︽ᠦᠵᠦᠮᠦᠴᠢᠨ ᠴᠠᠭᠠᠨ ᠦᠭᠡᠷ︾ ᠶᠠᠭᠠᠬᠢᠬᠤ ᠳᠠᠭᠠᠨ ᠲᠡᠶᠢᠮᠦ ᠰᠦᠷᠡᠬᠡᠢ ᠪᠠᠶᠢᠳᠠᠭ ᠪᠤᠢ | | | ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠲᠤ ᠶᠢᠨ ᠭᠤᠤᠯ ᠪᠠᠯᠭᠠᠰᠤᠨ ᠤ ᠦᠷᠡᠵᠢᠯ ᠭᠠᠴᠠᠭᠠᠨ ᠤ ᠮᠠᠯᠴᠢᠨ | ᠦᠢᠯᠡᠰ ᠤᠨ ᠪᠡᠯᠴᠢᠭᠡᠷ ᠲᠤ ᠨᠢᠭᠡ ᠰᠦᠷᠦᠭ ᠴᠠᠭᠠᠨ ᠦᠭᠡᠷ ᠲᠠᠷᠭᠤᠨ ᠲᠠᠪᠠᠳᠠᠢ ᠢᠳᠡᠰᠢᠯᠡᠨ᠎ᠡ᠃ ︽ᠡᠨᠡ ᠪᠣᠯ ᠶᠡᠷᠦᠩᠬᠡᠢ | ᠰᠠᠶᠢᠳ ᠵᠧᠦ ᠧᠨ ᠯᠠᠢ ᠶᠢᠨ ᠦᠪᠦᠷ ᠮᠤᠩᠭᠤᠯ ᠳᠤ ᠪᠡᠯᠭᠡᠯᠡᠭᠰᠡᠨ ᠱᠠᠷᠦ᠋ᠯᠠᠢ ᠡᠭᠦᠯᠳᠡᠷ ᠤᠨ ᠦᠭᠡᠷ ᠤᠨ ᠤᠳᠤᠮ ᠶᠤᠮ᠃ | ᠠᠳᠡᠬᠢ ᠶᠢᠨ ᠮᠠᠯᠴᠢᠳ ︿ᠦᠵᠦᠮᠦᠴᠢᠨ ᠴᠠᠭᠠᠨ ᠦᠬᠡᠷ﹀ ᠭᠡᠳᠡᠭ᠂ ᠮᠠᠨ ᠤ ᠡᠪᠦᠭᠡ ᠶᠢᠨ ᠦᠶ᠎ᠡ ᠠᠴᠠ ᠡᠬᠢᠯᠡᠨ | ᠠᠷᠠᠴᠢᠯᠠᠨ ᠲᠡᠵᠢᠭᠡᠨ ᠦᠷᠡᠵᠢᠬᠦᠯᠵᠦ ᠪᠤᠶᠢᠵᠢᠭᠤᠯᠵᠤ᠂ ᠤᠳᠤ ᠪᠣᠯᠲᠠᠯ᠎ᠠ ᠮᠠᠨ ᠤ ᠭᠤᠷᠪᠠᠨ ᠦᠶ᠎ᠡ ᠪᠠᠷ ᠢᠶᠠᠨ ᠨᠢᠮᠪᠠᠢ | ᠰᠠᠶᠢᠬᠠᠨ ᠠᠷᠠᠴᠢᠯᠠᠨ ᠲᠡᠵᠢᠭᠡᠵᠦ ᠪᠠᠶᠢᠭ᠎ᠠ ᠦᠬᠡᠷ ᠤᠨ ᠰᠦᠷᠦᠭ ᠪᠤᠯᠬᠤᠷ ᠪᠢ ᠡᠳᠡᠭᠡᠷ ᠴᠠᠭᠠᠨ ᠦᠬᠡᠷ ᠲᠤ ᠪᠠᠨ ᠭᠦᠨ | ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠳᠠᠭ᠃ ᠴᠠᠭᠠᠨ ᠦᠭᠡᠷ ᠨᠢ ᠮᠢᠨᠤ ᠠᠮᠢᠳᠤᠷᠠᠯ ᠤᠨ ᠠᠵᠤ ᠠᠬᠤᠢ ᠶᠢᠨ ᠭᠤᠤᠯ | ᠢᠷᠡᠯᠲᠡ ᠪᠣᠯᠬᠤ ᠪᠠᠷ ᠪᠠᠷᠠᠬᠤ ᠦᠭᠡᠢ᠂ ᠨᠠᠩ ᠴᠤ ᠮᠢᠨᠤ ᠰᠠᠶᠢᠨ ᠰᠠᠶᠢᠬᠠᠨ ᠠᠮᠢᠳᠤᠷᠠᠯ ᠢᠶᠠᠨ ᠴᠤᠭᠴᠠᠯᠠᠬᠤ ᠪᠠᠶᠠᠵᠢᠯ ᠤᠨ | ᠡᠷᠳᠡᠨᠢ ᠪᠤᠯᠬᠤ ᠶᠤᠮ︾ ᠭᠡᠵᠦ ᠮᠠᠯᠴᠢᠨ ᠦᠢᠯᠡᠰ ᠮᠠᠨ ᠤ ᠰᠤᠷᠪᠤᠯᠵᠢᠯᠠᠭ᠎ᠠ ᠶᠢᠨ ᠪᠠᠭ ᠤᠨ ᠬᠢᠨ ᠳᠤ ᠢᠨᠢᠶᠡᠮᠰᠦᠭᠯᠡᠨ | ᠶᠠᠷᠢᠵᠤ ᠪᠠᠶᠢᠯ᠎ᠠ᠃ | | | ᠡᠶᠢᠨᠬᠦ ᠦᠵᠦᠮᠦᠴᠢᠨ ᠨᠤᠳᠤᠭ ᠤᠨ ᠬᠠᠯᠠᠭᠤᠨ ᠡᠯᠢᠬᠡᠨ ᠳᠤ ᠡᠭᠡᠨᠡᠭᠰᠢᠨ ᠨᠤᠳᠤᠭᠰᠢᠭᠰᠠᠨ ᠴᠠᠭᠠᠨ ᠦᠬᠡᠷ ᠤᠨ ᠤᠭ | ᠢᠷᠡᠯᠲᠠ ᠨᠢ ᠶᠡᠭᠡ ᠦᠯᠢᠭᠡᠷ ᠤᠴᠢᠷ ᠲᠠᠢ ᠪᠠᠶᠢᠭᠰᠠᠨ ᠪᠠᠶᠢᠵᠠᠢ᠃ | 50 ᠵᠢᠯ ᠤᠨ ᠡᠮᠦᠨ᠎ᠡ᠂ ᠶᠡᠷᠦᠩᠬᠡᠢ ᠰᠠᠶᠢᠳ ᠵᠧᠦ ᠧᠨ ᠯᠠᠢ ᠹᠷᠠᠨᠼᠢ ᠶᠢᠨ ᠶᠡᠷᠦᠩᠬᠡᠶᠢᠯᠡᠭᠴᠢ ᠫᠧᠩᠫᠢᠳᠧ ᠶᠢᠨ | ᠪᠡᠯᠭᠡᠯᠡᠭᠰᠡᠨ 17 ᠲᠣᠯᠣᠭᠠᠢ ᠱᠠᠷᠦ᠋ᠯᠠᠢ ᠦᠬᠡᠷ ᠢ ᠥᠪᠥᠷ ᠮᠣᠩᠭᠤᠯ ᠳᠤ ᠪᠡᠯᠭᠡᠯᠡᠵᠦ ᠪᠣᠶᠢᠵᠢᠭᠤᠯᠤᠭᠰᠠᠨ ᠨᠢ ᠨᠠᠮ ᠤᠨ | ᠲᠥᠪ ᠬᠤᠷᠢᠶᠠᠨ ᠠᠴᠠ ᠴᠥᠭᠡᠨ ᠲᠣᠭᠠᠲᠤ ᠦᠨᠳᠦᠰᠦᠲᠡᠨ ᠳᠤ ᠬᠠᠨᠳᠤᠭᠤᠯᠤᠭᠰᠠᠨ ᠭᠦᠨ ᠵᠤᠵᠠᠭᠠᠨ ᠬᠠᠶᠢᠷ᠎ᠠ ᠬᠠᠯᠠᠮᠵᠢ ᠪᠠ | ᠴᠢᠩ ᠰᠡᠳᠬᠢᠯ ᠤᠨ ᠬᠦᠰᠡᠯ ᠡᠷᠡᠮᠡᠯᠵᠡᠯ ᠢ ᠢᠯᠡᠷᠡᠭᠦᠯᠵᠡᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠶᠡᠷᠦᠩᠬᠡᠢ ᠪᠠᠶᠢᠷᠢᠯᠠᠭᠤᠯᠤᠯᠲᠠ ᠪᠠᠷ | ᠳᠡᠮᠵᠢᠨ᠂ ᠪᠠᠷᠠᠭᠤᠨ ᠦᠵᠦᠮᠦᠴᠢᠨ ᠬᠤᠰᠢᠭᠤ ᠨᠢ ᠹᠷᠠᠨᠼᠢ ᠲᠠᠢ ᠠᠳᠠᠯᠢᠬᠠᠨ ᠥᠷᠭᠡᠷᠢᠭ ᠤᠨ ᠣᠷᠣᠨ ᠳᠤ ᠣᠷᠣᠰᠢᠵᠤ᠂ | ᠦᠩ ᠰᠢᠮᠢᠯᠢᠭ ᠲᠠᠯ᠎ᠠ ᠨᠤᠲᠤᠭ ᠂ ᠦᠪᠡᠷᠮᠢᠴᠡ ᠪᠠᠶᠢᠭᠠᠯᠢ ᠠᠬᠤᠢ ᠶᠢᠨ ᠤᠷᠴᠢᠨ ᠳᠤ ᠰᠠᠭᠤᠷᠢᠯᠠᠳᠠᠭ ᠠᠴᠠ ᠲᠤᠬᠠᠢ ᠶᠢᠨ | ᠦᠶ᠎ᠡ ᠳᠤ 17 ᠦᠬᠡᠷ ᠢ ᠪᠦᠬᠦᠨ ᠢ ᠪᠠᠷᠠᠭᠤᠨ ᠦᠵᠦᠮᠦᠴᠢᠨ ᠬᠤᠰᠢᠭᠤᠨ ᠤ ᠳ᠋ᠠᠴᠢᠨᠪᠤᠯᠠᠭ ᠮᠠᠯᠵᠢᠯ ᠤᠨ ᠲᠠᠯᠠᠪᠠᠶ ᠳᠤ | ᠬᠦᠷᠭᠡᠵᠦ ᠲᠡᠵᠢᠭᠡᠨ ᠦᠷᠡᠵᠢᠬᠦᠯᠵᠠᠢ᠃ | ︽ᠹᠷᠠᠨᠼᠢ ᠶᠢᠨ ᠦᠬᠡᠷ ᠮᠠᠨ ᠤ ᠮᠠᠯᠵᠢᠯ ᠤᠨ ᠲᠠᠯᠠᠪᠠᠢ ᠳᠤ ᠢᠷᠡᠪᠡ᠂ ᠵᠧᠦ ᠡᠸ᠋ᠨ ᠯᠠᠢ ᠶᠡᠷᠦᠩᠬᠡᠢ ᠰᠠᠶᠢᠳ ᠤᠨ | ᠬᠦᠷᠭᠡᠭᠰᠡᠨ ᠰᠢᠦ ᠁︾ ︽1973 ᠣᠨ ᠤ 10 ᠰᠠᠷ᠎ᠠ ᠶᠢᠨ ᠰᠡᠭᠦᠯᠴᠢ ᠶᠢᠨ ᠨᠢᠭᠡᠨ ᠡᠳᠦᠷ᠂ ᠮᠠᠰᠢᠨ ᠲᠡᠷᠭᠡᠨ ᠤ | ᠬᠦᠩᠭᠢᠨᠡᠮ᠎ᠡ ᠳᠠᠭᠤᠨ ᠢ ᠰᠤᠨᠤᠰᠤᠭᠠᠳ ᠭᠠᠳᠠᠨ᠎ᠠ ᠭᠠᠷᠬᠤ ᠳᠤ᠂ ᠠᠷᠪᠠᠭᠠᠳ ᠲᠤᠮᠤ ᠮᠠᠰᠢᠨ ᠲᠡᠷᠭᠡ ᠮᠠᠨ ᠤ ᠭᠡᠷ ᠠᠴᠠ | 20 ᠭᠠᠷᠤᠢ ᠮᠧᠲᠷ ᠵᠠᠶᠢᠲᠠᠢ ᠭᠠᠵᠠᠷ ᠲᠤ ᠵᠣᠭᠰᠣᠵᠤ ᠪᠠᠶᠢᠬᠤ ᠶᠢ ᠣᠯᠵᠤ ᠬᠠᠷᠠᠵᠠᠢ᠂ ᠤᠳᠠᠯ ᠦᠭᠡᠢ ᠠᠷᠪᠠᠭᠠᠳ | ᠠᠶᠢᠬᠤᠪᠲᠤᠷ ᠲᠤᠮᠤ ᠪᠡᠶ᠎ᠡ ᠲᠠᠢ ᠦᠬᠡᠷ ᠤᠳ ᠢ ᠲᠡᠷᠭᠡᠨ ᠠᠴᠠ ᠪᠠᠭᠤᠯᠭᠠᠬᠤ ᠳᠤ᠂ ᠶᠡᠬᠡᠳᠡ ᠭᠠᠶᠢᠬᠠᠨ ᠰᠣᠴᠢᠵᠤ᠂ ᠡᠶᠢᠮᠦ | ᠲᠤᠮᠤ ᠪᠡᠶ᠎ᠡ ᠲᠠᠢ ᠦᠬᠡᠷ ᠪᠠᠰᠠ ᠪᠠᠶᠢᠳᠠᠭ ᠶᠤᠮ ᠪᠠᠶᠢᠨ᠎ᠠ︖︾ ᠭᠡᠵᠦ 50 ᠵᠢᠯ ᠤᠨ ᠡᠮᠦᠨ᠎ᠡ ᠱᠠᠷᠦ᠋ᠯᠠᠢ ᠦᠬᠡᠷ ᠢ | ᠠᠩᠬ᠎ᠠ ᠦᠵᠡᠵᠦ ᠪᠠᠶᠢᠭᠰᠠᠨ ᠦᠶ᠎ᠡ ᠶᠢᠨ ᠪᠠᠶᠢᠳᠠᠯ ᠢᠶᠠᠨ ᠡᠷᠭᠢᠴᠡᠭᠦᠯᠬᠦ ᠳᠤ ᠪᠠᠶᠠᠠᠮᠡᠨᠳᠤ ᠲᠣᠪ ᠲᠣᠳᠣᠷᠬᠠᠢ ᠴᠡᠭᠡᠵᠢᠯᠡᠭᠰᠡᠭᠡᠷ | ᠪᠠᠶᠢᠯ᠎ᠠ᠃ ᠪᠠᠶᠠᠠᠮᠡᠨᠳᠤ ᠪᠣᠯ ᠪᠠᠷᠠᠭᠤᠨ ᠦᠵᠦᠮᠦᠴᠢᠨᠬᠤᠰᠢᠭᠤᠨ ᠤ ᠳ᠋ᠠᠴᠢᠨᠪᠤᠯᠠᠭ ᠤᠯᠤᠰ ᠤᠨ ᠮᠠᠯᠵᠢᠯ ᠤᠨ ᠲᠠᠯᠠᠪᠠᠶ ᠶᠢᠨ | ᠠᠵᠢᠯᠯᠠᠭᠴᠢ᠂ 1976 ᠣᠨ ᠠᠴᠠ ᠡᠬᠢᠯᠡᠨ ᠱᠠᠷᠦ᠋ᠯᠠᠢ ᠦᠬᠡᠷ ᠢ ᠨᠤᠲᠤᠭᠵᠢᠭᠤᠯᠤᠨ ᠦᠷᠡᠵᠢᠭᠦᠯᠦᠨ ᠪᠣᠶᠢᠵᠢᠭᠤᠯᠬᠤ | ᠠᠵᠢᠯ ᠳᠤ ᠣᠷᠣᠯᠴᠠᠵᠤ ᠪᠠᠶᠢᠵᠠᠢ᠃ | | ᠠᠵᠢᠯ ᠠᠴᠠ ᠠᠮᠠᠷᠠᠭᠰᠠᠨ ᠺᠠᠳ᠋ᠷ ᠪᠠᠶᠠᠠᠮᠡᠨᠳᠤ᠄ ︽ᠡᠨᠡ ᠪᠣᠯ ᠲᠥᠪ ᠠᠴᠠ ᠮᠠᠨ ᠤ ᠴᠥᠭᠡᠨ ᠲᠣᠭᠠᠲᠤ ᠦᠨᠳᠦᠰᠦᠲᠡᠨ ᠤ | ᠭᠠᠵᠠᠷ ᠣᠷᠣᠨ ᠢ ᠬᠠᠯᠠᠮᠵᠢᠯᠠᠵᠤ᠂ ᠥᠪᠥᠷ ᠮᠣᠩᠭᠤᠯ ᠤᠨ ᠠᠷᠠᠳ ᠲᠦᠮᠡᠨ ᠤ ᠠᠮᠢᠳᠤᠷᠠᠯ ᠤᠨ ᠬᠢᠷᠢ ᠲᠦᠪᠰᠢᠨ ᠢ | ᠳᠡᠭᠡᠭᠰᠢᠯᠡᠭᠦᠯᠵᠦ᠂ ᠮᠢᠬᠠᠨ ᠤ ᠠᠰᠠᠭᠤᠳᠠᠯ ᠢ ᠰᠢᠢᠳᠪᠦᠷᠢᠯᠡᠵᠦ᠂ ᠦᠢᠯᠡᠳᠬᠦᠨ ᠤ ᠥᠷᠲᠡᠭ ᠢ ᠳᠡᠭᠡᠭᠰᠢᠯᠡᠭᠦᠯᠵᠦ᠂ | ᠠᠮᠢᠳᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ ᠬᠦᠷᠭᠡᠭᠰᠡᠨ ᠦᠬᠡᠷ ᠪᠤᠯᠬᠤ ᠶᠤᠮ︾᠃ | 1973 ᠣᠨ ᠳᠤ ᠱᠠᠷᠦ᠋ᠯᠠᠢ ᠦᠬᠡᠷ ᠦᠵᠦᠮᠦᠴᠢᠨ ᠤ ᠲᠠᠯ᠎ᠠ ᠨᠤᠲᠤᠭ ᠲᠤ ᠨᠤᠲᠤᠭᠰᠢᠭᠰᠠᠨ ᠠᠴᠠ ᠨᠠᠰᠢ᠂ ᠲᠠᠯ᠎ᠠ | ᠨᠤᠲᠤᠭ ᠤᠨ ᠮᠠᠯᠴᠢᠳ ᠬᠠᠭᠠᠰ ᠵᠠᠭᠤᠨ ᠤ ᠲᠤᠷᠰᠢ ᠨᠠᠷᠢᠨ ᠨᠢᠮᠪᠠᠢ ᠠᠷᠠᠴᠢᠯᠠᠨ ᠲᠡᠵᠢᠭᠡᠵᠦ ᠲᠤᠰ ᠦᠭᠡᠷ ᠨᠢ ᠮᠤᠩᠭᠤᠯ | ᠦᠭᠡᠷ ᠲᠠᠢ ᠡᠷᠯᠢᠰᠵᠢᠬᠦᠯᠵᠦ ᠡᠬᠦᠯᠳᠡᠷᠵᠢᠬᠦᠯᠦᠨ ᠪᠤᠶᠢᠵᠢᠭᠤᠯᠬᠤ ᠪᠠᠷ ᠲᠠᠮᠵᠢᠨ᠂ ᠭᠠᠳᠠᠷ ᠲᠦᠷᠬᠦ ᠪᠠᠶᠢᠳᠠᠯ ᠨᠢ ᠨᠢᠭᠡᠳᠦᠯᠲᠠᠢ | ᠂ ᠤᠳᠤᠮᠰᠢᠯ ᠤᠨ ᠴᠢᠳᠠᠪᠬᠢ ᠨᠢ ᠲᠤᠭᠳᠠᠪᠤᠷᠢᠲᠠᠢ᠂ ᠬᠠᠬᠢᠷ ᠬᠦᠢᠲᠡᠨ ᠳᠤ ᠲᠠᠭᠠᠭᠠᠴᠠ ᠲᠠᠢ᠂ ᠭᠠᠵᠠᠷ ᠣᠷᠣᠨ ᠳᠤ | ᠵᠤᠬᠢᠴᠠᠭᠰᠠᠨ᠂ ᠥᠰᠦᠯᠲᠡ ᠲᠦᠷᠭᠡᠨ᠂ ᠭᠠᠩ ᠬᠠᠭᠰᠠᠷᠠᠭᠠᠨ ᠲᠠᠢ ᠲᠡᠮᠡᠴᠡᠬᠦ ᠴᠢᠳᠠᠪᠤᠷᠢ ᠪᠠᠷ ᠴᠢᠩᠭ᠎ᠠ᠂ ᠡᠪᠡᠳᠴᠢᠨ | ᠡᠮᠭᠡᠭ ᠢ ᠡᠰᠡᠷᠭᠦᠴᠡᠬᠦ ᠴᠢᠳᠠᠪᠤᠷᠢ ᠪᠠᠷ ᠴᠢᠩᠭ᠎ᠠ᠂ ᠤᠳᠤᠮᠰᠢᠯ ᠤᠨ ᠴᠢᠨᠠᠷ ᠢᠶᠠᠷ ᠲᠣᠭᠲᠠᠭᠤᠨ᠂ ᠡᠴᠢᠭᠡ ᠡᠬᠡ ᠪᠡᠶ᠎ᠡ ᠶᠢᠨ | ᠳᠠᠪᠠᠭᠤᠯᠢᠭ ᠢ ᠬᠠᠳᠠᠭᠠᠯᠠᠭᠰᠠᠨ ᠥᠪᠡᠷᠮᠢᠴᠡ ᠡᠭᠦᠯᠳᠡᠷ ᠤᠨ ᠣᠨᠴᠠᠯᠢᠭ ᠲᠠᠢ ︽ ᠦᠵᠦᠮᠦᠴᠢᠨ ᠴᠠᠭᠠᠨ ᠦᠭᠡᠷ︾ ᠤᠨ | ᠰᠦᠷᠦᠭᠵᠢᠯ ᠢ ᠪᠦᠷᠢᠯᠳᠦᠬᠦᠯᠪᠡ᠃᠂ | ᠦᠢᠯᠡᠰ ᠤᠨ ᠬᠢᠨ 180 ᠲᠣᠯᠣᠭᠠᠢ ︽ᠦᠵᠦᠮᠦᠴᠢᠨ ᠴᠠᠭᠠᠨ ᠦᠬᠡᠷ︾ ᠲᠠᠢ ᠪᠠᠶᠢᠵᠤ᠂ ᠨᠢᠭᠡ ᠦᠬᠡᠷ ᠤᠨ | ᠠᠰᠢᠭ ᠣᠷᠣᠯᠭ᠎ᠠ ᠨᠢ 10 ᠬᠤᠨᠢ ᠲᠡᠵᠢᠭᠡᠬᠦ ᠲᠠᠢ ᠲᠡᠩᠴᠡᠨ᠂ ᠥᠩᠭᠡᠷᠡᠭᠰᠡᠨ ᠬᠡᠳᠦᠨ ᠵᠢᠯ ᠤᠨ ᠦᠬᠡᠷ ᠤᠨ ᠦᠨ᠎ᠡ | ᠬᠠᠩᠰᠢ ᠦᠨᠳᠦᠷ ᠦᠶ᠎ᠡ ᠳᠤ ᠡᠷ᠎ᠡ ᠲᠤᠭᠤᠯ ᠨᠢ ᠬᠠᠮᠤᠭ ᠤᠨ ᠥᠨᠳᠥᠷ ᠲᠡᠭᠡᠨ 1.6 ᠲᠦᠮᠡᠨ ᠲᠥᠭᠦᠷᠢᠭ ᠢᠶᠠᠷ | ᠬᠤᠳᠠᠯᠳᠤᠳᠠᠭ ᠪᠠᠶᠢᠵᠠᠢ᠃ | | ᠦᠢᠯᠡᠰ ᠤᠨ ᠡᠵᠢ ᠬᠠᠰᠪᠢᠯᠢᠭ᠌᠄ ︽ ᠮᠠᠨ ᠤ ᠦᠬᠡᠷ ᠤᠨ ᠰᠦᠷᠦᠭ ᠪᠣᠯ ᠶᠡᠷᠦᠩᠭᠡᠢ ᠰᠠᠶᠢᠳ ᠵᠸᠤ ᠡᠸ᠋ᠨ ᠯᠠᠢ ᠶᠢᠨ | ᠦᠪᠦᠷ ᠮᠤᠩᠭᠤᠯ ᠳᠤ ᠪᠡᠯᠭᠡᠯᠡᠭᠰᠡᠨ ᠱᠠᠷᠦ᠋ᠯᠠᠢ ᠡᠭᠦᠯᠳᠡᠷ ᠤᠨ ᠦᠭᠡᠷ ᠤᠨ ᠤᠳᠤᠮ ᠶᠤᠮ᠃ ᠶᠠᠭ ᠡᠶᠢᠮᠦ ᠤᠴᠢᠷ ᠠᠴᠠ | ᠪᠢᠳᠡ ᠴᠠᠭᠠᠨ ᠦᠬᠡᠷ ᠲᠤ ᠪᠠᠨ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠳᠠᠭ᠂ ᠮᠠᠨ ᠤ ᠭᠤᠷᠪᠠᠨ ᠦᠶ᠎ᠡ ᠪᠠᠷ ᠢᠶᠠᠨ | ᠡᠲᠡᠭᠡᠷ ᠴᠠᠭᠠᠨ ᠦᠬᠡᠷ ᠢ ᠲᠡᠵᠢᠭᠡᠨ ᠦᠷᠡᠵᠢᠭᠦᠯᠦᠭᠰᠡᠨ ᠠᠰᠢᠭ ᠣᠷᠣᠯᠭ᠎ᠠ ᠪᠠᠷ ᠢᠶᠠᠨ ᠠᠮᠢᠳᠤᠷᠠᠯ ᠢᠶᠠᠨ ᠤᠯᠠᠮ ᠠᠴᠠ ᠤᠯᠠᠮ | ᠴᠢᠨᠡᠭᠡᠵᠢᠭᠵᠢᠭᠦᠯᠵᠦ᠂ ᠲᠤᠶᠢᠯ ᠤᠨ ᠰᠡᠳᠬᠢᠯ ᠬᠠᠨᠤᠮᠵᠢᠲᠠᠢ ᠪᠠᠶᠢᠨ᠎ᠠ︾ ᠭᠡᠵᠠᠢ ᠃ | ᠦᠶ᠎ᠡ ᠦᠶ᠎ᠡ ᠶᠢᠨ ᠲᠠᠯ᠎ᠠ ᠨᠤᠲᠤᠭ ᠤᠨ ᠬᠥᠮᠥᠰ ᠤᠨ ᠬᠠᠭᠠᠰ ᠵᠠᠭᠤᠨ ᠤ ᠤᠶᠢᠭ᠎ᠠ ᠦᠭᠡᠢ ᠴᠢᠷᠮᠠᠶᠢᠯᠭ᠎ᠠ ᠪᠠᠷ ᠳᠠᠮᠵᠢᠨ᠂ | ︽ᠦᠵᠦᠮᠦᠴᠢᠨ ᠴᠠᠭᠠᠨ ᠦᠬᠡᠷ︾ ᠤᠨ ᠠᠮᠢᠳᠤᠯᠢᠭ ᠪᠤᠳᠠᠳᠠᠢ ᠦᠯᠢᠭᠡᠷ ᠤᠴᠠᠷᠠᠯ ᠢ ᠪᠢᠴᠢᠭᠯᠡᠨ᠂ ᠨᠠᠮ ᠤᠨ ᠲᠥᠪ | ᠬᠤᠷᠢᠶᠠᠨ ᠤ ᠠᠭᠤᠤ ᠶᠡᠭᠡ ᠬᠠᠶᠢᠷ᠎ᠠ ᠬᠠᠯᠠᠮᠵᠢᠯᠠᠯ ᠳᠣᠣᠷ᠎ᠠ᠂ ᠮᠠᠯᠴᠢᠳ ᠡᠳᠦᠷ ᠢᠷᠡᠬᠦᠶ᠎ᠡ ᠴᠢᠨᠡᠭᠡᠯᠢᠭ ᠠᠮᠢᠳᠤᠷᠠᠯ ᠢᠶᠠᠨ | ᠴᠤᠭᠴᠠᠯᠠᠨ᠂ ᠦᠭᠡᠳᠡᠷᠭᠡᠭ ᠦᠭᠭᠦᠭᠡᠵᠢ ᠲᠠᠢ ᠶᠠᠪᠤᠭ᠎ᠠ ᠨᠢ ᠲᠠᠯ᠎ᠠ ᠨᠤᠲᠤᠭ ᠤᠨ ᠮᠠᠯᠴᠢᠳ ᠤᠨ ᠨᠠᠮ ᠲᠦᠷᠦ ᠶᠢᠨ ᠬᠦᠰᠡᠯ | ᠨᠠᠶᠢᠳᠠᠯᠭ᠎ᠠ ᠶᠢ ᠬᠥᠰᠡᠷᠳᠡᠭᠦᠯᠬᠦ ᠦᠭᠡᠢ᠂ ᠨᠠᠮ ᠢᠶᠠᠨ ᠲᠠᠭᠠᠨ ᠤᠷᠤᠭᠰᠢᠯᠠᠬᠤ ᠢᠳᠡᠭᠡᠯ ᠵᠤᠷᠢᠭ ᠢ ᠬᠦᠢᠴᠡᠳ ᠬᠠᠷᠠᠭᠤᠯᠵᠤ᠂ | ᠮᠤᠩᠭᠤᠯ ᠮᠤᠷᠢᠨ ᠤ ᠵᠤᠷᠢᠭ ᠰᠠᠨᠠᠭ᠎ᠠ ᠶᠢ ᠪᠠᠳᠠᠷᠠᠭᠤᠯᠵᠤ᠂ ᠪᠣᠳᠠᠲᠠᠢ ᠪᠠᠷ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠠᠵᠤ | ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠣᠶᠤᠨ | ᠰᠠᠨᠠᠭᠠᠨ ᠤ ᠳᠦᠷᠰᠦ ᠪᠠᠶᠢᠳᠠᠯ ᠢᠶᠠᠷ᠂ ︽ᠦᠵᠦᠮᠦᠴᠢᠨ ᠴᠠᠭᠠᠨ ᠦᠬᠡᠷ︾ ᠢ ᠲᠡᠵᠢᠭᠡᠨ ᠦᠷᠡᠵᠢᠬᠦᠯᠵᠦ᠂ ᠣᠷᠣᠯᠭ᠎ᠠ ᠪᠠᠨ | ᠨᠡᠮᠡᠭᠳᠡᠭᠦᠯᠦᠨ ᠪᠠᠶᠠᠵᠢᠯ ᠤᠨ ᠵᠠᠮ ᠢᠶᠠᠷ ᠵᠠᠮᠨᠠᠬᠤ ᠭᠤᠤᠯᠯᠠᠭᠴᠢ ᠠᠵᠤ ᠦᠢᠯᠡᠰ ᠪᠤᠯᠭᠠᠭᠰᠠᠭᠠᠷ ᠢᠷᠡᠵᠠᠢ᠃ | ᠣᠳᠣᠬᠠᠨ ᠳᠤ᠂ ᠪᠠᠷᠠᠭᠤᠨ ᠦᠵᠦᠮᠦᠴᠢᠨ ᠬᠤᠰᠢᠭᠤᠨ ᠳᠤ ︽ᠦᠵᠦᠮᠦᠴᠢᠨ ᠴᠠᠭᠠᠨ ᠦᠬᠡᠷ︾ ᠲᠡᠵᠢᠭᠡᠨ ᠦᠷᠡᠵᠢᠭᠦᠯᠬᠦ | ᠡᠷᠦᠬᠡ 800 ᠭᠠᠷᠤᠢ ᠪᠠᠶᠢᠵᠤ᠂ ᠦᠭᠡᠷ ᠤᠨ ᠶᠡᠷᠦᠩᠬᠡᠢ ᠲᠤᠭ᠎ᠠ ᠨᠢ 5.8 ᠲᠦᠮᠡ ᠳᠤ ᠬᠦᠷᠴᠦ᠂ ᠣᠷᠣᠨ ᠪᠦᠰᠡ ᠶᠢᠨ | ᠴᠢᠨᠠᠷᠲᠠᠢ ᠥᠪᠡᠷᠮᠢᠴᠡ ᠰᠦᠷᠦᠭᠵᠢᠯ ᠢ ᠪᠣᠶ ᠪᠣᠯᠭᠠᠵᠤ᠂ ᠤᠯᠤᠰ ᠤᠨ ᠳᠣᠲᠣᠭᠠᠳᠤ ᠶᠢᠨ ᠲᠡᠵᠢᠭᠡᠨ ᠦᠷᠡᠵᠢᠭᠦᠯᠬᠦ | ᠬᠡᠪᠴᠢᠶ᠎ᠡ ᠪᠠᠷ ᠬᠠᠮᠤᠭ ᠤᠨ ᠶᠡᠭᠡ ᠮᠢᠬᠠᠨ ᠤ ᠦᠬᠡᠷ ᠤᠨ ᠰᠦᠷᠦᠭᠵᠢᠯ ᠪᠣᠯᠤᠭᠰᠠᠨ ᠪᠠ ᠲᠤᠰ ᠬᠤᠰᠢᠭᠤ ᠨᠢ ᠨᠢᠭᠡᠨᠲᠡ ︽ | ᠦᠵᠦᠮᠦᠴᠢᠨ ᠴᠠᠭᠠᠨ ᠦᠬᠡᠷ︾ ᠤᠨ ᠰᠢᠨ᠎ᠡ ᠡᠭᠦᠯᠳᠡᠷ ᠢ ᠮᠠᠭᠠᠳᠯᠠᠨ ᠲᠣᠭᠲᠠᠭᠠᠬᠤ ᠪᠠ ᠤᠯᠤᠰ ᠤᠨ ᠲᠠᠰ ᠤᠨ ᠡᠭᠦᠯᠳᠡᠷ | ᠪᠣᠶᠢᠵᠢᠭᠤᠯᠬᠤ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠦᠭᠰᠡᠨ ᠪᠥᠭᠡᠳ ᠡᠷᠴᠢᠮᠳᠠᠢ | ᠶᠠᠪᠤᠭᠳᠠᠭᠤᠯᠵᠤ ᠪᠤᠢ᠃ | ᠳᠠᠷᠠᠭᠠᠴᠢ ᠶᠢᠨ ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤᠨ ᠤ ᠬᠢᠨ ᠮᠢᠬᠠᠨ ᠤ ᠦᠬᠡᠷ ᠤᠨ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠦᠷᠭᠦᠯᠵᠢᠯᠡᠨ ᠲᠦᠷᠭᠡᠳᠬᠡᠵᠦ᠂ ︽ᠦᠵᠦᠮᠦᠴᠢᠨ ᠴᠠᠭᠠᠨ ᠦᠬᠡᠷ︾ ᠢ | ᠪᠣᠶᠢᠵᠢᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠭᠤᠣᠯᠯᠠᠭᠴᠢ ᠠᠵᠤ ᠦᠢᠯᠡᠰ ᠤᠨ | ᠨᠢᠭᠡ ᠪᠣᠯᠭᠠᠵᠤ᠂ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ ᠶᠢᠨ | ᠬᠠᠮᠲᠤ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠷᠠᠭᠤᠯᠵᠤ᠂ ᠡᠳ᠋ᠰᠢᠭᠦᠯᠬᠦ ᠶᠢᠨ | ᠳᠤᠲᠠᠭᠤᠳᠠᠯ ᠢ ᠨᠥᠬᠦᠪᠦᠷᠢᠯᠡᠵᠦ᠂ ᠮᠢᠬᠠᠨ ᠤᠦᠬᠡᠷ ᠤᠨ ᠨᠡᠮᠡᠯᠲᠡ ᠦᠷᠳᠡᠭ ᠢ ᠨᠡᠮᠡᠭᠳᠡᠭᠦᠯᠵᠦ᠂ ᠠᠵᠤ ᠦᠢᠯᠡᠰ ᠬᠥᠭᠵᠢᠨ | ᠮᠠᠨᠳᠤᠭᠰᠠᠨ᠂ ︽ ᠦᠵᠦᠮᠦᠴᠢᠨ ᠴᠠᠭᠠᠨ ᠦᠭᠡᠷ︾ ᠤᠨ ᠨᠡᠷᠡᠲᠦ ᠲᠡᠮᠳᠡᠭ ᠢ ᠡᠬᠦᠳᠦᠨ᠂ ᠬᠠᠮᠲᠤᠪᠠᠷ ᠴᠢᠨᠡᠭᠡᠯᠢᠭᠵᠢᠬᠦ | ᠰᠢᠨ᠎ᠡ ᠵᠠᠮ ᠢ ᠰᠦᠪᠡᠭᠴᠢᠯᠡᠵᠦ ᠪᠠᠶᠢᠨᠠᠮ᠃ | | ᠪᠠᠷᠠᠭᠤᠨ ᠦᠵᠦᠮᠦᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭᠮᠡᠷᠭᠡᠵᠢᠯ ᠤᠨ | ᠲᠤᠪᠴᠢᠶᠠᠨ ᠳᠠᠷᠤᠭ᠎ᠠ ᠠᠯᠳᠠᠠᠬᠠᠳᠠ᠄ ︽ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤᠨ ᠤ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠡᠭᠦᠯᠳᠡᠷ ᠪᠣᠶᠢᠵᠢᠭᠤᠯᠬᠤ ᠰᠢᠰᠲ᠋ᠧᠮ᠂ ᠡᠭᠦᠯᠳᠡᠷ ᠤᠨ ᠦᠬᠡᠷ ᠤᠨ ᠲᠠᠯᠠᠪᠠᠶ᠂ | ᠭᠤᠤᠯᠳᠠᠯᠭᠠᠲᠤ ᠰᠦᠷᠦᠭ᠂ ᠥᠷᠭᠡᠳᠬᠡᠨ ᠦᠷᠡᠵᠢᠭᠦᠯᠬᠦ ᠲᠠᠯᠠᠪᠠᠶ ᠶᠢ ᠰᠢᠯᠢᠳᠡᠭᠵᠢᠭᠦᠯᠦᠨ ᠲᠡᠭᠦᠯᠳᠡᠷᠵᠢᠬᠦᠯᠵᠦ ᠂ ︽ | ᠦᠵᠦᠮᠦᠴᠢᠨ ᠴᠠᠭᠠᠨ ᠦᠭᠡᠷ︾ ᠤᠨ ᠲᠡᠰ ᠬᠤᠪᠢᠶᠠᠷᠢᠯᠠᠯᠲᠠ ᠶᠢᠨ ᠬᠢᠨᠠᠨ ᠲᠤᠭᠳᠠᠭᠠᠯᠲᠠ ᠶᠢᠨ ᠠᠵᠢᠯ ᠢ ᠨᠢᠭᠡᠨᠲᠡ | ᠡᠬᠢᠯᠡᠬᠦᠯᠦᠭᠰᠡᠨ ᠪᠠᠶᠢᠨ᠎ᠠ᠃ ᠡᠬᠦᠨ ᠤ ᠵᠡᠷᠭᠡᠪᠡᠷ ᠤᠳᠤᠬᠠᠨ ᠳᠤ ᠪᠠᠰᠠ ᠴᠠᠭᠠᠨ ᠦᠬᠡᠷ ᠤᠨ ᠡᠭᠦᠯᠳᠡᠷ ᠪᠣᠶᠢᠵᠢᠭᠤᠯᠬᠤ | ᠭᠤᠣᠯ ᠲᠠᠯᠠᠪᠠᠶ ᠶᠢ ᠪᠠᠶᠢᠭᠤᠯᠵᠤ ᠪᠠᠶᠢᠨ᠎ᠠ᠃ ᠡᠶᠢᠨᠬᠦ ᠡᠭᠦᠯᠳᠡᠷ ᠪᠣᠶᠢᠵᠢᠭᠤᠯᠬᠤ ᠰᠢᠰᠲ᠋ᠧᠮ᠂ ᠨᠡᠷᠡᠲᠦ ᠲᠡᠮᠳᠡᠭ ᠢ | ᠳᠡᠯᠭᠡᠷᠡᠭᠦᠯᠬᠦ ᠪᠠᠷ ᠳᠠᠮᠵᠢᠭᠤᠯᠤᠨ᠂ ᠴᠠᠭᠠᠨ ᠦᠬᠡᠷ ᠲᠡᠵᠢᠭᠡᠵᠦ ᠪᠠᠶᠢᠭ᠎ᠠ ᠮᠠᠯᠴᠢᠳ ᠤᠨ ᠣᠷᠣᠯᠭ᠎ᠠ ᠶᠢ ᠨᠡᠮᠡᠭᠳᠡᠭᠦᠯᠵᠦ᠂ | ᠡᠭᠦᠨ ᠤ ᠤᠯᠠᠮ ᠠᠴᠠ ᠠᠮᠢ ᠠᠬᠤᠢᠨᠤᠲᠤᠭ ᠪᠡᠯᠴᠢᠭᠡᠷ ᠢ ᠬᠠᠮᠠᠭᠠᠯᠠᠬᠤ ᠪᠣᠯᠣᠨ᠎ᠠ︾ ᠃ |