ᠪᠠᠷᠠᠭᠤᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠲᠡᠷᠢᠭᠦᠨ ᠤ ᠦᠶᠯᠡ ᠠᠵᠢᠯᠯᠠᠭ᠎ᠠ ᠪᠠᠷᠠᠭᠤᠨ ᠦᠵᠦᠮᠦᠴᠢᠨ ᠬᠤᠰᠢᠭᠤᠨ ᠳᠤ ᠴᠢᠩᠭ᠎ᠠ ᠲᠤᠰᠬᠠᠯ ᠭᠠᠷᠪᠠ
ᠨᠡᠶᠢᠲᠡᠯᠡᠭᠰᠡᠨ ᠴᠠᠭ᠄
2023/11/14
    ᠪᠠᠷᠠᠭᠤᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠲᠡᠷᠢᠭᠦᠨ ᠤ ᠦᠶᠯᠡ ᠠᠵᠢᠯᠯᠠᠭ᠎ᠠ ᠪᠠᠷᠠᠭᠤᠨ ᠦᠵᠦᠮᠦᠴᠢᠨ ᠬᠤᠰᠢᠭᠤᠨ ᠳᠤ ᠴᠢᠩᠭ᠎ᠠ ᠲᠤᠰᠬᠠᠯ ᠭᠠᠷᠪᠠ                                                        11 ᠰᠠᠷ᠎ᠠ ᠶᠢᠨ 10 ᠤ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠬᠥᠬᠡᠬᠤᠲᠠ ᠳᠤ ︽ᠤᠮᠠᠷᠠᠲᠤ ᠬᠢᠯᠢ  ᠵᠢᠱᠢᠶᠡᠴᠢ︾ ᠪᠠᠷᠠᠭᠤᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠲᠡᠷᠢᠭᠦᠨ ᠤ ᠦᠶᠯᠡ ᠠᠵᠢᠯᠯᠠᠭ᠎ᠠ ᠶᠢ ᠨᠡᠶᠢᠲᠡᠯᠡᠬᠦ ᠬᠤᠷᠠᠯ ᠬᠤᠷᠠᠯᠳᠤᠵᠦ᠂ ᠪᠠᠷᠠᠭᠤᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠳᠤ  ︽ᠤᠮᠠᠷᠠᠲᠤ ᠬᠢᠯᠢ ᠶᠢᠨ  ᠵᠢᠱᠢᠶᠡᠴᠢ︾ ᠶᠢᠨ ᠴᠣᠯᠠ ᠣᠯᠭᠤᠪᠠ᠃    ᠪᠠᠷᠠᠭᠤᠨ ᠦᠵᠦᠮᠦᠴᠢᠨ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠣᠯᠠᠨ ᠵᠦᠶᠯ ᠤᠨ ᠠᠷᠭ᠎ᠠ ᠬᠡᠯᠪᠡᠷᠢ ᠪᠠᠷ ᠨᠡᠶᠢᠲᠡᠯᠡᠬᠦ ᠬᠤᠷᠠᠯ ᠢ ᠭᠥᠯᠢᠶᠡᠨ ᠠᠪᠴᠤ ᠦᠵᠡᠵᠦ᠂ ᠲᠡᠳᠡᠨ ᠤ ᠲᠡᠷᠢᠭᠦᠨ ᠤ ᠦᠶᠯᠡ ᠠᠵᠢᠯᠯᠠᠭ᠎ᠠ ᠨᠢ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠤ ᠳᠤᠮᠳᠠ ᠴᠢᠩᠭ᠎ᠠ ᠲᠤᠰᠬᠠᠯ  ᠭᠠᠷᠤᠯ᠎ᠠ᠃ ᠪᠤᠷᠤᠲᠤᠯᠥᠭᠠᠢ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠱᠦᠵᠢ᠂ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ  ᠮᠦᠡᠭᠭᠦᠨᠵᠤᠯᠠ: ︽ᠰᠢᠭᠤᠳ ᠨᠡᠪᠲᠡᠷᠡᠭᠦᠯᠭᠡ ᠶᠢ ᠦᠵᠡᠭᠡᠳ ᠲᠡᠳᠡᠨ ᠤ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ᠂ ᠲᠡᠰᠪᠦᠷᠢ ᠬᠠᠲᠠᠭᠤᠵᠢᠯᠲᠠᠢ ᠲᠡᠮᠡᠴᠡᠬᠦ᠂ ᠵᠣᠷᠢᠭᠲᠠᠢ ᠪᠠᠷ ᠰᠢᠨ᠎ᠡ ᠶᠢ ᠡᠭᠦᠳᠬᠦ᠂ ᠳᠤᠷᠠᠲᠠᠶ᠎ᠠ ᠬᠠᠷᠠᠮ ᠦᠭᠡᠢ ᠵᠢᠳᠬᠦᠬᠦ ᠵᠣᠷᠢᠭ ᠰᠠᠨᠠᠭ᠎ᠠ ᠶᠢ ᠤᠯᠵᠦ ᠬᠠᠷᠠᠯ᠎ᠠ᠃ ᠦᠨᠳᠦᠰᠦᠨ ᠱᠠᠲᠤᠨ ᠤ ᠠᠵᠢᠯᠲᠠᠨ ᠪᠣᠯᠤᠭᠰᠠᠨ ᠤ ᠬᠤᠪᠢ ᠳᠤ᠂ ᠲᠡᠳᠡᠨ ᠤ ᠪᠡᠶ᠎ᠡ ᠳᠡᠭᠡᠷᠡᠬᠢ ᠡᠶᠢᠮᠦᠷᠬᠦ ᠴᠤᠴᠠᠯᠲᠠ ᠥᠬᠡᠶ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠰᠤᠷᠤᠯᠴᠠᠬᠤ ᠳᠤ᠂ ᠪᠢᠳᠡ ᠬᠡᠵᠢᠶᠡᠳᠡ ᠰᠢᠨᠲᠠᠷᠠᠰᠢ ᠥᠬᠡᠶ ᠣᠶᠤᠨ ᠰᠠᠨᠠᠭᠠᠨ ᠤ ᠪᠠᠶᠢᠳᠠᠯ ᠪᠠ ᠡᠷᠡᠯᠬᠡᠭᠯᠡᠨ ᠲᠡᠮᠡᠴᠡᠬᠦ ᠣᠪᠣᠷ ᠢᠶᠠᠷ ᠨᠡᠶᠢᠭᠡᠮ ᠲᠣᠭᠤᠷᠢᠭ ᠤᠨ ᠠᠵᠢᠯ ᠦᠶᠯᠡᠰ ᠲᠤ ᠣᠷᠣᠯᠴᠠᠵᠤ᠂ ᠦᠨᠳᠦᠰᠦᠨ ᠱᠠᠲᠤᠨ ᠤ ᠪᠥᠲᠥᠭᠡᠨ ᠪᠠᠶᠢᠭᠤᠯᠤᠯᠲᠠ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ᠃ᠪᠠᠷᠠᠭᠤᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠬᠢ ᠶᠢᠨ  ᠭᠤᠷᠤᠬᠠᠨ ᠵᠡᠭᠡᠯᠢ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠦᠷᠳᠡᠭᠡᠨ ᠤ ᠤᠯᠤᠰ ᠲᠦᠷᠦ ᠶᠢᠨ ᠵᠢᠭᠠᠨ ᠵᠢᠯᠤᠭᠤᠳᠤᠬᠴᠢ ᠸᠠᠩ ᠰᠧᠨ      ᠮᠠᠨ ᠤ ᠶᠡᠭᠡ ᠠᠩᠬᠢ 38 ᠵᠢᠯ ᠤᠨ ᠴᠢᠷᠮᠠᠶᠢᠯᠭ᠎ᠠ ᠪᠠᠷ᠂ ᠰᠠᠭᠤᠭ᠎ᠠ ᠭᠠᠵᠠᠷ ᠤᠨ ᠠᠷᠠᠳ ᠢᠷᠭᠡᠳ ᠲᠡᠶ‌ᠬᠠᠷᠢᠯᠴᠠᠨ ᠬᠠᠪᠰᠤᠷᠤᠯᠴᠠᠵᠤ᠂ ᠦᠶ᠎ᠡ ᠦᠶ᠎ᠡ ᠶᠢᠨ ᠭᠠᠯ ᠤᠨᠲᠠᠷᠠᠭᠠᠭᠴᠢᠳ ᠤᠨ ᠬᠠᠮᠲᠤ ᠶᠢᠨ ᠴᠢᠷᠮᠠᠶᠢᠯᠭ᠎ᠠ ᠪᠠᠷ ︽ᠤᠮᠠᠷᠠᠲᠤ ᠬᠢᠯᠢ ᠶᠢᠨ ᠵᠢᠱᠢᠶᠡᠴᠢ  ︾ ᠶᠢᠨ ᠢᠷᠠᠭᠤ ᠠᠯᠲᠠᠷ ᠢ ᠣᠯᠤᠭᠰᠠᠨ ᠳᠠᠭᠠᠨ ᠮᠠᠰᠢ  ᠤᠮᠤᠭᠰᠢᠵᠦ ᠪᠠᠶᠢᠨ᠎ᠠ᠃ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠢ ᠰᠠᠬᠢᠨ ᠬᠠᠮᠠᠭᠠᠯᠠᠵᠤ ᠪᠠᠶᠢᠭ᠎ᠠ ᠭᠠᠯ ᠤᠨᠲᠠᠷᠠᠭᠠᠬᠤ ᠠᠩᠭᠢ ᠪᠣᠯᠤᠭᠰᠠᠨ ᠤ ᠬᠤᠪᠢ ᠳᠤ᠂ ᠪᠢᠳᠡ ᠶᠡᠷᠦᠩᠭᠡᠢ ᠱᠦᠵᠢ ᠵᠢᠨ‌‍ᠰᠤᠷᠭᠠᠯ ᠦᠭᠡ ᠶᠢᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠡᠬᠡ ᠤᠯᠤᠰ ᠤᠨ ᠤᠮᠠᠷᠠᠲᠤ ᠬᠢᠯᠢ ᠳᠤ ᠦᠨᠳᠦᠰᠦᠯᠡᠵᠦ᠂ ︽ᠮᠣᠩᠭᠤᠯ ᠮᠤᠷᠢᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ︽ᠠᠷᠠᠳ ᠢᠶᠠᠨ ᠬᠠᠶᠢᠷᠠᠯᠠᠭᠰᠠᠨ ᠵᠢᠱᠢᠶᠡᠴᠢ ᠬᠠᠮᠲᠤ  ︾ ᠶᠢᠨ ᠡᠷᠬᠢᠮ ᠳᠡᠭᠡᠳᠦ ᠢᠷᠠᠭᠤ ᠠᠯᠳᠠᠷ ᠢ ᠢᠮᠠᠭᠲᠠ ᠨᠠᠨᠳᠢᠩᠨᠠᠵᠤ᠂  ︽ᠨᠢᠭᠡ ᠣᠷᠣᠨ ᠤ ᠬᠥᠭᠵᠢᠯᠲᠡ ᠶᠢ ᠠᠬᠢᠭᠤᠯᠵᠤ᠂ ᠨᠢᠭᠡ ᠣᠷᠣᠨ ᠤ ᠠᠮᠤᠷ ᠠᠮᠤᠭᠤᠯᠠᠩ ᠢ ᠪᠠᠲᠤᠯᠠᠬᠤ ᠴᠢᠬᠤᠯᠠ ᠶᠡᠭᠡ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂  ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠦ᠂ ᠲᠠᠬᠢᠨ ᠰᠢᠨ᠎ᠡ ᠭᠠᠪᠢᠶ᠎ᠠ ᠪᠠᠶᠢᠭᠤᠯᠬᠤ   ᠪᠠᠷ ᠬᠦᠴᠦᠯᠡᠨ ᠴᠢᠷᠮᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号