ᠥᠷᠦᠪᠴᠢᠬᠡᠨ ᠰᠡᠳᠬᠢᠯ ᠲᠠᠢ ᠡᠷᠬᠢᠮᠪᠠᠲᠤ ᠨᠠᠰᠣᠲᠠᠨ ᠤ ᠦᠢᠯᠡ ᠠᠵᠢᠯᠯᠠᠭ᠎ᠠ ᠨᠡᠶᠢᠲᠡ ᠣᠯᠠᠨ ᠤ ᠬᠦᠨᠳᠦᠳᠬᠡᠯ ᠰᠠᠶᠢᠰᠢᠶᠠᠯ ᠢ ᠣᠯᠣᠨ᠎ᠠ
ᠨᠡᠶᠢᠲᠡᠯᠡᠭᠰᠡᠨ ᠴᠠᠭ᠄
2023/11/16
      ᠥᠷᠦᠪᠴᠢᠬᠡᠨ ᠰᠡᠳᠬᠢᠯ ᠲᠠᠢ ᠡᠷᠬᠢᠮᠪᠠᠲᠤ ᠨᠠᠰᠣᠲᠠᠨ ᠤ ᠦᠢᠯᠡ ᠠᠵᠢᠯᠯᠠᠭ᠎ᠠ ᠨᠡᠶᠢᠲᠡ ᠣᠯᠠᠨ ᠤ ᠬᠦᠨᠳᠦᠳᠬᠡᠯ ᠰᠠᠶᠢᠰᠢᠶᠠᠯ ᠢ ᠣᠯᠣᠨ᠎ᠠ                                                 ᠣᠶᠢᠷ᠎ᠠ ᠶᠢᠨ ᠡᠳᠦᠷ  ᠂ ᠪᠠᠷᠠᠭᠤᠨ ᠦᠵᠦᠮᠦᠴᠢᠨ ᠬᠤᠰᠢᠭᠤᠨ ᠤ ᠭᠤᠷᠤᠬᠠᠨ ᠪᠠᠯᠭᠠᠰᠣᠨ ᠤ ᠪᠠᠶᠠᠨᠳᠠᠯ ᠭᠠᠴᠠᠭᠠᠨ ᠤ ᠲᠡᠮᠦᠷᠪᠠᠭᠠᠲᠤᠷ ᠵᠢᠴᠢ ᠲᠡᠭᠦᠨ ᠤ ᠭᠡᠷ ᠪᠥᠯᠢ ᠶᠢᠨ ᠬᠢᠨ ᠪᠠᠶᠠᠨᠬᠤᠸᠠ ᠪᠠᠯᠭᠠᠰᠣᠨ ᠤ ᠪᠠᠶᠠᠨᠬᠤᠭᠤᠯᠠᠲᠤ ᠭᠠᠴᠠᠭᠠᠨ ᠤ ᠮᠠᠯᠴᠢᠨ ᠡᠷᠬᠢᠮᠪᠠᠲᠤ ᠨᠠᠰᠣᠲᠠᠨ  ᠤ ᠬᠢ ᠶᠢ ᠵᠤᠷᠢᠵᠣ  ᠂ ᠲᠡᠮᠦᠷᠪᠠᠭᠠᠲᠤᠷ ᠤᠨ ᠡᠪᠡᠳᠴᠢᠨ ᠤ ᠪᠠᠶᠢᠳᠠᠯ ᠢ ᠰᠣᠨᠣᠰᠣᠭᠠᠳ ᠬᠠᠯᠠᠭᠤᠨ ᠭᠠᠷ  ᠢᠶᠠᠨ ᠰᠣᠩᠭᠠᠵᠤ ᠲᠥᠮᠡᠨ ᠲᠥᠭᠦᠷᠢᠭ ᠬᠠᠨᠳᠢᠪᠯᠠᠭᠰᠠᠨ ᠡᠷᠬᠢᠮᠪᠠᠲᠤ ᠨᠠᠰᠣᠲᠠᠨ ᠤ ᠬᠠᠶᠢᠷ᠎ᠠ ᠬᠠᠯᠠᠮᠵᠢ ᠳᠤ  ᠬᠡᠮᠡᠷᠯᠢᠭ ᠲᠤᠭ ᠬᠦᠷᠭᠡᠵᠦ ᠲᠠᠯᠠᠷᠬᠠᠯ ᠤᠨ ᠰᠡᠳᠬᠢᠯ ᠢᠶᠠᠨ ᠢᠯᠡᠳᠬᠡᠵᠡᠢ  ᠃
    ᠲᠡᠮᠦᠷᠪᠠᠭᠠᠲᠣᠷ᠂ ᠡᠨᠡ ᠵᠢᠯ 34 ᠨᠠᠰᠤᠲᠠᠢ᠃ ᠲᠡᠷᠡ  2013 ᠣᠨ ᠳᠤ 24 ᠨᠠᠰᠣᠲᠠᠢ ᠪᠠᠶᠢᠬᠤ ᠳᠤ ᠪᠠᠨ ᠬᠦᠨᠳᠦ ᠡᠪᠡᠳᠴᠢᠯᠡᠵᠦ᠂ ᠡᠮᠴᠢᠯᠡᠭᠡᠨ ᠤ ᠣᠨᠤᠰᠢᠯᠠᠯᠲᠠ ᠪᠠᠷ ᠰᠢᠭᠡᠰᠦᠨ ᠬᠤᠣᠷᠳᠠᠯ  ᠤᠨ ᠲᠠᠪᠤᠳᠤᠭᠠᠷ ᠬᠤᠭᠤᠴᠠᠭ᠎ᠠ ᠬᠡᠮᠡᠨ ᠲᠤᠳᠤᠯᠠᠭᠳᠠᠵᠠᠢ᠃ ᠲᠤᠬᠠᠢ ᠶᠢᠨ ᠦᠶ᠎ᠡ ᠳᠤ  ᠡᠮᠨᠡᠯᠭᠡ ᠠᠴᠠ ᠪᠥᠭᠡᠷ᠎ᠡ ᠰᠢᠯᠵᠢᠭᠦᠯᠬᠦ ᠮᠡᠰᠡ ᠵᠠᠰᠠᠯ ᠬᠢᠬᠦ ᠶᠢ ᠰᠠᠨᠠᠭᠠᠴᠢᠯᠠᠭᠰᠠᠨ ᠪᠣᠯᠪᠠᠴᠤ ᠭᠡᠷ ᠪᠥᠯᠢ ᠶᠢᠨ ᠠᠮᠢᠳᠣᠷᠠᠯ  ᠬᠥᠴᠢᠷᠳᠡᠯᠲᠡᠢ ᠰᠢᠯᠲᠠᠭᠠᠨ ᠠᠴᠠ ᠪᠣᠯᠵᠤ ᠮᠡᠰᠡ ᠵᠠᠰᠠᠯ ᠬᠢᠵᠦ ᠴᠢᠳᠠᠭᠰᠠᠨ ᠦᠭᠡᠢ ᠣᠳᠤ ᠪᠣᠯᠲᠠᠯ᠎ᠠ ᠠᠷᠪᠠᠨ ᠵᠢᠯ ᠴᠢᠰᠤ ᠠᠷᠢᠭᠤᠳᠬᠠᠬᠤ ᠡᠮᠴᠢᠯᠡᠭᠡ ᠬᠢᠵᠦ᠂ ᠭᠠᠷᠠᠭ ᠲᠤ  ᠭᠤᠷᠪᠠ ᠤᠳᠠᠭ᠎ᠠ ᠴᠢᠰᠤ ᠠᠷᠢᠭᠤᠳᠬᠠᠵᠤ᠂ ᠵᠢᠯ ᠳᠡᠭᠡᠨ ᠤᠯᠠᠨ ᠤᠳᠠᠭ᠎ᠠ ᠭᠠᠳᠠᠬᠰᠢ ᠭᠠᠷᠴᠤ  ᠡᠮᠴᠢᠯᠡᠭᠦᠯᠳᠡᠭ ᠪᠠᠶᠢᠵᠠᠢ᠃ ᠡᠨᠡᠬᠦ ᠠᠷᠪᠠᠨ ᠵᠢᠯ  ᠳᠤ ᠲᠡᠮᠦᠷᠪᠠᠭᠠᠲᠤᠷ ᠡᠮᠨᠡᠯᠭᠡ ᠠᠴᠠ ᠶᠡᠷᠦ ᠰᠠᠯᠵᠤ ᠴᠢᠳᠠᠭᠰᠠᠨ ᠦᠭᠡᠢ ᠂ ᠡᠮᠨᠡᠯᠭᠡ ᠶᠢᠨ ᠵᠠᠷᠣᠳᠠᠯ ᠨᠢ ᠨᠢᠭᠡᠨᠲᠡ100 ᠲᠥᠮᠡᠨ ᠲᠥᠭᠦᠷᠢᠭ ᠵᠠᠷᠤᠴᠠᠭᠤᠯᠤᠭᠰᠠᠨ ᠪᠣᠯᠪᠠᠴᠤ ᠮᠡᠰᠡ ᠵᠠᠰᠠᠯ ᠬᠢᠭᠰᠡᠨ ᠦᠭᠡᠢ ᠤᠳᠠᠭᠠᠨ ᠬᠤᠭᠤᠴᠠᠭ᠎ᠠ ᠴᠢᠰᠤ ᠠᠷᠢᠭᠤᠳᠬᠠᠭᠰᠠᠨ ᠠᠴᠠ ᠪᠣᠯᠵᠤ ᠪᠡᠶ᠎ᠡ ᠶᠢᠨ ᠬᠢᠨᠢ ᠡᠪᠡᠳᠴᠢᠨ ᠢ ᠡᠰᠡᠷᠭᠦᠴᠡᠬᠦ ᠴᠢᠳᠠᠪᠤᠷᠢ ᠨᠢ ᠳᠣᠷᠣᠭᠰᠢᠯᠠᠵᠤ᠂ ᠠᠷᠠᠰᠣᠨ ᠤ ᠥᠷᠪᠢᠰᠦᠯ᠂ ᠴᠢᠰᠣᠨ ᠳᠠᠷᠣᠯᠲᠠ ᠦᠨᠳᠦᠷ ᠡᠪᠡᠳᠴᠢᠨ ᠵᠡᠷᠭᠡ ᠳᠠᠭᠠᠯᠲᠠ ᠡᠪᠡᠳᠴᠢᠨ ᠤ ᠪᠠᠶᠢᠳᠠᠯ ᠢᠯᠡᠷᠡᠵᠡᠢ      2023 ᠣᠨ ᠤ 9 ᠰᠠᠷ᠎ᠠ ᠳᠤ ᠲᠡᠮᠦᠷᠪᠠᠭᠠᠲᠤᠷ ᠪᠡᠭᠡᠵᠢᠩ ᠤᠨ ᠴᠢᠯᠦᠭᠡᠯᠡᠬᠦ ᠴᠡᠷᠢᠭ ᠤᠨ ᠭᠤᠷᠪᠠᠳᠣᠭᠠᠷ ᠡᠮᠨᠡᠯᠭᠡ ᠶᠢᠨ ᠲᠥᠪ ᠲᠤ ᠬᠦᠷᠴᠦ ᠲᠠᠬᠢᠨ ᠣᠨᠣᠰᠢᠯᠠᠭᠤᠯᠬᠤ ᠳᠤ ᠡᠪᠡᠳᠴᠢᠨ ᠤ ᠪᠠᠶᠢᠳᠠᠯ ᠨᠢ ᠨᠡᠯᠢᠶᠡᠳ ᠬᠦᠨᠳᠦ ᠪᠣᠯᠵᠤ᠂ ᠣᠬᠤᠷᠬᠠᠨ ᠬᠤᠭᠤᠴᠠᠭᠠᠨ ᠳᠤ ᠪᠥᠭᠡᠷ᠎ᠡ ᠰᠢᠯᠵᠢᠭᠦᠯᠬᠦ ᠮᠡᠰᠡ ᠵᠠᠰᠠᠯ ᠬᠢᠬᠦ ᠦᠭᠡᠢ ᠪᠣᠯ ᠪᠡᠶ᠎ᠡ ᠶᠢᠨ ᠪᠠᠶᠢᠳᠠᠯ ᠨᠢ ᠮᠡᠰᠡ ᠵᠠᠰᠠᠯ ᠬᠢᠬᠦ ᠨᠦᠬᠦᠴᠡᠯ ᠳᠤ ᠨᠡᠶᠢᠴᠡᠬᠦ ᠦᠭᠡᠢ ᠪᠣᠯᠣᠨ᠎ᠠ ᠭᠡᠵᠡᠢ  ᠃ ᠭᠡᠪᠡᠴᠦ ᠪᠦᠭᠡᠷ᠎ᠡ ᠰᠢᠯᠵᠢᠭᠦᠯᠬᠦ ᠮᠡᠰᠡ ᠵᠠᠰᠠᠯ ᠬᠢᠯᠭᠡᠬᠦ ᠳᠤ 75 ᠠᠴᠠ 80 ᠲᠦᠮᠡᠨ ᠲᠥᠭᠦᠷᠢᠭ ᠤᠨ ᠡᠮᠨᠡᠯᠭᠡ ᠶᠢᠨ ᠵᠠᠷᠤᠳᠠᠯ ᠬᠡᠷᠡᠭᠰᠡᠬᠦ ᠪᠠᠶᠢᠵᠤ ᠡᠨᠡ ᠨᠢ ᠲᠡᠮᠦᠷᠪᠠᠭᠠᠲᠤᠷ ᠤᠨ ᠭᠡᠷ ᠪᠥᠯᠢ ᠶᠢᠨ  ᠬᠢᠨ ᠳᠤ ᠬᠦᠨᠳᠦ ᠳᠠᠷᠤᠭᠠᠰᠤ ᠠᠪᠴᠢᠷᠠᠵᠤ᠂ ᠠᠷᠭ᠎ᠠ ᠪᠤᠰᠤ ᠨᠡᠶᠢᠭᠡᠮ ᠳᠡᠭᠡᠷ᠎ᠡ ᠠᠴᠠ ᠬᠠᠨᠳᠢᠪ ᠭᠤᠶᠤᠴᠢᠯᠠᠭᠰᠠᠨ ᠪᠠᠶᠢᠨ᠎ᠠ  ᠃   ᠡᠨᠡᠬᠦ ᠪᠠᠶᠢᠳᠠᠯ ᠳᠤ᠂ ᠭᠤᠷᠤᠬᠠᠨ ᠪᠠᠯᠭᠠᠰᠣᠨ ᠤ ᠪᠠᠶᠠᠨᠬᠠᠶᠢᠯᠠᠰᠣᠲᠠᠢ ᠭᠠᠴᠠᠭᠠᠨ ᠤ ᠦᠯᠵᠡᠶᠢᠪᠠᠲᠤ  ᠂ ᠽᠠᠨᠳᠠᠨᠬᠤᠸᠠᠷ  ᠂ ᠳᠠᠮᠢᠷᠠᠨ᠋ᠧᠴᠢᠷ  ᠂ ᠪᠤᠷᠤᠬᠤᠰᠢᠭᠤ ᠭᠠᠴᠠᠭᠠᠨ ᠤ ᠠᠷᠪᠢᠵᠢᠬᠤ  ᠂ ᠰᠡᠴᠡᠨᠬᠤᠸᠠᠷ ᠵᠡᠷᠭᠡ ᠮᠠᠯᠴᠢᠳ ᠠᠴᠠ ᠲᠡᠮᠦᠷᠪᠠᠭᠠᠲᠤᠷ ᠢ ᠲᠤᠰᠠᠯᠠᠬᠤ ᠶᠢᠨ ᠲᠤᠰᠠᠳᠠ ︽ᠬᠠᠮ ᠳᠡᠮ  ︾ ᠸᠢᠴᠠᠲ ᠬᠤᠯᠪᠤᠭᠠᠨ ᠤ ᠴᠤᠭᠯᠠᠷᠠᠯ ᠪᠠᠶᠢᠭᠤᠯᠵᠤ᠂ ᠬᠤᠯᠪᠤᠭ᠎ᠠ ᠪᠠᠷ ᠢᠶᠠᠨ ᠳᠠᠮᠵᠢᠨ ᠨᠡᠩ ᠤᠯᠠᠨ ᠨᠢᠩᠵᠢᠨ ᠰᠡᠳᠬᠢᠯ ᠲᠠᠢ ᠬᠦᠮᠦᠰ ᠢ ᠡᠨᠡᠬᠦ ᠲᠤᠰᠠᠯᠠᠮᠵᠢ ᠶᠢᠨ ᠠᠵᠢᠯᠯᠠᠭ᠎ᠠ ᠳᠤ ᠣᠷᠣᠯᠴᠠᠭᠤᠯᠬᠤ ᠶᠢᠨ ᠵᠡᠷᠭᠡ   ᠥᠪᠡᠷᠰᠡᠳ ᠤᠨ ᠲᠡᠷᠭᠡ ᠮᠠᠰᠢᠨ ᠢᠶᠠᠨ ᠭᠠᠷᠭᠠᠵᠤ᠂ ᠭᠤᠷᠤᠬᠠᠨ ᠪᠠᠯᠭᠠᠰᠣ᠂ ᠪᠠᠶᠠᠨᠬᠤᠸᠠ ᠪᠠᠯᠭᠠᠰᠣᠨ ᠤ ᠡᠯ᠎ᠡ ᠭᠠᠴᠠᠭ᠎ᠠ ᠪᠠᠷ ᠬᠠᠨᠳᠢᠪ ᠴᠤᠭᠯᠠᠭᠤᠯᠬᠤ ᠠᠵᠢᠯᠯᠠᠭ᠎ᠠ ᠥᠷᠨᠢᠭᠦᠯᠵᠦ  ᠂ ᠤᠷᠢᠳ ᠬᠤᠵᠢᠳ ᠨᠡᠶᠢᠲᠡ 17  ᠲᠥᠮᠡ ᠭᠠᠷᠣᠢ ᠲᠥᠭᠦᠷᠢᠭ ᠤᠨ ᠬᠠᠨᠳᠢᠪ ᠴᠤᠭᠯᠠᠭᠤᠯᠤᠭᠰᠠᠨ ᠪᠠᠶᠢᠨ᠎ᠠ  ᠃
    ᠪᠠᠶᠠᠨᠬᠤᠸᠠ ᠪᠠᠯᠭᠠᠰᠣᠨ ᠤ ᠪᠠᠶᠠᠨᠬᠤᠭᠤᠯᠠᠲᠤ ᠭᠠᠴᠠᠭᠠᠨ  ᠤ ᠨᠠᠮ ᠤᠨ ᠡᠭᠦᠷ᠂ ᠠᠷᠠᠳ  ᠤᠨ ᠵᠥᠪᠯᠡᠯ ᠨᠢ ᠡᠨᠡᠬᠦ ᠬᠠᠨᠳᠢᠪ ᠴᠤᠭᠯᠠᠭᠤᠯᠬᠤ ᠠᠵᠢᠯᠯᠠᠭ᠎ᠠ ᠶᠢ ᠢᠳᠡᠪᠬᠢᠲᠡᠢ ᠳᠡᠮᠵᠢᠵᠦ᠂ ᠮᠠᠯᠴᠢᠳ ᠢᠶᠠᠨ ᠬᠠᠯᠠᠭᠤᠨ ᠭᠠᠷ ᠢᠶᠠᠨ ᠰᠣᠩᠭᠠᠨ ᠡᠪᠡᠳᠴᠢᠲᠡᠨ ᠲᠡᠮᠦᠷᠪᠠᠭᠠᠲᠤᠷ ᠢ ᠲᠤᠰᠠᠯᠠᠬᠤ ᠶᠢ ᠣᠷᠢᠶᠠᠯᠠᠭᠰᠠᠨ ᠳᠤ ᠲᠤᠰ ᠭᠠᠴᠠᠭᠠᠨ ᠤ ᠥᠷᠦᠪᠴᠢᠬᠡᠨ ᠰᠡᠳᠬᠢᠯ ᠲᠠᠢ ᠡᠷᠬᠢᠮᠪᠠᠲᠤ ᠨᠠᠰᠣᠲᠠᠨ ᠨᠢᠭᠡ ᠲᠥᠮᠡᠨ ᠲᠦᠭᠦᠷᠢᠭ ᠲᠤᠰᠠᠯᠠᠵᠤ᠂ ᠲᠡᠮᠦᠷᠪᠠᠭᠠᠲᠤᠷ ᠢ ᠡᠷᠲᠡ ᠨᠢᠭᠡᠨ ᠡᠳᠦᠷ ᠡᠷᠡᠭᠦᠯᠵᠢᠬᠦ ᠶᠢ ᠨᠢ ᠬᠦᠰᠡᠭᠰᠡᠨ ᠪᠠᠶᠢᠨ᠎ᠠ᠃ ᠡᠭᠦᠨ ᠠᠴᠠ ᠭᠠᠳᠠᠨ᠎ᠠ ᠪᠠᠶᠠᠨᠬᠤᠭᠤᠯᠠᠲᠤ ᠭᠠᠴᠠᠭᠠᠨ ᠤ ᠪᠥᠬᠦ ᠮᠠᠯᠴᠢᠳ ᠨᠢ ᠬᠠᠶᠢᠷ᠎ᠠ ᠶᠢᠨ ᠬᠠᠯᠠᠭᠤᠨ ᠭᠠᠷ ᠢᠶᠠᠨ ᠰᠤᠩᠭᠠᠨ ᠲᠡᠮᠦᠷᠪᠠᠭᠠᠲᠤᠷ ᠢ ᠲᠤᠰᠠᠯᠠᠵᠤ  ᠂ ᠪᠥᠬᠦ ᠨᠡᠶᠢᠲᠡ18420 ᠲᠥᠭᠦᠷᠢᠭ ᠤᠨ ᠬᠠᠨᠳᠢᠪ ᠤᠨ ᠮᠦᠩᠭᠦ ᠴᠤᠭᠯᠠᠭᠤᠯᠤᠭᠰᠠᠨ ᠪᠠᠶᠢᠵᠤ᠂ ᠪᠠᠰᠠ ᠪᠠᠶᠠᠨᠬᠤᠸᠠ ᠪᠠᠯᠭᠠᠰᠣᠨ ᠤ ᠴᠠᠭᠠᠨᠪᠤᠭᠤᠲᠤ ᠭᠠᠴᠠᠭᠠᠨ ᠤ ︽ᠰᠡᠳᠬᠢᠯ ᠤᠨ ᠴᠤᠣᠷᠢᠶᠠᠨ︾ ᠰᠠᠶᠢᠨ ᠳᠣᠷᠠᠴᠣᠣᠯ ᠤᠨ ᠪᠥᠯᠬᠦᠮ ᠨᠢ ᠲᠡᠮᠦᠷᠪᠠᠭᠠᠲᠤᠷ ᠤᠨ ᠡᠪᠡᠳᠴᠢᠨ ᠤ ᠪᠠᠶᠢᠳᠠᠯ ᠳᠤ ᠬᠠᠨᠳᠢᠪ ᠴᠤᠭᠯᠠᠭᠤᠯᠬᠤ ᠠᠵᠢᠯᠯᠠᠭ᠎ᠠ ᠶᠢ ᠢᠳᠡᠪᠬᠢᠲᠡᠢ ᠳᠡᠮᠵᠢᠵᠦ᠂ ᠲᠣᠰ ᠭᠠᠴᠠᠭᠠᠨ ᠤ ᠪᠠᠨ ᠮᠠᠯᠴᠢᠳ ᠤᠨ ᠳᠤᠮᠳᠠ  ᠬᠠᠨᠳᠢᠪ ᠴᠤᠭᠯᠠᠭᠤᠯᠵᠤ᠂ ᠲᠣᠰ ᠭᠠᠴᠠᠭᠠᠨ ᠤ ᠮᠠᠯᠴᠢᠳ ᠠᠴᠠ ᠨᠡᠶᠢᠲᠡ 4480 ᠲᠥᠭᠦᠷᠢᠭ ᠬᠠᠨᠳᠢᠪᠯᠠᠭᠰᠠᠨ ᠪᠠᠶᠢᠨ᠎ᠠ  ᠃       ︽ᠳᠡᠮ ᠳᠡᠮ ᠳᠡᠭᠡᠨ ᠳᠡᠭᠡᠰᠦ ᠡᠷᠴᠢᠮ ᠳᠡᠭᠡᠨ  ︾ ᠭᠡᠳᠡᠭ ᠢᠶᠠᠷ ᠥᠷᠦᠪᠴᠢᠬᠡᠨ ᠰᠡᠳᠬᠢᠯ ᠲᠠᠢ ᠮᠠᠯᠴᠢᠨ ᠲᠦᠮᠡᠨ ᠮᠠᠨᠢ ᠬᠠᠶᠢᠷ᠎ᠠ ᠶᠢᠨ ᠬᠠᠯᠠᠭᠤᠨ ᠭᠠᠷ ᠢᠶᠠᠨ ᠰᠣᠩᠭᠠᠨ ᠲᠡᠮᠦᠷᠪᠠᠭᠠᠲᠣᠷ ᠢ ᠲᠣᠰᠠᠯᠠᠭᠰᠠᠨ ᠤ ᠬᠠᠷᠢᠭᠤ ᠳᠤ ᠲᠡᠮᠦᠷᠪᠠᠭᠠᠲᠣᠷ ᠵᠢᠴᠢ ᠲᠡᠭᠦᠨ ᠤ ᠭᠡᠷ ᠪᠥᠯᠢ ᠶᠢᠨ ᠬᠢᠨ ᠴᠢᠩ ᠰᠡᠳᠬᠢᠯ ᠠᠴᠠ ᠪᠠᠨ ᠲᠠᠯᠠᠷᠬᠠᠵᠤ᠂ ᠡᠷᠲᠡ ᠨᠢᠭᠡᠨ ᠡᠳᠦᠷ ᠡᠷᠡᠭᠦᠯᠵᠢᠵᠦ᠂ ᠡᠪᠡᠳᠴᠢᠨ ᠵᠣᠪᠠᠭᠤᠷᠢ ᠠᠴᠠ ᠰᠠᠯᠵᠤ  ᠂ ᠨᠡᠶᠢᠭᠡᠮ ᠨᠡᠶᠢᠲᠡ ᠳᠤ  ᠬᠤᠪᠢ ᠨᠡᠮᠡᠷᠢ ᠪᠠᠨ ᠡᠷᠭᠦᠨ  ᠲᠤᠰᠠᠯᠠᠭᠰᠠᠨ ᠪᠦᠬᠦᠨ ᠤ ᠠᠴᠢ ᠶᠢ ᠬᠠᠷᠢᠭᠤᠯᠤᠨ᠎ᠠ ᠭᠡᠯ᠎ᠡ  ᠃   ᠰᠣᠷᠪᠣᠯᠵᠢᠯᠠᠭᠴᠢ ᠶᠢᠨ ᠦᠭᠡ᠄ ᠲᠡᠮᠦᠷᠪᠠᠭᠠᠲᠣᠷ ᠤᠨ ᠡᠪᠡᠳᠴᠢᠨ ᠤ ᠪᠠᠶᠢᠳᠠᠯ ᠢ ᠰᠣᠨᠣᠰᠣᠭᠠᠳ ᠰᠡᠳᠬᠢᠯ ᠮᠠᠰᠢ ᠬᠦᠨᠳᠦ ᠪᠠᠶᠢᠯ᠎ᠠ᠃ ᠨᠡᠩ ᠴᠦ ᠬᠠᠶᠢᠷ᠎ᠠ ᠶᠢᠨ ᠬᠠᠯᠠᠭᠤᠨ ᠭᠠᠷ ᠢᠶᠠᠨ ᠰᠤᠩᠭᠠᠨ ᠲᠥᠮᠡᠨ ᠲᠥᠭᠦᠷᠢᠭ ᠬᠠᠨᠳᠢᠪᠯᠠᠭᠰᠠᠨ ᠡᠷᠬᠢᠮᠪᠠᠲᠤ ᠨᠠᠰᠣᠲᠠᠨ ᠤ ᠦᠢᠯᠡ ᠠᠵᠢᠯᠯᠠᠭ᠎ᠠ ᠶᠢ ᠪᠢᠰᠢᠷᠡᠨ ᠪᠠᠭ᠋ᠠᠳᠣᠵᠤ᠂ ᠥᠷᠦ ᠵᠦᠭᠡᠯᠡᠨ ᠰᠡᠳᠬᠢᠯ ᠲᠠᠢ ᠪᠤᠶᠠᠨᠲᠤ ᠪᠤᠭᠤᠷᠤᠯ ᠤᠨ ᠤᠷᠲᠤ ᠨᠠᠰᠣᠯᠠᠵᠤ ᠤᠳᠠᠭᠠᠨ ᠵᠢᠷᠭᠠᠬᠤ ᠶᠢ ᠰᠡᠳᠬᠢᠯ ᠤᠨ ᠭᠦᠨ ᠳᠤ ᠪᠠᠨ ᠵᠦᠩᠨᠡᠯ᠎ᠡ  ᠃ ᠲᠡᠮᠦᠷᠪᠠᠭᠠᠲᠤᠷ ᠤᠨ ᠭᠡᠷ ᠪᠥᠯᠢ ᠶᠢᠨ ᠬᠢᠨ ᠠᠴᠠ ᠤᠶᠢᠯᠠᠭᠠᠭᠰᠠᠨ ᠢᠶᠠᠷ᠂ ᠴᠤᠭᠯᠠᠭᠤᠯᠤᠭᠰᠠᠨ ᠬᠠᠨᠳᠢᠪ ᠤᠨ ᠮᠦᠩᠭᠦ ᠤᠳᠤᠬᠠᠨ ᠳᠤ 27 ᠲᠥᠮᠡᠨ ᠲᠥᠭᠦᠷᠢᠭ ᠪᠤᠯᠤᠭᠠᠳ ᠪᠣᠢ ᠪᠠᠶᠢᠨ᠎ᠠ᠃ ᠭᠡᠪᠡᠴᠦ ᠮᠡᠰᠡ ᠵᠠᠰᠠᠯ ᠬᠢᠯᠭᠡᠬᠦ ᠳᠤ 80  ᠲᠦᠮᠡᠨ ᠲᠥᠭᠦᠷᠢᠭ ᠵᠠᠷᠤᠴᠠᠭᠤᠯᠬᠤ ᠲᠤᠯᠠ ᠪᠠᠰᠠ ᠨᠡᠩ ᠣᠯᠠᠨ ᠬᠦᠮᠦᠰ ᠤᠨ ᠲᠤᠰᠠᠯᠠᠮᠵᠢ ᠬᠡᠷᠡᠭᠲᠡᠢ ᠪᠠᠶᠢᠨ᠎ᠠ᠃ ᠡᠶᠢᠮᠦ ᠠᠴᠠ ︽ᠲᠤᠰᠣᠯ ᠢ ᠬᠤᠷᠢᠶᠠᠪᠠᠯ ᠳᠠᠯᠠᠢ ᠪᠣᠯᠳᠠᠭ︾ ᠤᠨ ᠠᠳᠠᠯᠢ ᠪᠠᠷ ᠨᠡᠶᠢᠭᠡᠮ ᠤᠨ ᠨᠡᠩ ᠤᠯᠠᠨ ᠬᠦᠮᠦᠰ ᠵᠦᠭ ᠪᠦᠷᠢ ᠠᠴᠠ ᠡᠪᠡᠳᠴᠢᠲᠡᠨ ᠲᠡᠮᠦᠷᠪᠠᠭᠠᠲᠣᠷ ᠢ ᠬᠠᠶᠢᠷ᠎ᠠ ᠶᠢᠨ ᠬᠠᠯᠠᠭᠤᠨ ᠭᠠᠷ ᠢᠶᠠᠨ ᠰᠤᠩᠭᠠᠨ ᠲᠤᠰᠠᠯᠠᠬᠤ ᠶᠢ ᠬᠥᠰᠡᠨᠡᠮ    ︕            
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号