠦ‍ ᠴᠢᠭ ᠪᠠᠶᠢᠭᠤᠯᠵᠤ᠂ ᠤᠳᠤ ᠪᠦᠬᠦ ᠰᠤᠮᠤᠨ ᠳᠤ 11 ᠭᠠᠯ ᠰᠡᠷᠭᠡᠶᠢᠯᠡᠬᠦ‍ ᠴᠢᠭ ᠭᠠᠷᠭᠠᠨ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠲᠤᠬᠢᠷᠠᠭᠤᠯᠪᠠ᠃ ᠡᠭᠦᠨ ᠤ ᠬᠠᠮᠲᠤ᠂ ᠭᠠᠯ ᠰᠡᠷᠭᠡᠶᠢᠯᠡᠬᠦ‍ ᠴᠢᠭ  ᠤᠨ ᠭᠡᠰᠢᠭᠦᠳ ᠢ ᠵᠣᠬᠢᠶᠠᠨ ᠪᠠᠶᠢᠭᠤᠯᠤᠨ ᠭᠠᠯ ᠰᠡᠷᠭᠡᠶᠢᠯᠡᠨ ᠤᠨᠳᠠᠷᠠᠭᠠᠬᠤ ᠪᠣᠯᠪᠠᠰᠤᠷᠠᠯ ᠬᠦᠷᠳᠡᠭᠡᠵᠦ᠂ ᠦᠨᠳᠦᠰᠦᠨ ᠱᠠᠲᠤᠨ ᠤ ᠭᠠᠯ ᠤᠨᠲᠠᠷᠠᠭᠠᠬᠤ ᠠᠩᠭᠢ ᠶᠢᠨ ᠭᠡᠰᠢᠭᠦᠳ ᠤᠨ ᠠᠪᠤᠷᠠᠨ ᠲᠤᠰᠠᠯᠠᠬᠤ ᠴᠢᠳᠠᠪᠤᠷᠢ ᠶᠢ ᠲᠡᠭᠡᠭᠰᠢᠯᠡᠬᠦᠯᠦᠨ ᠪᠥᠬᠦ ᠰᠤᠮᠤᠨ ᠤ ᠭᠡᠨᠡᠳᠳᠡ ᠶᠢᠨ ᠠᠳᠡᠯ ᠬᠡᠷᠡᠭ ᠢ ᠰᠡᠷᠭᠡᠶᠢᠯᠡᠨ ᠠᠷᠭᠠᠴᠠᠭᠠᠬᠤ ᠳᠤ ᠪᠠᠳᠤ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号