︽ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ | ᠬᠥᠭᠵᠢᠯᠲᠡ ᠳᠠᠬᠢ ᠳᠡᠮᠵᠢᠯᠭᠡ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠤᠨ ᠲᠠᠶᠢᠯᠤᠮᠵᠢ | ᠨᠢᠭᠡ᠂ ᠨᠡᠶᠢᠲᠡᠯᠡᠭᠰᠡᠨ ᠠᠬᠤᠢ ᠪᠠᠶᠢᠳᠠᠯ | ᠨᠠᠶᠢᠳᠠᠨ ᠰᠠᠭᠠᠲᠠᠭᠤᠯᠬᠤ ᠦᠢᠯᠡᠴᠢᠯᠡᠭᠡ ᠪᠣᠯ ᠠᠮᠢ ᠨᠠᠰᠤᠨ ᠤ ᠪᠥᠬᠦ ᠦᠶᠡᠯᠡᠯ ᠳᠠᠬᠢ ᠦᠢᠯᠡᠴᠢᠯᠡᠭᠡ | ᠬᠠᠮᠢᠶᠠᠷᠤᠯᠲᠠ ᠶᠢᠨ ᠴᠢᠬᠤᠯᠠ ᠠᠭᠤᠯᠭ᠎ᠠ ᠶᠤᠮ᠃ ᠣᠶᠢᠷ᠎ᠠ ᠶᠢᠨ ᠵᠢᠯ ᠤᠳ ᠲᠤ᠂ ᠡᠯ᠎ᠡ ᠭᠠᠵᠠᠷ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠠᠶᠢᠳᠠᠨ | ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠶᠢ ᠳᠡᠮᠵᠢᠬᠦ ᠶᠢ ᠨᠢ ᠢᠳᠡᠪᠬᠢᠲᠡᠢ ᠪᠠᠷ ᠵᠣᠷᠢᠭᠵᠢᠭᠤᠯᠵᠤ᠂ ᠪᠠᠯᠴᠢᠷ | ᠪᠠᠭ᠎ᠠ ᠨᠠᠰᠤᠨ ᠤ ᠬᠡᠦᠬᠡᠳ ᠤᠳ ᠤᠨ ᠬᠤᠭᠤᠯᠠ ᠤᠮᠳᠠ ᠰᠢᠮ᠎ᠡ ᠲᠡᠵᠢᠭᠡᠯ᠂ ᠦᠰᠦᠨ ᠪᠤᠶᠢᠵᠢᠯᠲᠠ᠂ ᠡᠪᠡᠳᠴᠢᠨ | ᠡᠮᠭᠡᠭ ᠢ ᠰᠡᠷᠭᠡᠶᠢᠯᠡᠨ ᠬᠤᠷᠢᠭᠯᠠᠬᠤ᠂ ᠠᠰᠠᠷᠠᠨ ᠬᠠᠷᠠᠭᠠᠯᠵᠠᠬᠤ ᠵᠡᠷᠭᠡ ᠲᠠᠯ᠎ᠠ ᠪᠠᠷ ᠨᠠᠶᠢᠳᠠᠨ ᠰᠠᠭᠠᠲᠠᠭᠤᠯᠬᠤ | ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ ᠠᠵᠢᠯᠲᠠᠳ ᠤᠨ ᠪᠣᠯᠪᠠᠰᠤᠷᠠᠯ ᠢ ᠴᠢᠩᠭᠠᠳᠬᠠᠨ᠂ | ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ ᠵᠢᠷᠤᠮᠵᠢᠭᠤᠨ ᠬᠥᠭᠵᠢᠯᠲᠡ ᠶᠢ ᠠᠬᠢᠭᠤᠯᠤᠭᠰᠠᠨ ᠠᠴᠠ ᠪᠠᠯᠴᠢᠷ ᠪᠠᠭ᠎ᠠ | ᠨᠠᠰᠤᠨ ᠤ ᠬᠡᠦᠬᠡᠳ ᠤᠳ ᠤᠨ ᠭᠡᠷ ᠤᠨ ᠠᠬᠠᠮᠠᠳ ᠪᠠ ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ ᠠᠵᠢᠯ | ᠡᠷᠬᠢᠯᠡᠭᠰᠡᠳ ᠤᠨ ᠰᠠᠶᠢᠨ ᠦᠨᠡᠯᠡᠯᠲᠡ ᠶᠢ ᠣᠯᠵᠠᠢ᠃ ᠲᠥᠪ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠭᠦᠨᠵᠡᠭᠡᠢ ᠲᠤᠭᠤᠰᠢᠯᠠᠭᠤᠯᠵᠤ᠂ ᠨᠡᠶᠢᠳᠡᠮ ᠳᠤ ᠠᠰᠢᠭ ᠬᠦᠷᠲᠡᠭᠡᠬᠦ ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ | ᠲᠣᠭᠲᠠᠯᠴᠠᠭ᠎ᠠ ᠶᠢ ᠶᠡᠭᠡ ᠪᠠᠷ ᠬᠥᠭᠵᠢᠭᠦᠯᠦᠨ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠬᠤ ᠬᠦᠰᠡᠯ | ᠡᠷᠡᠮᠡᠯᠵᠡᠯ ᠢ ᠲᠠᠰᠤᠷᠠᠯᠲᠠ ᠦᠭᠡᠢ ᠬᠠᠩᠭᠠᠬᠤ ᠶᠢᠨ ᠲᠥᠯᠥᠭᠡ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠨᠢ ᠤᠯᠤᠰ ᠤᠨ ᠬᠢᠲᠠᠳ ᠡᠮ ᠡᠮᠨᠡᠯᠭᠡ ᠶᠢᠨ ᠲᠣᠪᠴᠢᠶ᠎ᠠ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ | ᠬᠤᠷᠢᠭᠯᠠᠬᠤ ᠲᠣᠪᠴᠢᠶ᠎ᠠ ᠲᠠᠢ ᠬᠠᠮᠲᠤᠷᠠᠨ ᠡᠯ᠎ᠡ ᠭᠠᠵᠠᠷ ᠤᠨ ᠲᠤᠷᠰᠢᠯᠭ᠎ᠠ ᠨᠤᠭᠤᠳ ᠢ ᠳ᠋ᠦᠩᠨᠡᠭᠰᠡᠨ ᠰᠠᠭᠤᠷᠢᠨ | ᠳᠡᠭᠡᠷ᠎ᠡ᠂ | ︽ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ | ᠬᠥᠭᠵᠢᠯᠲᠡ ᠳᠠᠬᠢ ᠳᠡᠮᠵᠢᠯᠡᠭᠡ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ︵ᠳᠣᠷᠣᠭᠰᠢ ︽ᠵᠢᠯᠤᠭᠤᠳᠬᠤ ᠰᠠᠨᠠᠯ︾ | ᠭᠡᠵᠦ ᠲᠣᠪᠴᠢᠯᠠᠪᠠ︶ ᠢ ᠲᠣᠭᠲᠠᠭᠠᠨ ᠨᠡᠶᠢᠲᠡᠯᠡᠪᠡ᠃ | ᠬᠤᠶᠠᠷ᠂ ᠭᠤᠣᠯ ᠠᠭᠤᠯᠭ᠎ᠠ | ︽ᠵᠢᠯᠤᠭᠤᠳᠬᠤ ᠰᠠᠨᠠᠯ︾ ᠳᠤ ᠨᠡᠶᠢᠲᠡ ᠨᠠᠢᠮᠠᠨ ᠠᠭᠤᠯᠭ᠎ᠠ ᠲᠠᠢ᠃ ᠨᠢᠭᠡ ᠳᠤ᠂ ᠵᠠᠬᠢᠶᠠᠯᠠᠭ᠎ᠠ ᠶᠢᠨ ᠵᠥᠪᠯᠡᠯᠴᠡᠭᠡᠷ | ᠲᠣᠭᠲᠠᠬᠤ ᠦᠢᠯᠡᠴᠢᠯᠡᠭᠡ ᠶᠢ ᠥᠷᠨᠢᠭᠦᠯᠦᠨ᠎ᠡ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠨᠢ ᠨᠠᠶᠢᠳᠠᠨ ᠰᠠᠭᠠᠲᠠᠭᠤᠯᠬᠤ ᠪᠠᠶᠢᠭᠤᠯᠤᠮᠵᠢ ᠶᠢ ᠵᠥᠪᠯᠡᠯᠴᠡᠭᠡᠷ ᠲᠣᠭᠲᠠᠬᠤ ᠡᠲᠡᠭᠡᠳ ᠢᠶᠠᠨ ᠪᠣᠯᠭᠠᠨ᠂ | ᠦᠢᠯᠡᠴᠢᠯᠡᠭᠡᠨ ᠤ ᠵᠥᠪᠯᠡᠯᠴᠡᠭᠡᠷ ᠲᠣᠭᠲᠠᠵᠤ᠂ ᠪᠠᠯᠴᠢᠷ ᠪᠠᠭ᠎ᠠ ᠨᠠᠰᠤᠨ ᠤ ᠬᠡᠦᠬᠡᠳ ᠤᠳ ᠤᠨ ᠡᠷᠡᠭᠦᠯ ᠮᠡᠨᠳᠦ ᠶᠢᠨ | ᠬᠠᠮᠢᠶᠠᠷᠤᠯᠲᠠ ᠦᠢᠯᠡᠴᠢᠯᠡᠭᠡ ᠥᠷᠨᠢᠭᠦᠯᠦᠨ᠎ᠡ᠃ ᠬᠤᠶᠠᠷ ᠲᠤ᠂ ᠬᠡᠦᠬᠡᠳ ᠤᠳ ᠢ ᠠᠰᠠᠷᠠᠨ ᠬᠠᠷᠠᠭᠠᠯᠵᠠᠬᠤ ᠲᠠᠯ᠎ᠠ ᠶᠢᠨ | ᠵᠢᠯᠣᠭᠤᠳᠤᠯᠭ᠎ᠠ ᠶᠢ ᠴᠢᠩᠭᠠᠳᠬᠠᠨ᠎ᠠ᠃ ᠰᠢᠶᠠᠨ ᠤ ᠱᠠᠲᠤᠨ ᠤ ᠡᠬᠡ ᠨᠢᠯᠬᠠᠰ ᠤᠨ ᠰᠤᠪᠢᠯᠠᠯᠲᠠ ᠶᠢᠨ ᠪᠠᠶᠢᠭᠤᠯᠤᠮᠵᠢ ᠪᠠ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠨᠠᠶᠢᠳᠠᠨ ᠰᠠᠭᠠᠲᠠᠭᠤᠯᠬᠤ | ᠪᠠᠶᠢᠭᠤᠯᠤᠮᠵᠢ ᠲᠠᠢ ᠬᠠᠷᠢᠯᠴᠠᠨ᠂ ᠲᠣᠭᠲᠠᠮᠠᠯ ᠬᠤᠭᠤᠴᠠᠭ᠎ᠠ ᠲᠠᠢ ᠪᠠᠷ ᠭᠡᠷ ᠲᠤ ᠨᠢ ᠬᠦᠷᠴᠦ ᠲᠤᠰᠢᠶᠠᠯᠴᠠᠬᠤ ᠪᠠ | ᠵᠢᠯᠣᠭᠤᠳᠤᠨ᠎ᠠ᠃ ᠭᠤᠷᠪᠠ ᠳᠤ᠂ ᠬᠢᠲᠠᠳ ᠡᠮ ᠡᠮᠨᠡᠯᠭᠡ ᠶᠢᠨ ᠳᠠᠪᠠᠭᠤᠯᠢᠭ ᠣᠨᠴᠠᠯᠢᠭ ᠢ ᠪᠠᠳᠠᠷᠠᠭᠤᠯᠤᠨ᠎ᠠ᠃ ᠬᠢᠲᠠᠳ | ᠡᠮᠨᠡᠯᠭᠡ ᠶᠢᠨ ᠬᠤᠷᠢᠶ᠎ᠠ ᠳᠤᠮᠳᠠᠳᠤ ᠶᠢᠨ ᠤᠯᠠᠮᠵᠢᠯᠠᠯᠲᠤ ᠰᠢᠯᠢᠳᠡᠭ ᠡᠮ ᠡᠮᠨᠡᠯᠭᠡ ᠶᠢᠨ ᠰᠣᠶᠣᠯ ᠢ ᠬᠥᠭᠵᠢᠭᠦᠯᠦᠨ | ᠳᠡᠯᠭᠡᠷᠡᠭᠦᠯᠵᠦ᠂ ᠨᠠᠶᠢᠳᠠᠨ ᠰᠠᠭᠠᠲᠠᠭᠤᠯᠬᠤ ᠪᠠᠶᠢᠭᠤᠯᠤᠮᠵᠢ ᠲᠠᠢ ᠢᠳᠡᠪᠬᠢᠲᠡᠢ ᠪᠠᠷ ᠬᠠᠮᠲᠤᠷᠠᠨ᠂ ᠬᠢᠲᠠᠳ ᠡᠮ | ᠡᠮᠨᠡᠯᠭᠡ ᠶᠢᠨ ᠲᠣᠬᠢᠷᠠᠮᠵᠢᠲᠠᠢ ᠮᠡᠷᠭᠡᠵᠢᠯ ᠢ ᠳᠡᠯᠭᠡᠷᠡᠭᠦᠯᠦᠨ᠎ᠡ᠃ ᠳᠥᠷᠪᠡ ᠳᠤ᠂ ᠡᠪᠡᠳᠴᠢᠨ ᠡᠮᠭᠡᠭ ᠢ ᠰᠡᠷᠭᠡᠶᠢᠯᠡᠨ | ᠬᠤᠷᠢᠭᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠨᠠᠶᠢᠳᠠᠨ ᠰᠠᠭᠠᠲᠠᠭᠤᠯᠬᠤ ᠪᠠᠶᠢᠭᠤᠯᠤᠮᠵᠢ ᠶᠢᠨ ᠡᠪᠡᠳᠴᠢᠨ | ᠡᠮᠭᠡᠭ ᠢ ᠰᠡᠷᠭᠡᠶᠢᠯᠡᠨ ᠬᠤᠷᠢᠭᠯᠠᠬᠤ ᠠᠵᠢᠯ ᠳᠠᠬᠢ ᠬᠢᠨᠠᠯᠲᠠ ᠪᠠᠶᠢᠴᠠᠭᠠᠯᠲᠠ ᠶᠢ ᠬᠠᠤᠯᠢ ᠶᠣᠰᠣᠭᠠᠷ ᠴᠢᠩᠭᠠᠳᠬᠠᠵᠤ᠂ | ᠨᠠᠶᠢᠳᠠᠨ ᠰᠠᠭᠠᠲᠠᠭᠤᠯᠬᠤ ᠪᠠᠶᠢᠭᠤᠯᠤᠮᠵᠢ ᠶᠢᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ᠎ᠠ᠃ ᠲᠠᠪᠤ ᠳᠤ᠂ ᠬᠤᠯᠪᠣᠭᠳᠠᠯ ᠪᠦᠬᠦᠢ ᠳᠡᠮᠵᠢᠬᠦ | ᠲᠦᠷᠦ ᠶᠢᠨ ᠪᠣᠳᠣᠯᠭ᠎ᠠ ᠶᠢ ᠪᠦᠷᠢᠨᠰᠢᠭᠦᠯᠦᠨ᠎ᠡ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠠᠶᠢᠳᠠᠨ | ᠰᠠᠭᠠᠲᠠᠭᠤᠯᠬᠤ ᠦᠢᠯᠡᠴᠢᠯᠡᠭᠡ ᠥᠷᠨᠢᠭᠦᠯᠬᠦ ᠳᠤ ᠨᠢ ᠲᠠᠯᠠᠪᠤᠷ᠂ ᠠᠵᠢᠯᠲᠠᠨ᠂ ᠵᠠᠷᠤᠳᠠᠯ ᠵᠡᠷᠭᠡ ᠲᠠᠯ᠎ᠠ ᠪᠠᠷ ᠳᠡᠮᠵᠢᠬᠦ | ᠲᠥᠷᠥ ᠶᠢᠨ ᠪᠣᠳᠣᠯᠭ᠎ᠠ ᠶᠢ ᠲᠣᠳᠣᠷᠬᠠᠢ ᠲᠣᠭᠲᠠᠭᠠᠪᠠ᠃ ᠵᠢᠷᠭᠤᠭ᠎ᠠ ᠳᠤ᠂ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ᠨᠠᠶᠢᠳᠠᠨ ᠰᠠᠭᠠᠲᠠᠭᠤᠯᠬᠤ ᠪᠠᠶᠢᠭᠤᠯᠤᠮᠵᠢ ᠶᠢ ︽ᠬᠤᠶᠠᠷ ᠢ ᠲᠠᠰᠢᠷᠠᠮ ᠢᠶᠠᠷ ᠰᠤᠭᠤᠴᠢᠬᠤ᠂ ᠨᠢᠭᠡ ᠶᠢ | ᠢᠯᠡ ᠪᠣᠯᠭᠠᠬᠤ︾ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠬᠡᠪᠴᠢᠶᠡᠨ ᠳᠤ ᠠᠯᠬᠤᠮ ᠠᠯᠬᠤᠮ ᠢᠶᠠᠷ | ᠣᠷᠣᠭᠤᠯᠤᠨ ᠪᠠᠶᠢᠩᠭᠤ ᠪᠠᠶᠢᠴᠠᠭᠠᠨ᠎ᠠ᠃ ᠲᠤᠯᠤᠭ᠎ᠠ ᠳᠤ᠂ ᠨᠡᠶᠢᠲᠡᠯᠢᠭ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ | ᠠᠵᠢᠯ ᠢ ᠰᠠᠶᠢᠲᠤᠷ ᠠᠳᠬᠤᠨ᠎ᠠ᠃ ᠲᠤᠷᠰᠢᠯᠭ᠎ᠠ ᠶᠢ ᠴᠠᠭ ᠲᠤᠬᠠᠢ ᠳᠤ ᠨᠢ ᠳ᠋ᠦᠩᠨᠡᠨ ᠳᠡᠯᠭᠡᠷᠡᠭᠦᠯᠵᠦ᠂ ᠵᠢᠱᠢᠶ᠎ᠡ | ᠦᠵᠡᠭᠦᠯᠦᠨ ᠳᠠᠭᠠᠭᠤᠯᠬᠤ᠂ ᠳᠠᠶᠢᠴᠢᠯᠠᠨ ᠨᠥᠯᠥᠭᠡᠯᠡᠬᠦ ᠦᠢᠯᠡᠳᠦᠯ ᠢ ᠨᠢ ᠭᠦᠢᠴᠡᠳ ᠪᠠᠳᠠᠷᠠᠭᠤᠯᠤᠨ᠂ ᠨᠠᠶᠢᠳᠠᠨ | ᠰᠠᠭᠠᠲᠠᠭᠤᠯᠬᠤ ᠦᠢᠯᠡᠴᠢᠯᠡᠭᠡᠨ ᠤ ᠪᠦᠬᠦᠯᠢ ᠴᠣᠭᠴᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠨᠠᠢᠮᠠ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠨ᠎ᠠ᠃ ᠡᠯ᠎ᠡ ᠭᠠᠵᠠᠷ ᠤᠨ ᠬᠢᠨ | ᠪᠣᠳᠠᠲᠠᠢ ᠲᠠᠢ ᠪᠠᠨ ᠤᠶᠠᠯᠳᠤᠭᠤᠯᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠬᠢᠭᠡᠳ ᠨᠠᠶᠢᠳᠠᠨ | ᠬᠥᠮᠥᠵᠢᠭᠦᠯᠬᠦ ᠪᠠᠶᠢᠭᠤᠯᠤᠮᠵᠢ ᠶᠢᠨ ᠵᠠᠬᠢᠶᠠᠯᠠᠭ᠎ᠠ ᠶᠢᠨ ᠭᠡᠷ᠎ᠡ ᠲᠣᠭᠲᠠᠬᠤ ᠦᠢᠯᠡᠴᠢᠯᠡᠭᠡᠨ ᠤ ᠲᠣᠳᠣᠷᠬᠠᠢ | ᠬᠠᠭᠤᠳᠠᠰᠤ ᠶᠢ | ᠲᠣᠭᠲᠠᠭᠠᠨ᠎ᠠ᠃ | ᠭᠤᠷᠪᠠ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠤᠨ᠂ ᠠᠵᠢᠯ ᠤᠨ ᠲᠥᠰᠥᠯ ᠢᠶᠠᠨ ᠨᠠᠷᠢᠯᠢᠭᠵᠢᠭᠤᠯᠤᠨ᠂ | ᠵᠠᠬᠢᠶᠠᠯᠠᠭ᠎ᠠ ᠶᠢᠨ ᠵᠥᠪᠯᠡᠯᠴᠡᠭᠡᠷ ᠲᠣᠭᠲᠠᠬᠤ ᠦᠢᠯᠡᠴᠢᠯᠡᠭᠡᠨ ᠤ ᠲᠥᠰᠥᠯ ᠤᠨ ᠲᠣᠳᠣᠷᠬᠠᠢ ᠬᠠᠭᠤᠳᠠᠰᠤ ᠶᠢ | ᠲᠣᠭᠲᠠᠭᠠᠵᠤ᠂ ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠶᠢ ᠳᠡᠮᠵᠢᠬᠦ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ | ᠶᠡᠭᠡ ᠪᠠᠷ ᠠᠬᠢᠭᠤᠯᠬᠤ ᠬᠡᠷᠡᠭᠲᠡᠢ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠡᠦᠬᠡᠳ ᠢ ᠰᠤᠪᠢᠯᠠᠨ | ᠲᠣᠷᠳᠠᠬᠤ᠂ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ᠂ ᠬᠡᠦᠬᠡᠳ ᠢ ᠣᠨᠣᠰᠢᠯᠠᠨ ᠡᠮᠨᠡᠬᠦ ᠵᠡᠷᠭᠡ ᠲᠠᠯ᠎ᠠ ᠶᠢᠨ | ᠮᠡᠷᠭᠡᠵᠢᠯ ᠤᠨ ᠴᠢᠳᠠᠪᠤᠷᠢᠲᠠᠨ ᠪᠠ ᠡᠬᠢ ᠪᠠᠶᠠᠯᠢᠭ ᠤᠨ ᠳᠠᠪᠠᠭᠤᠯᠢᠭ ᠲᠠᠢ᠂ ᠤᠯᠤᠰ ᠤᠨ ᠦᠨᠳᠦᠰᠦᠨ ᠤᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠳᠤ ᠪᠠᠯᠴᠢᠷ ᠪᠠᠭ᠎ᠠ ᠨᠠᠰᠤᠨ ᠤ ᠬᠡᠦᠬᠡᠳ ᠤᠨ ᠰᠤᠪᠢᠯᠠᠯᠲᠠ ᠲᠠᠢ | ᠬᠤᠯᠪᠣᠭᠳᠠᠬᠤ ᠲᠥᠰᠥᠯ ᠤᠨ ᠱᠠᠭᠠᠷᠳᠠᠯᠭ᠎ᠠ ᠪᠠ ᠵᠠᠷᠤᠳᠠᠯ ᠤᠨ ᠳᠡᠮᠵᠢᠯᠭᠡ ᠲᠠᠢ᠂ ᠵᠢᠶᠠᠩᠰᠢ᠂ ᠵᠧᠵᠢᠶᠠᠩ ᠵᠡᠷᠭᠡ ᠮᠤᠵᠢ | ᠣᠷᠣᠨ ᠨᠤᠭᠤᠳ ᠲᠤ ᠨᠡᠯᠢᠶᠡᠳ ᠤᠯᠠᠨ ᠦᠢᠯᠡᠳᠦᠯᠭᠡ ᠶᠢᠨ ᠲᠤᠷᠰᠢᠯᠭ᠎ᠠ ᠲᠠᠢ ᠪᠠᠶᠢᠭᠰᠠᠨ ᠠᠴᠠ ᠲᠦᠷᠦ ᠶᠢᠨ | ᠪᠣᠳᠣᠯᠭ᠎ᠠ ᠶᠢ ᠤᠷᠤᠭᠰᠢᠲᠠᠢ ᠬᠡᠷᠡᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠠᠢ᠃ ᠨᠠᠶᠢᠳᠠᠨ ᠰᠠᠭᠠᠲᠠᠭᠤᠯᠬᠤ | ᠪᠠᠶᠢᠭᠤᠯᠤᠮᠵᠢ ᠳᠤ ᠪᠠᠯᠴᠢᠷ ᠪᠠᠭ᠎ᠠ ᠨᠠᠰᠤᠨ ᠤ ᠬᠡᠦᠬᠡᠳ ᠤᠳ ᠣᠯᠠᠨ ᠪᠥᠭᠡᠳ ᠴᠤᠭᠯᠠᠷᠠᠬᠤ ᠬᠥᠮᠥᠰ ᠨᠢ ᠨᠡᠯᠢᠶᠡᠳ | ᠣᠨᠴᠠᠭᠠᠶ ᠪᠠᠶᠢᠳᠠᠭ ᠪᠣᠯᠬᠤᠷ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠡᠮᠵᠢᠯᠭᠡ ᠪᠠ ᠵᠢᠯᠣᠭᠤᠳᠤᠯᠭ᠎ᠠ ᠪᠠᠨ | ᠴᠢᠩᠭᠠᠳᠬᠠᠬᠤ ᠴᠢᠬᠤᠯᠠᠲᠠᠢ ᠶᠤᠮ᠃ ᠴᠥᠭᠡᠨ ᠪᠤᠰᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ | ᠤᠯᠤᠰ ᠤᠨ ᠤᠷᠢᠶᠠᠯᠠᠭ᠎ᠠ ᠶᠢ ᠳᠠᠭᠠᠵᠤ᠂ ᠣᠷᠣᠨ ᠨᠤᠲᠤᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠬᠢ | ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠤᠭᠠᠳ ᠨᠠᠶᠢᠳᠠᠨ ᠰᠠᠭᠠᠲᠠᠭᠤᠯᠬᠤ ᠪᠠᠶᠢᠭᠤᠯᠤᠮᠵᠢ ᠶᠢ ᠪᠠᠶᠢᠭᠤᠯᠤᠭᠰᠠᠨ | ᠪᠠᠶᠢᠨ᠎ᠠ᠃ ᠵᠢᠷᠤᠮᠵᠢᠯ ᠲᠠᠢ ᠪᠠᠷ ᠠᠵᠢᠯᠯᠠᠭᠤᠯᠬᠤ᠂ ᠨᠡᠶᠢᠲᠡᠯᠢᠭ ᠵᠢᠱᠢᠶ᠎ᠡ ᠪᠠᠷ ᠵᠠᠮᠴᠢᠯᠠᠭᠤᠯᠬᠤ ᠶᠢ ᠪᠠᠷᠢᠮᠲᠠᠯᠠᠵᠤ᠂ | ᠲᠤᠬᠠᠢ ᠶᠢᠨ ᠭᠠᠵᠠᠷ ᠤᠨ ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ ᠡᠷᠡᠭᠦᠯ ᠢᠶᠠᠷ ᠬᠥᠭᠵᠢᠬᠦ ᠶᠢ ᠳᠠᠶᠢᠴᠢᠯᠠᠬᠤ ᠪᠠ | ᠬᠥᠲᠥᠯᠥᠨ ᠳᠠᠭᠠᠭᠤᠯᠬᠤ ᠬᠡᠷᠡᠭᠲᠡᠢ᠃ | ᠲᠠᠷᠠᠭᠠᠴᠢ ᠪᠠᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠬᠢᠲᠠᠳ ᠡᠮ | ᠡᠮᠨᠡᠯᠭᠡ ᠶᠢᠨ ᠲᠣᠪᠴᠢᠶ᠎ᠠ ᠪᠠ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠣᠪᠴᠢᠶ᠎ᠠ ᠤᠬᠠᠭᠤᠯᠤᠨ | ᠲᠠᠶᠢᠯᠪᠤᠷᠢᠯᠠᠬᠤ᠂ ᠠᠵᠢᠯᠲᠠᠳ ᠢ ᠪᠣᠯᠪᠠᠰᠤᠷᠠᠭᠤᠯᠬᠤ ᠪᠠ ᠬᠢᠨᠠᠨ ᠵᠢᠯᠤᠭᠤᠳᠴᠤ ᠪᠠᠶᠢᠴᠠᠭᠠᠨ ᠰᠤᠳᠤᠯᠬᠤ ᠵᠡᠷᠭᠡ | ᠠᠵᠢᠯ ᠢᠶᠠᠨ ᠴᠢᠩᠭᠠᠳᠬᠠᠵᠤ᠂ ᠰᠢᠨ᠎ᠡ ᠪᠠᠶᠢᠳᠠᠯ ᠰᠢᠨ᠎ᠡ ᠠᠰᠠᠭᠤᠳᠠᠯ ᠤᠳ ᠢ ᠴᠠᠭ ᠲᠤᠬᠠᠢ ᠳᠤ ᠨᠢ ᠰᠤᠳᠤᠯᠤᠨ | ᠰᠢᠢᠳᠪᠦᠷᠢᠯᠡᠵᠦ᠂ ︽ᠵᠢᠯᠤᠭᠤᠳᠬᠤ ᠰᠠᠨᠠᠯ︾ ᠤᠨ ᠡᠯ᠎ᠡ ᠵᠦᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠠᠬᠢᠭᠤᠯᠤᠨ᠎ᠠ᠃ | | |