ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠳᠡᠮᠵᠢᠬᠦ ᠲᠠᠯ᠎ᠠ ᠪᠠᠷ | ᠪᠠᠷᠠᠭᠤᠨ ᠦᠵᠦᠮᠦᠴᠢᠨ ᠬᠤᠰᠢᠭᠤᠨ ᠳᠤ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠪᠠᠶᠢᠬᠤ ᠪᠣᠶ︖ | | 10 ᠳ᠋ᠤᠭᠠᠷ ᠰᠠᠷ᠎ᠠ ᠶᠢᠨ 30 ᠤ ᠡᠳᠦᠷ ᠂ ᠪᠠᠷᠠᠭᠤᠨ ᠦᠵᠦᠮᠦᠴᠢᠨ ᠬᠤᠰᠢᠭᠤ 2023 ᠣᠨ ᠤ ᠠᠵᠢᠯ | ᠣᠯᠭᠤᠵᠤ ᠦᠢᠯᠡᠰ ᠴᠣᠭᠴᠠᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠰᠣᠨᠢᠨ ᠮᠡᠳᠡᠭᠡ ᠨᠡᠶᠢᠲᠡᠯᠡᠬᠦ | ᠬᠤᠷᠠᠯ ᠬᠢᠵᠦ᠂ ᠪᠠᠷᠠᠭᠤᠨ ᠦᠵᠦᠮᠦᠴᠢᠨ ᠬᠤᠰᠢᠭᠤᠨ ᠤ ᠠᠵᠢᠯ ᠣᠯᠭᠤᠬᠤ ᠦᠢᠯᠡᠴᠢᠯᠡᠭᠡᠨ ᠤ ᠲᠥᠪ ᠤᠨ ᠳᠡᠳ᠋ | ᠡᠷᠬᠢᠯᠡᠭᠴᠢ ᠵᠣᠣ ᠯᠢ ᠵᠢᠶᠦ᠋ᠨ ᠠᠴᠠ ᠮᠠᠨ ᠤ ᠬᠤᠰᠢᠭᠤᠨ ᠤ 2023 ᠣᠨ ᠤ ᠠᠵᠢᠯ ᠣᠯᠭᠤᠵᠤ ᠦᠢᠯᠡᠰ | ᠴᠣᠭᠴᠠᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠬᠤ ᠶᠢᠨ ᠬᠠᠮᠲᠤ ᠰᠣᠷᠪᠣᠯᠵᠢᠯᠠᠭᠴᠢᠳ ᠤᠨ | ᠠᠰᠠᠭᠤᠯᠲᠠ ᠶᠢ ᠬᠠᠷᠢᠭᠤᠯᠪᠠ᠃ | 2023 ᠣᠨ ᠳᠤ᠂ ᠮᠠᠨ ᠤ ᠬᠤᠰᠢᠭᠤᠨ ᠤ ᠠᠵᠢᠯ ᠣᠯᠭᠤᠯᠲᠠ ᠶᠢᠨ ᠰᠠᠯᠠᠭ᠎ᠠ ᠮᠥᠴᠢᠷ ᠢᠮᠠᠭᠲᠠ ︽ᠠᠵᠢᠯ | ᠣᠯᠭᠤᠯᠲᠠ ᠶᠢ ᠲᠣᠭᠲᠠᠭᠤᠨ ᠪᠠᠶᠢᠯᠭᠠᠬᠤ︾ ᠶᠢ ᠲᠡᠷᠢᠭᠦᠨ ᠴᠢᠬᠤᠯᠠ ᠠᠵᠢᠯ ᠤᠨ ᠡᠭᠦᠷᠭᠡ ᠪᠠᠨ ᠪᠣᠯᠭᠠᠵᠤ᠂ ᠠᠵᠢᠯ | ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ | ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠠᠷᠭ᠎ᠠ ᠬᠡᠮᠵᠢᠶ᠎ᠡ ᠶᠢ ᠲᠦᠷᠭᠡᠳᠬᠡᠨ ᠠᠬᠢᠭᠤᠯᠵᠤ᠂ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ᠂ ᠠᠵᠢᠯ ᠣᠯᠬᠤ ᠳᠤ ᠬᠦᠴᠢᠷᠲᠡᠢ ᠬᠥᠮᠥᠰ ᠵᠡᠷᠭᠡ ᠤᠨ ᠨᠠᠩ ᠴᠢᠨᠠᠷ ᠰᠠᠶᠢᠲᠠᠢ ᠂ ᠨᠠᠩ | ᠭᠦᠢᠴᠡᠳ ᠠᠵᠢᠯ ᠣᠯᠬᠤ ᠶᠢ ᠴᠢᠷᠮᠠᠶᠢᠨ ᠠᠬᠢᠭᠤᠯᠵᠤ᠂ ᠪᠥᠬᠦ ᠬᠤᠰᠢᠭᠤᠨ ᠤ ᠠᠵᠢᠯ ᠣᠯᠭᠤᠯᠲᠠ ᠶᠢᠨ ᠪᠠᠶᠢᠳᠠᠯ | ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠣᠯᠠᠵᠣ ᠪᠠᠶᠢᠨ᠎ᠠ ᠃ | ᠣᠶᠢᠯᠠᠭᠠᠭᠰᠠᠨ ᠢᠶᠠᠷ᠂ ᠣᠲᠣ ᠪᠣᠯᠲᠠᠯ᠎ᠠ 3168 ᠠᠵᠢᠯ ᠤᠨ ᠪᠠᠶᠢᠷᠢ ᠡᠯᠰᠡᠵᠦ᠂ ᠰᠦᠯᠵᠢᠶᠡᠨ ᠳᠡᠭᠡᠷᠡᠬᠢ ᠪᠠ | ᠰᠦᠯᠵᠢᠶᠡᠨ ᠠᠴᠠ ᠭᠠᠳᠠᠭᠤᠷᠬᠢ ᠠᠵᠢᠯᠲᠠᠨ ᠡᠯᠰᠡᠬᠦ ᠴᠤᠭᠯᠠᠭᠠᠨ ᠢ 2 ᠲᠠᠯᠠᠪᠤᠷ ᠡᠷᠭᠢᠯᠡᠵᠦ᠂ ᠬᠤᠲᠠ ᠪᠠᠯᠭᠠᠰᠤᠨ ᠳᠤ | 1485 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠡᠭᠦᠷᠭᠡ ᠪᠠᠨ 123.7% ᠪᠠᠷ ᠪᠡᠶᠡᠯᠡᠭᠦᠯᠦᠨ᠂ 624 | ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠤ᠂ ᠡᠭᠦᠷᠭᠡ ᠪᠠᠨ 104% ᠪᠠᠷ ᠪᠡᠶᠡᠯᠡᠭᠦᠯᠵᠦ᠂ ᠠᠵᠢᠯ | ᠣᠯᠬᠤ ᠳᠤ ᠬᠦᠴᠢᠷᠲᠡᠢ 261 ᠬᠥᠮᠥᠨ ᠳᠤ ᠠᠵᠢᠯ ᠣᠯᠭᠤᠵᠤ᠂ ᠡᠭᠦᠷᠭᠡ ᠪᠠᠨ 108.7% ᠪᠠᠷ ᠪᠡᠶᠡᠯᠡᠭᠦᠯᠵᠦ᠂ | ᠲᠣᠰ ᠵᠢᠯ ᠳᠤ ᠮᠠᠯᠵᠢᠬᠤ ᠣᠷᠣᠨ ᠳᠤ ᠰᠢᠯᠵᠢᠵᠦ ᠠᠵᠢᠯ ᠣᠯᠣᠭᠰᠠᠨ ᠬᠥᠮᠥᠨ 4002 ᠪᠠᠶᠢᠵᠤ᠂ 100% ᠪᠠᠷ | ᠡᠭᠦᠷᠭᠡ ᠪᠠᠨ ᠪᠡᠶᠡᠯᠡᠭᠦᠯᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 1. | 51% ᠪᠠᠷ ᠨᠡᠮᠡᠭᠳᠡᠵᠡᠢ᠃ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠡᠲᠡᠭᠡᠷ ᠳᠡᠮᠵᠢᠯᠭᠡ ᠶᠢᠨ ᠲᠥᠷᠥ ᠶᠢᠨ ᠪᠣᠳᠣᠯᠭ᠎ᠠ ᠪᠠ | ᠠᠷᠭ᠎ᠠ ᠬᠡᠮᠵᠢᠶ᠎ᠡ ᠪᠣᠶ | ᠨᠢᠭᠡ᠂ ᠵᠠᠬ᠎ᠠ ᠳᠡᠯᠭᠡᠭᠦᠷᠴᠢᠯᠡᠭᠰᠡᠨ ᠠᠵᠢᠯ ᠣᠯᠭᠤᠯᠲᠠ ᠶᠢ ᠠᠬᠢᠭᠤᠯᠤᠨ᠎ᠠ | 1. ᠠᠵᠢᠯ ᠡᠷᠢᠬᠦ ᠪᠠ ᠠᠳᠠᠯ ᠦᠢᠯᠡᠰ ᠴᠣᠭᠴᠠᠯᠠᠬᠤ ᠨᠥᠬᠦᠪᠦᠷᠢ | ᠰᠤᠷᠤᠯᠭ᠎ᠠ ᠲᠡᠭᠦᠰᠬᠦ ᠰᠤᠷᠤᠯᠭ᠎ᠠ ᠶᠢᠨ ᠣᠨ ᠳᠤ ᠠᠵᠢᠯ ᠡᠷᠢᠵᠦ ᠠᠳᠠᠯ ᠦᠢᠯᠡᠰ ᠴᠣᠭᠴᠠᠯᠠᠬᠤ ᠬᠦᠰᠡᠯ ᠲᠠᠢ | ᠪᠥᠭᠡᠳ ᠢᠳᠡᠪᠬᠢᠲᠡᠢ ᠪᠠᠷ ᠠᠵᠢᠯ ᠡᠷᠢᠵᠦ ᠠᠳᠠᠯ ᠦᠢᠯᠡᠰ ᠴᠣᠭᠴᠠᠯᠠᠭᠰᠠᠨ ᠳᠣᠣᠷ᠎ᠠ ᠪᠠᠲᠣᠯᠭᠠᠲᠣ ᠭᠡᠷ ᠪᠦᠯᠢ᠂ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ︵ᠮᠡᠷᠭᠡᠵᠢᠯ ᠤᠨ ᠠᠵᠢᠯᠴᠢᠨ ᠤ ᠰᠤᠷᠭᠠᠭᠤᠯᠢ | ᠪᠠᠭᠲᠠᠨ᠎ᠠ︶᠂ ᠵᠡᠮᠳᠡᠭ ᠵᠢᠴᠢ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠣᠯᠣᠭᠰᠠᠨ ᠳᠡᠭᠡᠳᠦ | ᠰᠤᠷᠭᠠᠭᠤᠯᠢ ᠲᠡᠭᠦᠰᠦᠭᠰᠡᠳ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ︵ | ᠮᠡᠷᠭᠡᠵᠢᠯ ᠤᠨ ᠠᠵᠢᠯᠴᠢᠨ ᠤ ᠰᠤᠷᠭᠠᠭᠤᠯᠢ ᠪᠠᠭᠲᠠᠨ᠎ᠠ︶ ᠵᠡᠷᠭᠡ ᠠᠵᠢᠯ ᠡᠷᠢᠬᠦ ᠪᠠ ᠠᠳᠠᠯ ᠦᠢᠯᠡᠰ ᠴᠣᠭᠴᠠᠯᠠᠬᠤ | ᠨᠥᠬᠦᠪᠦᠷᠢ ᠨᠢ ᠬᠥᠮᠥᠨ ᠪᠦᠷᠢ ᠳᠤ 1500 ᠲᠥᠭᠦᠷᠢᠭ ᠪᠠᠶᠢᠵᠤ᠂ ᠨᠢᠭᠡ ᠯᠡ ᠤᠳᠠᠭ᠎ᠠ ᠭᠥᠷᠳᠡᠵᠦ ᠪᠣᠯᠣᠨ᠎ᠠ᠃ | 2. ᠨᠢᠭᠡ ᠤᠳᠠᠭ᠎ᠠ ᠶᠢᠨ ᠴᠢᠨᠠᠷᠲᠠᠢ ᠠᠳᠠᠯ ᠦᠢᠯᠡᠰ ᠴᠣᠭᠴᠠᠯᠠᠬᠤ ᠨᠥᠬᠦᠪᠦᠷᠢ | ᠠᠩᠬ᠎ᠠ ᠤᠳᠠᠭ᠎ᠠ ᠵᠢᠵᠢᠭ ᠪᠢᠴᠢᠯ ᠠᠵᠤ ᠠᠬᠤᠶᠢᠯᠠᠯ ᠡᠭᠦᠳᠦᠨ ᠪᠠᠶᠢᠭᠤᠯᠤᠭᠰᠠᠨ ᠪᠤᠶᠤ ᠬᠤᠪᠢ ᠶᠢᠨ | ᠡᠵᠡᠩᠨᠡᠯᠲᠡ ᠬᠢᠵᠦ ᠪᠠᠶᠢᠭ᠎ᠠ ᠰᠤᠷᠭᠠᠭᠤᠯᠢ ᠲᠡᠭᠦᠰᠦᠭᠡᠳ 2 ᠵᠢᠯ ᠤᠨ ᠳᠣᠲᠣᠷ᠎ᠠ ᠳᠡᠭᠡᠳᠦ ᠰᠤᠷᠭᠠᠭᠤᠯᠢ | ᠲᠡᠭᠦᠰᠦᠭᠰᠡᠳ ᠪᠤᠶᠤ ᠠᠵᠢᠯ ᠣᠯᠬᠤ ᠳᠤ ᠬᠦᠴᠢᠷᠲᠡᠢ ᠭᠡᠵᠦ ᠮᠠᠭᠠᠳᠯᠠᠭᠳᠠᠭᠰᠠᠨ ᠳᠡᠭᠡᠳᠦ ᠰᠤᠷᠭᠠᠭᠤᠯᠢ | ᠲᠡᠭᠦᠰᠦᠭᠰᠡᠳ᠂ ᠲᠡᠷᠡᠴᠢᠯᠡᠨ ᠡᠭᠦᠳᠦᠨ ᠪᠠᠶᠢᠭᠤᠯᠤᠭᠰᠠᠨ ᠠᠵᠤ ᠠᠬᠤᠶᠢᠯᠠᠯ ᠪᠤᠶᠤ ᠬᠤᠪᠢ ᠶᠢᠨ ᠠᠵᠤ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠪᠦᠷᠢᠳᠬᠡᠨ ᠳᠠᠩᠰᠠᠯᠠᠭᠤᠯᠤᠭᠰᠠᠨ | ᠡᠳᠦᠷ ᠠᠴᠠ ᠡᠬᠢᠯᠡᠨ 1 ᠵᠢᠯ ᠠᠴᠠ ᠳᠡᠭᠡᠭᠰᠢ ᠬᠡᠪ ᠤᠨ ᠡᠵᠡᠩᠨᠡᠯᠲᠡ ᠲᠠᠢ ᠬᠥᠮᠥᠰ ᠲᠤ 5000 ᠲᠥᠭᠦᠷᠢᠭ ᠤᠨ | ᠨᠢᠭᠡ ᠤᠳᠠᠭ᠎ᠠ ᠶᠢᠨ ᠴᠢᠨᠠᠷᠲᠠᠢ ᠠᠳᠠᠯ ᠦᠢᠯᠡᠰ ᠴᠣᠭᠴᠠᠯᠠᠬᠤ ᠨᠥᠬᠦᠪᠦᠷᠢ ᠣᠯᠭᠤᠨ᠎ᠠ᠃ | 3. ᠰᠤᠷᠭᠠᠭᠤᠯᠢ ᠲᠡᠭᠦᠰᠦᠭᠡᠳ 2 ᠵᠢᠯ ᠤᠨ ᠳᠣᠲᠣᠷ᠎ᠠ ᠠᠵᠢᠯ ᠣᠯᠣᠭᠠᠳᠤᠢ ᠳᠡᠭᠡᠳᠦ ᠰᠤᠷᠭᠠᠭᠤᠯᠢ | ᠲᠡᠭᠦᠰᠦᠭᠰᠡᠨ ᠰᠤᠷᠤᠭᠴᠢᠳ ᠲᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠣᠯᠭᠤᠨ᠎ᠠ | ︽ᠠᠵᠢᠯ ᠣᠯᠵᠤ ᠠᠵᠢᠯ ᠠᠯᠳᠠᠭᠰᠠᠨ ᠳᠠᠩᠰᠠᠯᠠᠭᠤᠯᠤᠭᠰᠠᠨ ᠦᠨᠡᠮᠯᠡᠯ︾ ᠪᠤᠶᠤ ︽ᠠᠵᠢᠯ ᠣᠯᠵᠤ ᠠᠳᠠᠯ | ᠦᠢᠯᠡᠰ ᠪᠣᠰᠬᠠᠬᠤ ᠦᠨᠡᠮᠯᠡᠯ︾ ᠲᠠᠢ ᠪᠥᠭᠡᠳ ᠠᠮᠢᠳᠤᠯᠢᠭ ᠢᠶᠠᠷ ᠠᠵᠢᠯ ᠣᠯᠬᠤ ᠶᠢ ᠪᠡᠶᠡᠯᠡᠭᠦᠯᠦᠭᠰᠡᠨ ᠮᠥᠷᠲᠡᠭᠡᠨ | ᠨᠡᠶᠢᠭᠡᠮ ᠲᠣᠭᠤᠷᠢᠭ ᠯᠤᠭ᠎ᠠ ︽ᠨᠡᠶᠢᠭᠡᠮ ᠲᠣᠭᠤᠷᠢᠭ ᠤᠨ ᠠᠵᠢᠯ ᠣᠯᠭᠤᠬᠤ ᠬᠠᠮᠢᠶᠠᠷᠤᠯᠲᠠ ᠶᠢᠨ ᠦᠢᠯᠡᠴᠢᠯᠡᠭᠡᠨ ᠤ | ᠵᠥᠪᠯᠡᠯᠴᠡᠭᠡᠷ︾ ᠲᠣᠭᠲᠠᠭᠰᠠᠨ ᠲᠡᠭᠦᠰᠬᠦ ᠣᠨ ᠤ ᠳᠡᠭᠡᠳᠦ ᠰᠤᠷᠭᠠᠭᠤᠯᠢ ᠲᠡᠭᠦᠰᠦᠭᠰᠡᠳ ᠲᠤ ᠪᠣᠳᠠᠲᠠᠢ | ᠲᠤᠰᠢᠶᠠᠭᠰᠠᠨ ᠬᠤᠲᠠ ᠪᠠᠯᠭᠠᠰᠣᠨ ᠤ ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠤᠨ ᠵᠠᠷᠤᠳᠠᠯ ᠤᠨ | 2/3 ᠤᠨ ᠶᠣᠰᠣᠭᠠᠷ ᠨᠥᠬᠦᠪᠦᠷᠢ ᠣᠯᠭᠤᠨ᠎ᠠ᠃ ᠨᠥᠬᠦᠪᠦᠷᠢ ᠥᠭᠬᠦ ᠬᠤᠭᠤᠴᠠᠭ᠎ᠠ ᠶᠢ ᠬᠠᠮᠤᠭ ᠤᠨ ᠤᠷᠳᠦ ᠳᠠᠭᠠᠨ | 2 ᠵᠢᠯ ᠪᠠᠶᠢᠯᠭᠠᠨ᠎ᠠ᠃ | ᠬᠤᠶᠠᠷ᠂ ᠠᠵᠢᠯ ᠣᠯᠭᠤᠬᠤ ᠦᠢᠯᠡᠴᠢᠯᠡᠭᠡᠨ ᠤ ᠪᠠᠲᠤᠯᠠᠭ᠎ᠠ ᠶᠢ ᠨᠡᠮᠡᠭᠳᠡᠭᠦᠯᠦᠨ᠎ᠡ | 1. ᠠᠵᠢᠯ ᠣᠯᠭᠤᠯᠲᠠ ᠶᠢᠨ ᠳᠠᠳᠤᠯᠭ᠎ᠠ ᠳᠤ ᠨᠥᠬᠦᠪᠦᠷᠢ ᠣᠯᠭᠤᠨ᠎ᠠ | ᠰᠤᠷᠭᠠᠭᠤᠯᠢ ᠲᠡᠭᠦᠰᠦᠭᠡᠳ 2 ᠵᠢᠯ ᠤᠨ ᠳᠣᠲᠣᠷ᠎ᠠ ᠠᠵᠢᠯ ᠣᠯᠣᠭᠠᠳᠤᠢ ᠳᠡᠭᠡᠳᠦ ᠰᠤᠷᠭᠠᠭᠤᠯᠢ | ᠲᠡᠭᠦᠰᠦᠭᠰᠡᠳ ᠪᠠ 16 ︱24 ᠨᠠᠰᠤᠨ ᠤ ᠠᠵᠢᠯ ᠠᠯᠳᠠᠭᠰᠠᠨ ᠵᠠᠯᠠᠭᠤᠴᠤᠳ ᠲᠤ ᠠᠵᠢᠯ ᠣᠯᠭᠤᠯᠲᠠ ᠶᠢᠨ | ᠳᠠᠳᠤᠯᠭ᠎ᠠ ᠶᠢᠨ ᠠᠵᠢᠯ ᠤᠨ ᠪᠠᠶᠢᠷᠢ ᠬᠠᠩᠭᠠᠵᠤ᠂ ᠠᠵᠢᠯ ᠣᠯᠭᠤᠯᠲᠠ ᠶᠢᠨ ᠳᠠᠳᠤᠯᠭ᠎ᠠ ᠶᠢᠨ ᠨᠥᠬᠦᠪᠦᠷᠢ ᠣᠯᠭᠤᠨ᠎ᠠ᠃ | ᠨᠢᠭᠡᠳᠦᠭᠡᠷ ᠲᠥᠷᠥᠯ ᠤᠨ ᠭᠠᠵᠠᠷ ᠣᠷᠣᠨ ᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢᠨ 50% ᠪᠠᠷ | ᠬᠡᠷᠡᠭᠵᠢᠭᠦᠯᠵᠦ᠂ ᠳᠠᠭᠠᠵᠤ ᠰᠤᠷᠬᠤ ᠬᠥᠮᠥᠰ ᠤᠨ ᠳᠠᠭᠠᠵᠤ ᠰᠤᠷᠬᠤ ᠬᠤᠭᠤᠴᠠᠭ᠎ᠠ ᠳᠦᠭᠦᠷᠦᠭᠰᠡᠨ ᠤ ᠳᠠᠷᠠᠭ᠎ᠠ | ᠦᠯᠡᠳᠡᠭᠡᠨ ᠬᠡᠷᠡᠭᠯᠡᠬᠦ ᠨᠣᠷᠮ᠎ᠠ ᠶᠢ 50% ᠠᠴᠠ ᠳᠡᠭᠡᠭᠰᠢᠬᠢ ᠨᠢᠭᠡᠴᠡ ᠳᠤ ᠬᠦᠷᠦᠭᠦᠯᠵᠦ᠂ ᠨᠥᠬᠦᠪᠦᠷᠢ ᠶᠢᠨ | ᠪᠠᠷᠢᠮᠵᠢᠶ᠎ᠠ ᠶᠢ 60% ᠳᠤ ᠬᠦᠷᠲᠡᠯ᠎ᠡ ᠳᠡᠭᠡᠭᠰᠢᠯᠡᠭᠦᠯᠦᠨ᠎ᠡ᠃ | 2. ᠨᠥᠭᠡᠴᠡ ᠴᠢᠳᠠᠪᠤᠷᠢᠲᠠᠨ ᠤ ᠠᠮᠢᠳᠤᠷᠠᠯ ᠤᠨ ᠨᠥᠬᠦᠪᠦᠷᠢ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢᠶᠠᠷ | ᠪᠠᠲᠣᠯᠠᠭᠳᠠᠭᠰᠠᠨ ᠰᠢᠯᠢ ᠶᠢᠨ ᠭᠤᠣᠯ ᠠᠶᠢᠮᠠᠭ ᠤᠨ ᠬᠡᠪᠴᠢᠶᠡᠨ ᠳᠤ ᠳᠠᠩᠰᠠᠯᠠᠭᠤᠯᠤᠭᠰᠠᠨ ᠳᠤᠮᠳᠠ ᠵᠢᠵᠢᠭ ᠠᠵᠤ | ᠠᠬᠤᠶᠢᠯᠠᠯ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠳ ᠨᠥᠬᠦᠴᠡᠯ ᠳᠤ ᠨᠡᠶᠢᠴᠡᠬᠦ ᠳᠡᠭᠡᠳᠦ | ᠰᠤᠷᠭᠠᠭᠤᠯᠢ ᠲᠡᠭᠦᠰᠦᠭᠰᠡᠳ ᠢ ᠡᠯᠰᠡᠨ ᠬᠡᠷᠡᠭᠯᠡᠬᠦ ᠦᠶ᠎ᠡ ᠳᠤ᠂ ᠳᠡᠭᠡᠳᠦ ᠰᠤᠷᠭᠠᠭᠤᠯᠢ ᠲᠡᠭᠦᠰᠦᠭᠰᠡᠳ ᠲᠤ ᠪᠠᠶᠢᠭ᠎ᠠ | ᠨᠥᠭᠡᠴᠡᠯᠡᠵᠦ ᠪᠠᠶᠢᠭ᠎ᠠ ᠨᠢᠭᠡᠴᠡ ᠶᠢᠨ ᠠᠳᠠᠯᠢ ᠲᠥᠷᠥᠯ ᠤᠨ ᠬᠥᠮᠥᠰ ᠯᠦᠭᠡ ᠠᠳᠠᠯᠢ ᠲᠠᠰ ᠤᠨ ᠴᠠᠯᠢᠩ ᠳᠠᠭᠠᠳᠬᠠᠯ | ᠠᠰᠠᠷᠠᠮᠵᠢ ᠶᠢᠨ ᠣᠯᠭᠤᠮᠵᠢ ᠬᠦᠷᠲᠡᠭᠡᠨ᠎ᠡ᠃ ᠵᠠᠰᠠᠭ ᠤᠨ ᠣᠷᠳᠣᠨ ᠠᠴᠠ ᠠᠵᠢᠯ ᠤᠨ ᠪᠠᠶᠢᠷᠢᠨ ᠳᠤ ᠪᠠᠶᠢᠭ᠎ᠠ | ᠨᠥᠭᠡᠴᠡ ᠴᠢᠳᠠᠪᠤᠷᠢᠲᠠᠨ ᠳᠤ ᠬᠥᠮᠥᠨ ᠪᠦᠷᠢ ᠳᠤ ᠰᠠᠷ᠎ᠠ ᠪᠦᠷᠢ 700 ᠲᠥᠭᠦᠷᠢᠭ ᠠᠴᠠ ᠳᠣᠣᠷ᠎ᠠ ᠦᠭᠡᠢ | ᠠᠮᠢᠳᠤᠷᠠᠯ ᠤᠨ ᠨᠥᠬᠦᠪᠦᠷᠢ ᠣᠯᠭᠤᠵᠤ᠂ ᠰᠢᠨ᠎ᠡ ᠪᠠᠷ ᠡᠯᠰᠡᠭᠰᠡᠨ ᠬᠥᠮᠥᠰ ᠲᠤ ᠨᠢᠭᠡ ᠤᠳᠠᠭ᠎ᠠ ᠶᠢᠨ ᠴᠢᠨᠠᠷᠲᠠᠢ | ᠪᠡᠶ᠎ᠡ ᠶᠢᠨ ᠪᠠᠶᠢᠴᠠᠭᠠᠯᠲᠠ ᠶᠢᠨ ᠵᠠᠷᠤᠳᠠᠯ ᠤᠨ ᠨᠥᠬᠦᠪᠦᠷᠢ ᠣᠯᠭᠤᠨ᠎ᠠ᠂ ᠨᠥᠬᠦᠪᠦᠷᠢ ᠶᠢᠨ ᠪᠠᠷᠢᠮᠵᠢᠶ᠎ᠠ ᠨᠢ ᠬᠥᠮᠥᠨ | ᠪᠦᠷᠢ ᠳᠤ 200 ᠲᠥᠭᠦᠷᠢᠭ ᠪᠠᠶᠢᠵᠤ᠂ ᠭᠥᠷᠳᠡᠬᠦ ᠬᠤᠭᠤᠴᠠᠭᠠᠨ ᠤ ᠬᠢᠵᠠᠭᠠᠷ ᠨᠢ 2 ᠵᠢᠯ ᠪᠣᠯᠣᠨ᠎ᠠ᠃ | 3. ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠣᠷᠠᠯ ᠳᠤ ᠣᠷᠣᠯᠴᠠᠪᠠᠯ ᠨᠥᠬᠦᠪᠦᠷᠢ ᠣᠯᠭᠤᠨ᠎ᠠ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠮᠡᠷᠭᠡᠵᠢᠯ ᠤᠨ ᠴᠢᠳᠠᠪᠤᠷᠢ ᠶᠢᠨ ᠪᠣᠯᠪᠠᠰᠣᠷᠠᠯ | ᠳᠤ ᠣᠷᠣᠯᠴᠠᠭᠰᠠᠨ ᠬᠥᠮᠥᠰ᠂ ᠪᠣᠯᠪᠠᠰᠣᠷᠠᠯ ᠤᠨ ᠲᠠᠷᠠᠭ᠎ᠠ ᠡᠷᠬᠢᠯᠡᠭᠰᠡᠨ ᠠᠵᠢᠯ ᠤᠨ ᠬᠢᠷᠢ ᠬᠡᠮ ᠤᠨ ᠦᠨᠡᠮᠯᠡᠯ | ᠣᠯᠣᠭᠰᠠᠨ ︵ᠡᠰᠡᠬᠦᠯ᠎ᠡ ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ᠂ | ᠲᠤᠰᠬᠠᠢ ᠵᠦᠢᠯ ᠤᠨ ᠡᠷᠬᠢᠯᠡᠭᠰᠡᠨ ᠠᠵᠢᠯ ᠤᠨ ᠴᠢᠳᠠᠪᠤᠷᠢ ᠶᠢᠨ ᠦᠨᠡᠮᠯᠡᠯ᠂ ᠪᠣᠯᠪᠠᠰᠣᠷᠠᠯ ᠳᠤ ᠬᠢᠷᠢ ᠲᠡᠩᠴᠡᠭᠰᠡᠨ | ᠦᠨᠡᠮᠯᠡᠯ︶ ᠳᠤ ᠲᠣᠭᠲᠠᠭᠠᠯ ᠶᠣᠰᠣᠭᠠᠷ ᠡᠷᠬᠢᠯᠡᠭᠰᠡᠨ ᠠᠵᠢᠯ ᠤᠨ ᠪᠤᠯᠪᠠᠰᠣᠷᠠᠯ ᠤᠨ ᠨᠥᠬᠦᠪᠦᠷᠢ ᠣᠯᠭᠤᠬᠤ | ᠬᠡᠷᠡᠭᠲᠡᠢ᠃ | 4. ᠡᠯ᠎ᠡ ᠲᠥᠷᠥᠯ ᠤᠨ ᠤᠷᠢᠨ ᠬᠡᠷᠡᠭᠯᠡᠬᠦ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠦᠨ᠎ᠡ | ᠤᠷᠢᠬᠤ ᠬᠡᠷᠡᠭᠴᠡᠭᠡ ᠱᠠᠭᠠᠷᠳᠠᠯᠭ᠎ᠠ ᠲᠠᠢ ᠠᠵᠤ ᠠᠬᠤᠶᠢᠯᠠᠯ ᠪᠣᠯᠣᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ | ᠵᠡᠷᠭᠡ ᠠᠵᠢᠯ ᠡᠷᠢᠬᠦ ᠬᠡᠷᠡᠭᠴᠡᠭᠡ ᠱᠠᠭᠠᠷᠳᠠᠯᠭ᠎ᠠ ᠲᠠᠢ ᠬᠤᠪᠢ ᠬᠥᠮᠥᠨ ᠳᠤ ᠰᠣᠯᠢᠯᠴᠠᠭᠠᠨ ᠤ ᠲᠠᠪᠴᠠᠩ ᠪᠠᠶᠢᠭᠤᠯᠤᠨ | ᠥᠭᠴᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠬᠡᠯᠪᠡᠷᠢ ᠪᠠᠷ ᠤᠷᠢᠬᠤ᠂ ᠮᠡᠳᠡᠭᠡ | ᠵᠠᠩᠭᠢ ᠨᠡᠶᠢᠲᠡᠯᠡᠵᠦ᠂ ᠠᠵᠢᠯ ᠣᠯᠬᠤ ᠵᠢᠯᠣᠭᠤᠳᠤᠯᠭ᠎ᠠ᠂ ᠠᠳᠠᠯ ᠦᠢᠯᠡᠰ ᠴᠣᠭᠴᠠᠯᠠᠬᠤ ᠵᠢᠯᠣᠭᠤᠳᠤᠯᠭ᠎ᠠ ᠶᠢ | ᠰᠦᠢᠳᠬᠡᠯ ᠬᠤᠷᠢᠶᠠᠬᠤ ᠦᠭᠡᠢ ᠪᠠᠷ ᠶᠠᠪᠤᠭᠳᠠᠭᠤᠯᠤᠨ᠎ᠠ᠃ ᠠᠵᠢᠯᠲᠠᠨ ᠡᠯᠰᠡᠬᠦ ᠪᠣᠳᠠᠲᠠᠢ ᠠᠵᠢᠯᠯᠠᠭ᠎ᠠ ᠳᠤ ︽ | ᠪᠠᠷᠠᠭᠤᠨ ᠦᠵᠦᠮᠦᠴᠢᠨ ᠤ ᠠᠵᠢᠯ ᠣᠯᠭᠤᠯᠲᠠ︾ ᠭᠡᠬᠦ ᠸᠢᠴᠠᠲ ᠤᠨ ᠨᠡᠶᠢᠲᠡ ᠶᠢᠨ ᠳ᠋ᠤᠭᠠᠷ ᠢ ᠠᠩᠬᠠᠷᠤᠯ ᠳᠠᠭᠠᠨ | ᠠᠪᠤᠭᠠᠷᠠᠢ᠃ | ᠭᠤᠷᠪᠠ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠶᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ | 1. ᠦᠨᠡᠨ ᠨᠡᠷ᠎ᠡ ᠪᠠᠷ ᠳᠠᠩᠰᠠᠯᠠᠭᠤᠯᠬᠤ | ᠰᠤᠷᠪᠤᠯᠵᠢᠯᠠᠵᠤ ᠪᠠᠶᠢᠴᠠᠭᠠᠨ ᠵᠢᠭᠰᠠᠭᠠᠬᠤ᠂ ᠲᠤᠭ᠎ᠠ ᠪᠠᠷᠢᠮᠲᠠ ᠶᠢ ᠬᠠᠷᠢᠴᠠᠭᠤᠯᠬᠤ᠂ ᠤᠲᠠᠰᠤ ᠪᠠᠷ | ᠬᠠᠷᠢᠯᠴᠠᠬᠤ ᠪᠠᠷ ᠳᠠᠮᠵᠢᠭᠤᠯᠤᠨ᠂ ᠲᠡᠭᠦᠰᠬᠦ ᠰᠤᠷᠤᠭᠴᠢᠳ ᠤᠨ ᠠᠵᠢᠯ ᠣᠯᠵᠤ ᠠᠵᠢᠯ ᠠᠯᠳᠠᠭᠰᠠᠨ ᠪᠠᠶᠢᠳᠠᠯ᠂ | ᠰᠤᠷᠤᠯᠭ᠎ᠠ ᠶᠢᠨ ᠨᠠᠮᠲᠠᠷ ᠤᠨ ᠲᠤᠰᠬᠠᠢ ᠮᠡᠷᠭᠡᠵᠢᠯ᠂ ᠠᠵᠢᠯ ᠡᠷᠢᠬᠦ ᠰᠠᠨᠠᠮᠵᠢ᠂ ᠦᠢᠯᠡᠴᠢᠯᠡᠭᠡᠨ ᠤ ᠬᠡᠷᠡᠭᠴᠡᠭᠡ | ᠱᠠᠭᠠᠷᠳᠠᠯᠭ᠎ᠠ ᠵᠡᠷᠭᠡ ᠮᠡᠳᠡᠭᠡ ᠵᠠᠩᠭᠢ ᠶᠢ ᠲᠣᠳᠣᠷᠬᠠᠢ ᠣᠶᠢᠯᠠᠭᠠᠵᠤ᠂ ᠰᠡᠭᠦᠯᠴᠢ ᠶᠢᠨ ᠬᠤᠭᠤᠴᠠᠭᠠᠨ ᠤ ᠠᠵᠢᠯ | ᠣᠯᠭᠤᠯᠲᠠ ᠶᠢᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠬᠦ ᠳᠤ ᠰᠠᠭᠤᠷᠢ ᠲᠠᠯᠪᠢᠬᠤ ᠬᠡᠷᠡᠭᠲᠡᠢ᠃ | 2. ︽1131︾ ᠶᠢᠨ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠦᠢᠯᠡᠴᠢᠯᠡᠭᠡᠨ ᠤ ᠠᠷᠭ᠎ᠠ ᠬᠡᠮᠵᠢᠶ᠎ᠡ | ᠠᠵᠢᠯ ᠣᠯᠭᠤᠬᠤ ᠦᠢᠯᠡᠴᠢᠯᠡᠭᠡᠨ ᠤ ᠲᠥᠪ ᠤᠨ ᠠᠵᠢᠯᠲᠠᠳ ᠤᠲᠠᠰᠤ ᠪᠠᠷ ᠠᠰᠠᠭᠤᠨ ᠯᠠᠪᠯᠠᠬᠤ᠂ ᠲᠤᠬᠠᠢ ᠶᠢᠨ | ᠭᠠᠵᠠᠷ ᠲᠤᠨᠢ ᠬᠦᠷᠴᠦ ᠰᠤᠷᠪᠤᠯᠵᠢᠯᠠᠬᠤ ᠪᠠᠷ ᠳᠡᠮᠵᠢᠨ ᠠᠵᠢᠯ ᠣᠯᠣᠭᠠᠳᠤᠢ ᠲᠡᠭᠦᠰᠦᠭᠰᠡᠳ ᠲᠤ ᠨᠢᠭᠡ ᠤᠳᠠᠭ᠎ᠠ | ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠨᠢᠯᠴᠠᠭᠤᠯᠬᠤ᠂ ᠨᠢᠭᠡ ᠤᠳᠠᠭ᠎ᠠ ᠠᠵᠢᠯ ᠮᠡᠷᠭᠡᠵᠢᠯ ᠤᠨ ᠵᠢᠯᠣᠭᠤᠳᠤᠯᠭ᠎ᠠ | ᠬᠢᠬᠦ᠂ ᠭᠤᠷᠪᠠ ᠤᠳᠠᠭ᠎ᠠ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ ᠬᠢᠬᠦ᠂ ᠨᠢᠭᠡ ᠤᠳᠠᠭ᠎ᠠ ᠮᠡᠷᠭᠡᠵᠢᠯ | ᠴᠢᠳᠠᠪᠤᠷᠢ ᠶᠢᠨ ᠪᠣᠯᠪᠠᠰᠤᠷᠠᠭᠤᠯᠤᠯ ᠬᠢᠬᠦ ᠪᠤᠶᠤ ᠠᠵᠢᠯ ᠣᠯᠬᠤ ᠳᠠᠳᠤᠯᠭ᠎ᠠ ᠶᠢᠨ ᠲᠣᠬᠢᠶᠠᠯ ᠣᠯᠭᠤᠬᠤ ᠵᠡᠷᠭᠡ | ᠦᠢᠯᠡᠴᠢᠯᠡᠭᠡ ᠬᠠᠩᠭᠠᠨ᠎ᠠ᠃ | 3. ᠬᠦᠴᠢᠷᠳᠡᠯ ᠲᠠᠢ ᠲᠡᠭᠦᠰᠦᠭᠰᠡᠨ ᠰᠤᠷᠤᠭᠴᠢᠳ ᠢ ︽ᠨᠢᠭᠡ ᠳᠤ ᠨᠢᠭᠡ ᠪᠠᠷ︾ ᠬᠠᠪᠰᠤᠷᠤᠨ ᠲᠡᠳᠬᠦᠨ᠎ᠡ | ᠠᠵᠢᠯ ᠣᠯᠭᠤᠬᠤ ᠦᠢᠯᠡᠴᠢᠯᠡᠭᠡᠨ ᠤ ᠲᠥᠪ ᠨᠢ ᠬᠦᠴᠢᠷᠳᠡᠯᠲᠡᠢ ᠰᠤᠷᠭᠠᠭᠤᠯᠢ ᠲᠡᠭᠦᠰᠦᠭᠰᠡᠳ ᠲᠤ ︽ᠨᠢᠭᠡ | ᠬᠥᠮᠥᠨ ᠲᠤ ᠨᠢᠭᠡ ᠪᠣᠳᠣᠯᠭ᠎ᠠ ᠣᠯᠭᠤᠬᠤ︾ ᠬᠠᠪᠰᠤᠷᠤᠨ ᠲᠡᠳᠬᠦᠬᠦ ᠲᠥᠯᠥᠪᠯᠡᠭᠡ ᠲᠣᠭᠲᠠᠭᠠᠨ᠂ ᠪᠣᠳᠠᠲᠠᠢ ᠪᠠᠶᠢᠳᠠᠯ | ᠶᠢ ᠨᠢ ᠦᠨᠳᠦᠰᠦᠯᠡᠨ ᠴᠢᠭᠯᠡᠭᠦᠯᠬᠦ ᠴᠢᠨᠠᠷᠲᠠᠢ ᠦᠢᠯᠡᠴᠢᠯᠡᠭᠡ ᠪᠠ ᠬᠠᠪᠰᠤᠷᠤᠨ ᠳᠡᠳᠬᠦᠬᠦ ᠠᠵᠢᠯ ᠤᠨ ᠪᠠᠶᠢᠷᠢ ᠶᠢ | ᠡᠩ ᠲᠡᠷᠢᠭᠦᠨ ᠲᠤ ᠲᠠᠨᠢᠯᠴᠠᠭᠤᠯᠵᠤ᠂ ᠲᠦᠷᠦ ᠶᠢᠨ ᠪᠣᠳᠣᠯᠭ᠎ᠠ ᠶᠢ ᠡᠩ ᠲᠡᠷᠢᠭᠦᠨ ᠲᠤ ᠨᠠᠶᠢᠳᠠᠪᠤᠷᠢᠵᠢᠭᠤᠯᠤᠨ᠂ | ᠪᠣᠯᠪᠠᠰᠣᠷᠠᠯ ᠪᠠ ᠳᠠᠳᠤᠯᠭ᠎ᠠ ᠬᠢᠬᠦ ᠶᠢ ᠡᠩ ᠲᠡᠷᠢᠭᠦᠨ ᠲᠤ ᠵᠣᠬᠢᠶᠠᠨ ᠪᠠᠶᠢᠭᠤᠯᠵᠤ᠂ ᠲᠤᠰᠬᠠᠶᠢᠵᠢᠭᠰᠠᠨ ᠠᠵᠢᠯ | ᠮᠡᠷᠭᠡᠵᠢᠯ ᠤᠨ ᠵᠢᠯᠣᠭᠤᠳᠤᠯᠭ᠎ᠠ ᠶᠢᠨ ᠦᠢᠯᠡᠴᠢᠯᠡᠭᠡ ᠶᠢ ᠴᠠᠭ ᠲᠤᠬᠠᠢ ᠲᠤᠨᠢ ᠬᠠᠩᠭᠠᠵᠤ᠂ ᠬᠦᠴᠢᠷᠳᠡᠯᠲᠡᠢ | ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠨᠤᠷᠮ᠎ᠠ ᠶᠢ ᠦᠨᠡᠨᠬᠦ ᠪᠠᠲᠤᠯᠠᠬᠤ ᠬᠡᠷᠡᠭᠲᠡᠢ᠃ | ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ ᠡᠲᠡᠭᠡᠷ ᠲᠥᠷᠥ ᠶᠢᠨ ᠪᠣᠳᠣᠯᠭ᠎ᠠ ᠶᠢ ᠶᠠᠪᠤᠭᠳᠠᠭᠤᠯᠵᠣ | ᠪᠠᠶᠢᠨ᠎ᠠ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠤᠯᠠᠮ ᠨᠢᠭᠡ | ᠠᠯᠬᠤᠮ ᠪᠠᠬᠢᠵᠢᠭᠦᠯᠦᠨ ᠥᠷᠭᠡᠳᠬᠡᠵᠦ᠂ ᠣᠯᠠᠨ ᠲᠦᠮᠡᠨ ᠢ ᠬᠠᠪᠰᠤᠷᠤᠨ ᠣᠷᠣᠯᠭ᠎ᠠ ᠶᠢ ᠨᠢ ᠦᠷᠭᠦᠯᠵᠢᠯᠡᠨ | ᠨᠡᠮᠡᠭᠳᠡᠭᠦᠯᠬᠦ ᠶᠢᠨ ᠲᠥᠯᠥᠭᠡ᠂ ᠪᠠᠷᠠᠭᠤᠨ ᠦᠵᠦᠮᠦᠴᠢᠨ ᠬᠤᠰᠢᠭᠤᠨ ᠤ ᠬᠢᠨ ︽ᠪᠠᠷᠠᠭᠤᠨ ᠦᠵᠦᠮᠦᠴᠢᠨ | ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠡᠶ᠎ᠡ ᠪᠠᠨ ᠳᠠᠭᠠᠭᠠᠵᠤ | ᠠᠳᠠᠯ ᠦᠢᠯᠡᠰ ᠴᠣᠭᠴᠠᠯᠠᠬᠤ ᠳᠤ ᠳᠠᠮ ᠬᠦᠦ ᠲᠠᠢ ᠵᠢᠭᠡᠯᠡᠯᠭᠡ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ | ︶︾ ᠪᠠ ︽ᠪᠠᠷᠠᠭᠤᠨ ᠦᠵᠦᠮᠦᠴᠢᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠬᠦᠴᠦᠨ ᠨᠡᠮᠡᠷᠢᠯᠡᠵᠦ ᠮᠠᠯᠵᠢᠬᠤ ᠣᠷᠣᠨ ᠤ ᠬᠥᠳᠡᠯᠮᠦᠷᠢ ᠬᠦᠴᠦᠨ ᠤ ᠠᠵᠢᠯ ᠣᠯᠭᠤᠯᠲᠠ ᠶᠢᠨ ᠨᠥᠬᠦᠪᠦᠷᠢ ᠶᠢ | ᠰᠢᠩᠭᠡᠬᠡᠨ ᠠᠪᠬᠤ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠨᠡᠶᠢᠲᠡᠯᠡᠵᠦ᠂ ᠠᠵᠢᠯ ᠣᠯᠭᠤᠬᠤ | ᠦᠢᠯᠡᠴᠢᠯᠡᠭᠡ ᠶᠢ ᠴᠢᠷᠮᠠᠶᠢᠨ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠥᠬᠦ | ᠲᠠᠯ᠎ᠠ ᠪᠠᠷ ᠬᠦᠴᠦᠨ ᠨᠡᠮᠡᠷᠢᠯᠡᠪᠡ᠃ | 1. ᠪᠠᠷᠠᠭᠤᠨ ᠦᠵᠦᠮᠦᠴᠢᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠵᠤ᠂ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠶᠢᠨ ᠬᠦᠦ ᠲᠠᠢ ᠵᠢᠭᠡᠯᠡᠯᠭᠡ ᠶᠢᠨ ᠬᠡᠷᠡᠭᠵᠢᠭᠦᠯᠬᠦ | ᠠᠷᠭ᠎ᠠ ᠶᠢ ᠨᠡᠶᠢᠲᠡᠯᠡᠪᠡ ︵ᠲᠤᠷᠰᠢᠨ ᠬᠡᠷᠡᠭᠵᠢᠭᠦᠯᠬᠦ︶ | ᠬᠤᠲᠠ ᠬᠥᠳᠡᠭᠡ ᠶᠢᠨ ᠬᠥᠳᠡᠯᠮᠦᠷᠢᠴᠢᠳ ᠤᠨ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ᠂ ᠠᠳᠠᠯ | ᠦᠢᠯᠡᠰ ᠴᠣᠭᠴᠠᠯᠠᠬᠤ ᠪᠠᠷ ᠠᠵᠢᠯ ᠣᠯᠭᠤᠬᠤ ᠠᠵᠢᠯ ᠢ ᠳᠠᠶᠢᠴᠢᠯᠠᠬᠤ ᠶᠢ ᠵᠣᠷᠢᠭᠵᠢᠭᠤᠯᠬᠤ ᠶᠢᠨ ᠲᠥᠯᠥᠭᠡ᠂ ᠮᠠᠨ ᠤ | ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ ᠲᠣᠭᠲᠠᠭᠠᠭᠰᠠᠨ ᠲᠥᠷᠥ ᠶᠢᠨ ᠪᠣᠳᠣᠯᠭ᠎ᠠ ᠪᠣᠯᠣᠨ᠎ᠠ᠃ ︵1︶ | ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠶᠢᠨ ᠬᠦᠦ ᠲᠠᠢ ᠵᠢᠭᠡᠯᠡᠯᠭᠡ ᠡᠷᠡᠮᠵᠢᠯᠡᠭᠴᠢ᠄ ᠬᠤᠲᠠ | ᠪᠠᠯᠭᠠᠰᠣᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ᠂ ᠠᠵᠢᠯ ᠣᠯᠬᠤ ᠳᠤ ᠬᠦᠴᠢᠷᠲᠡᠢ ᠬᠥᠮᠥᠰ ︵ᠵᠡᠮᠳᠡᠭᠴᠦᠳ | ᠪᠠᠭᠲᠠᠨ᠎ᠠ︶᠂ ᠴᠡᠷᠢᠭ ᠠᠴᠠ ᠬᠠᠯᠠᠭᠳᠠᠭᠰᠠᠳ᠂ ᠳᠡᠭᠡᠳᠦ ᠰᠤᠷᠭᠠᠭᠤᠯᠢ ᠲᠡᠭᠦᠰᠦᠭᠰᠡᠳ ︵ᠣᠶᠤᠲᠠᠨ ᠲᠣᠰᠬᠤᠨ ᠤ | ᠳᠠᠷᠤᠭ᠎ᠠ ᠪᠠ ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠭᠰᠠᠨ ᠰᠣᠷᠣᠭᠴᠢ ᠪᠠᠭᠲᠠᠨ᠎ᠠ︶᠂ | ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠶᠢ ᠰᠢᠢᠳᠪᠦᠷᠢᠯᠡᠬᠦ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠠ | ᠠᠵᠢᠯ ᠠᠯᠳᠠᠭᠰᠠᠳ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠭᠰᠠᠨ ᠬᠥᠯᠥᠰᠦᠨ ᠠᠵᠢᠯᠴᠢᠨ᠂ | ᠰᠦᠯᠵᠢᠶᠡᠨ ᠤ ᠬᠤᠳᠠᠯᠳᠤᠭᠠᠴᠢᠨ ᠡᠷᠦᠬᠡ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ᠂ ᠬᠥᠳᠡᠭᠡ | ᠲᠣᠰᠬᠤᠨ ᠤ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠭᠰᠠᠨ ᠲᠠᠷᠢᠶᠠᠴᠢᠨ ᠪᠠᠭᠲᠠᠨ᠎ᠠ︔ ᠡᠭᠦᠨ ᠤ ᠬᠠᠮᠲᠤ | ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠪᠠᠭ᠎ᠠ | ᠲᠣᠭᠠᠨ ᠤ ᠢᠲᠡᠭᠡᠮᠵᠢᠲᠦ ᠵᠢᠭᠡᠯᠡᠯᠭᠡ᠂ ᠣᠷᠣᠨ ᠰᠠᠭᠤᠴᠠ ᠶᠢᠨ ᠵᠢᠭᠡᠯᠡᠯᠭᠡ᠂ ᠮᠠᠰᠢᠨ ᠲᠡᠷᠭᠡ ᠬᠤᠳᠠᠯᠳᠤᠨ ᠠᠪᠬᠤ | ᠵᠢᠭᠡᠯᠡᠯᠭᠡ᠂ 5 ᠲᠦᠮᠡᠨ ᠲᠥᠭᠦᠷᠢᠭ ᠠᠴᠠ ᠳᠣᠷᠣᠭᠰᠢᠬᠢ ᠪᠠᠭ᠎ᠠ ᠲᠣᠭᠠᠨ ᠤ ᠬᠡᠷᠡᠭᠯᠡᠭᠡᠨ ᠤ ᠵᠢᠭᠡᠯᠡᠯᠭᠡ ︵ | ᠢᠲᠡᠭᠡᠮᠵᠢ ᠶᠢᠨ ᠺᠠᠷᠲ ᠤᠨ ᠬᠡᠷᠡᠭᠯᠡᠭᠡ ᠪᠠᠭᠲᠠᠨ᠎ᠠ︶ ᠶᠢ ᠭᠠᠷᠭᠠᠪᠠᠯ᠂ ᠭᠤᠶᠤᠴᠢᠯᠠᠭᠴᠢ ᠠᠳᠠᠯ ᠦᠢᠯᠡᠰ ᠴᠣᠭᠴᠠᠯᠠᠬᠤ | ᠳᠠᠭᠠᠭᠠᠯᠲᠠ ᠶᠢᠨ ᠵᠢᠭᠡᠯᠡᠯᠭᠡ ᠶᠢᠨ ᠭᠤᠶᠤᠴᠢᠯᠠᠯ ᠢᠶᠠᠨ ᠲᠤᠰᠢᠶᠠᠬᠤ ᠦᠶ᠎ᠡ ᠳᠤ᠂ ᠲᠣᠰ ᠬᠥᠮᠥᠨ ᠵᠢᠴᠢ ᠲᠡᠭᠦᠨ ᠤ | ᠬᠤᠯᠪᠣᠰᠤ ᠳᠤ ᠪᠤᠰᠤᠳ ᠵᠢᠭᠡᠯᠡᠯᠭᠡ ᠪᠠᠶᠢᠬᠤ ᠦᠭᠡᠢ᠃ ︵2︶ ᠵᠢᠵᠢᠭ ᠪᠢᠴᠢᠯ ᠠᠵᠤ ᠠᠬᠤᠶᠢᠯᠠᠯ ᠤᠨ | ᠵᠢᠭᠡᠯᠡᠯᠭᠡ ᠶᠢᠨ ᠲᠡᠳᠬᠦᠬᠦ ᠡᠲᠡᠭᠡᠳ᠄ ᠣᠲᠣ ᠶᠢᠨ ᠬᠡᠷᠡᠭᠵᠢᠭᠦᠯᠵᠦ ᠪᠠᠶᠢᠭ᠎ᠠ ᠳᠤᠮᠳᠠ ᠵᠢᠵᠢᠭ ᠠᠵᠤ ᠠᠬᠤᠶᠢᠯᠠᠯ ᠤᠨ | ᠬᠡᠯᠪᠡᠷᠢ ᠬᠤᠪᠢᠶᠠᠬᠤ ᠪᠠᠷᠢᠮᠵᠢᠶ᠎ᠠ ᠳᠤ ᠲᠣᠭᠲᠠᠭᠠᠭᠰᠠᠨ ᠵᠢᠵᠢᠭ ᠬᠡᠯᠪᠡᠷᠢ ᠶᠢᠨ᠂ ᠪᠢᠴᠢᠯ ᠬᠡᠯᠪᠡᠷᠢ ᠶᠢᠨ ᠠᠵᠤ | ᠠᠬᠤᠶᠢᠯᠠᠯ ᠳᠤ ᠬᠠᠷᠢᠶᠠᠯᠠᠭᠳᠠᠨ᠎ᠠ︔ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ | ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠬᠤ ᠠᠴᠠ 1 ᠵᠢᠯ ᠤᠨ ᠡᠮᠦᠨ᠎ᠡ ᠰᠢᠨ᠎ᠡ ᠪᠠᠷ ᠡᠯᠰᠡᠨ ᠬᠡᠷᠡᠭᠯᠡᠭᠰᠡᠨ ᠠᠳᠠᠯ | ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠬᠤ ᠨᠥᠬᠦᠴᠡᠯ ᠳᠤ ᠨᠡᠶᠢᠴᠡᠬᠦ ᠬᠥᠮᠥᠨ ᠤ ᠲᠤᠭ᠎ᠠ ᠨᠢ | ᠠᠵᠤ ᠠᠬᠤᠶᠢᠯᠠᠯ ᠤᠨ ᠣᠲᠣ ᠶᠢᠨ ᠠᠵᠢᠯᠯᠠᠵᠤ ᠪᠠᠶᠢᠭ᠎ᠠ ᠠᠵᠢᠯᠲᠠᠨ ᠠᠵᠢᠯᠴᠢᠨ ᠤ ᠲᠤᠭ᠎ᠠ ᠶᠢᠨ 10% ᠳᠤ ᠬᠦᠷᠬᠦ | ︵100 ᠬᠥᠮᠥᠨ ᠠᠴᠠ ᠳᠠᠪᠠᠭᠰᠠᠨ ᠠᠵᠤ ᠠᠬᠤᠶᠢᠯᠠᠯ 5% ᠳᠤ ᠬᠦᠷᠬᠦ︶ ᠪᠥᠭᠡᠳ ᠲᠡᠭᠦᠨ ᠯᠦᠭᠡ 1 ᠵᠢᠯ ᠠᠴᠠ | ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠨ᠎ᠠ︔ ᠠᠵᠢᠯᠲᠠᠨ ᠠᠵᠢᠯᠴᠢᠨ ᠤ ᠴᠠᠯᠢᠩ ᠢ ᠥᠷᠢᠲᠦᠭᠰᠡᠨ᠂ ᠨᠡᠶᠢᠭᠡᠮ ᠤᠨ | ᠳᠠᠭᠠᠳᠬᠠᠯ ᠤᠨ ᠰᠦᠢᠳᠬᠡᠯ ᠢ ᠲᠤᠰᠢᠶᠠᠭᠠᠳᠤᠢ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠢᠲᠡᠭᠡᠮᠵᠢ ᠶᠢᠨ | ᠲᠡᠮᠳᠡᠭᠯᠡᠯ ᠲᠠᠢ ᠵᠢᠵᠢᠭ ᠪᠢᠴᠢᠯ ᠬᠡᠯᠪᠡᠷᠢ ᠶᠢᠨ ᠠᠵᠤ ᠠᠬᠤᠶᠢᠯᠠᠯ ᠪᠠᠶᠢᠬᠤ ᠦᠭᠡᠢ᠃ ᠠᠳᠠᠯ ᠦᠢᠯᠡᠰ ᠴᠣᠭᠴᠠᠯᠠᠬᠤ | ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠬᠤ ᠲᠤᠭ᠎ᠠ ᠬᠡᠮᠵᠢᠶ᠎ᠡ ᠨᠢ᠄ ︵1︶ ᠨᠥᠬᠦᠴᠡᠯ ᠳᠤ ᠨᠡᠶᠢᠴᠡᠬᠦ ᠬᠤᠪᠢ | ᠬᠥᠮᠥᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢ ᠬᠠᠮᠤᠭ ᠤᠨ ᠥᠨᠳᠥᠷ ᠲᠡᠭᠡᠨ 30 | ᠲᠦᠮᠡᠨ ᠲᠥᠭᠦᠷᠢᠭ ᠭᠤᠶᠤᠴᠢᠯᠠᠵᠤ ᠪᠣᠯᠣᠨ᠎ᠠ᠂ ᠵᠢᠭᠡᠯᠡᠯᠭᠡ ᠶᠢᠨ ᠬᠤᠭᠤᠴᠠᠭ᠎ᠠ ᠶᠢ ᠬᠠᠮᠤᠭ ᠤᠨ ᠣᠷᠳᠣ ᠳᠠᠭᠠᠨ 3 | ᠵᠢᠯ ᠠᠴᠠ ᠬᠡᠲᠦᠷᠡᠭᠦᠯᠵᠦ ᠪᠣᠯᠬᠤ ᠦᠭᠡᠢ᠃ ︵2︶ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢ | ᠬᠠᠮᠤᠭ ᠤᠨ ᠥᠨᠳᠥᠷ ᠲᠡᠭᠡᠨ 400 ᠲᠦᠮᠡᠨ ᠲᠥᠭᠦᠷᠢᠭ᠂ ᠵᠢᠭᠡᠯᠡᠯᠭᠡ ᠶᠢᠨ ᠬᠤᠭᠤᠴᠠᠭ᠎ᠠ ᠶᠢ ᠬᠠᠮᠤᠭ ᠤᠨ | ᠣᠷᠳᠣ ᠳᠠᠭᠠᠨ 2 ᠵᠢᠯ ᠠᠴᠠ ᠬᠡᠲᠦᠷᠡᠭᠦᠯᠵᠦ ᠪᠣᠯᠬᠤ ᠦᠭᠡᠢ᠃ ︵2023 ᠣᠨ ᠤ 10 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠨ᠂ ᠰᠢᠨ᠎ᠡ ᠪᠠᠷ ᠲᠠᠷᠬᠠᠭᠠᠭᠰᠠᠨ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠬᠦᠦ | ᠮᠥᠩᠭᠦ᠄ ᠵᠠᠰᠠᠭ ᠤᠨ ᠣᠷᠳᠣᠨ ᠤ ᠳᠠᠮ ᠬᠦᠦ 50% ᠳᠤ ᠬᠦᠷᠴᠦ᠂ ᠠᠵᠤ ᠠᠬᠤᠶᠢᠯᠠᠯ 50% ᠶᠢᠨ ᠬᠦᠦ | ᠮᠥᠩᠭᠦ ᠶᠢ ᠡᠭᠦᠷᠭᠡᠯᠡᠬᠦ ᠬᠡᠷᠡᠭᠲᠡᠢ︶᠃ | 2. ᠪᠠᠷᠠᠭᠤᠨ ᠦᠵᠦᠮᠦᠴᠢᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ | ᠨᠡᠮᠡᠷᠢᠯᠡᠵᠦ ᠮᠠᠯᠵᠢᠬᠤ ᠣᠷᠣᠨ ᠤ ᠬᠥᠳᠡᠯᠮᠦᠷᠢ ᠬᠦᠴᠦᠨ ᠤ ᠠᠵᠢᠯ ᠣᠯᠭᠤᠯᠲᠠ ᠶᠢᠨ ᠨᠥᠬᠦᠪᠦᠷᠢ ᠶᠢ ᠰᠢᠩᠭᠡᠬᠡᠨ | ᠠᠪᠬᠤ ᠶᠢ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶ | ᠮᠠᠨ ᠤ ᠬᠤᠰᠢᠭᠤᠨ ᠤ ᠬᠠᠷᠢᠶᠠᠲᠤ ᠣᠷᠣᠨ ᠤ ᠬᠥᠮᠥᠨ ᠬᠡᠷᠡᠭᠯᠡᠬᠦ ᠨᠢᠭᠡᠴᠡ ᠶᠢᠨ ᠮᠠᠯᠵᠢᠬᠤ ᠣᠷᠣᠨ ᠤ ᠦᠯᠡᠭᠦᠦ | ᠬᠥᠳᠡᠯᠮᠦᠷᠢ ᠬᠦᠴᠦᠨ ᠢ ᠣᠷᠣᠭᠤᠯᠤᠨ ᠠᠵᠢᠯ ᠣᠯᠭᠤᠬᠤ ᠶᠢ ᠵᠣᠷᠢᠭᠵᠢᠭᠤᠯᠬᠤ ᠶᠢᠨ ᠲᠥᠯᠥᠭᠡ᠂ ᠨᠥᠬᠦᠪᠦᠷᠢ | ᠣᠯᠭᠤᠬᠤ ᠡᠲᠡᠭᠡᠳ ᠨᠢ᠄ ᠮᠠᠨ ᠤ ᠬᠤᠰᠢᠭᠤᠨ ᠤ ᠮᠠᠯᠵᠢᠬᠤ ᠣᠷᠣᠨ ᠤ ᠦᠯᠡᠭᠦᠦ ᠬᠥᠳᠡᠯᠮᠦᠷᠢ ᠬᠦᠴᠦᠨ ᠢ | ᠰᠢᠩᠭᠡᠬᠡᠨ ᠠᠪᠴᠤ ᠠᠵᠢᠯ ᠣᠯᠭᠤᠭᠰᠠᠨ ᠬᠤᠰᠢᠭᠤᠨ ᠳᠣᠲᠣᠷᠠᠬᠢ ᠡᠯ᠎ᠡ ᠲᠥᠷᠥᠯ ᠤᠨ ᠠᠵᠤ ᠠᠬᠤᠶᠢᠯᠠᠯ᠂ | ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ | ᠪᠣᠯᠣᠨ᠎ᠠ᠃ ᠭᠤᠶᠤᠴᠢᠯᠠᠬᠤ ᠨᠥᠬᠦᠴᠡᠯ᠄ ᠬᠥᠮᠥᠨ ᠬᠡᠷᠡᠭᠯᠡᠬᠦ ᠨᠢᠭᠡᠴᠡ ᠬᠢᠭᠡᠳ ᠮᠠᠯᠵᠢᠬᠤ ᠣᠷᠣᠨ ᠤ ᠦᠯᠡᠭᠦᠦ | ᠬᠥᠳᠡᠯᠮᠦᠷᠢ ᠬᠦᠴᠦᠨ ︵ᠡᠷᠡᠭᠲᠡᠢ᠄ ᠪᠦᠬᠦᠯᠢ 16 ᠨᠠᠰᠤᠨ ᠠᠴᠠ ᠪᠦᠬᠦᠯᠢ 60 ᠨᠠᠰᠤ᠂ ᠡᠮᠡᠭᠲᠡᠢ᠄ ᠪᠦᠬᠦᠯᠢ 16 | ᠨᠠᠰᠤᠨ ᠠᠴᠠ ᠪᠦᠬᠦᠯᠢ 50 ᠨᠠᠰᠤ︶ 1 ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠬᠤ ᠶᠢᠨ ᠬᠠᠮᠲᠤ | ᠬᠠᠤᠯᠢ ᠶᠣᠰᠣᠭᠠᠷ ᠲᠡᠭᠦᠨ ᠳᠤ ᠨᠡᠶᠢᠭᠡᠮ ᠤᠨ ᠳᠠᠭᠠᠳᠬᠠᠯ ᠤᠨ ᠰᠦᠢᠳᠬᠡᠯ ︵2022 ᠣᠨ ᠤ 1 ᠰᠠᠷ᠎ᠠ ᠠᠴᠠ | ᠡᠬᠢᠯᠡᠨ ᠰᠢᠨ᠎ᠡ ᠪᠠᠷ ᠨᠡᠮᠡᠭᠳᠡᠭᠰᠡᠨ ᠬᠥᠮᠥᠨ︶ ᠲᠤᠰᠢᠶᠠᠵᠤ᠂ ᠴᠠᠯᠢᠩ ᠤᠨ ᠣᠯᠭᠤᠮᠵᠢ ᠨᠢ ᠮᠠᠨ ᠤ ᠬᠤᠰᠢᠭᠤᠨ ᠤ | ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠳᠣᠣᠷ᠎ᠠ ᠦᠭᠡᠢ ᠪᠣᠯ ᠮᠠᠯᠵᠢᠬᠤ ᠣᠷᠣᠨ ᠤ ᠬᠥᠳᠡᠯᠮᠦᠷᠢ | ᠬᠦᠴᠦᠨ ᠤ ᠠᠵᠢᠯ ᠣᠯᠭᠤᠯᠲᠠ ᠶᠢᠨ ᠨᠥᠬᠦᠪᠦᠷᠢ ᠶᠢ ᠭᠥᠷᠳᠡᠵᠦ ᠪᠣᠯᠣᠨ᠎ᠠ᠃ ᠨᠥᠬᠦᠪᠦᠷᠢ ᠶᠢᠨ ᠪᠠᠷᠢᠮᠵᠢᠶ᠎ᠠ᠄ ᠬᠥᠮᠥᠨ | ᠬᠡᠷᠡᠭᠯᠡᠬᠦ ᠨᠢᠭᠡᠴᠡ ᠮᠠᠯᠵᠢᠬᠤ ᠣᠷᠣᠨ ᠤ 1 ᠦᠯᠡᠭᠦᠦ ᠬᠥᠳᠡᠯᠮᠦᠷᠢ ᠬᠦᠴᠦᠨ ᠢ ᠰᠢᠩᠭᠡᠬᠡᠨ ᠠᠪᠴᠤ ᠠᠵᠢᠯ ᠣᠯᠭᠤᠬᠤ | ︵ᠶᠠᠳᠠᠭᠤ ᠠᠴᠠ ᠠᠩᠭᠢᠵᠢᠷᠠᠭᠤᠯᠬᠤ ᠡᠷᠦᠬᠡ᠂ ᠬᠥᠳᠡᠯᠦᠩᠭᠦᠢ ᠬᠢᠨᠠᠨ ᠬᠡᠮᠵᠢᠬᠦ ᠡᠷᠦᠬᠡ ᠶᠢᠨ ᠬᠥᠳᠡᠯᠮᠦᠷᠢ ᠬᠦᠴᠦᠨ ᠢ | ᠡᠩ ᠲᠡᠷᠢᠭᠦᠨ ᠳᠤ︶ ᠬᠥᠮᠥᠨ ᠪᠦᠷᠢ ᠳᠤ 2000 ᠲᠥᠭᠦᠷᠢᠭ ᠤᠨ ᠪᠠᠷᠢᠮᠵᠢᠶ᠎ᠠ ᠶᠣᠰᠣᠭᠠᠷ᠂ ᠨᠢᠭᠡ ᠤᠳᠠᠭ᠎ᠠ ᠶᠢᠨ | ᠴᠢᠨᠠᠷᠲᠠᠢ ᠪᠠᠷ ᠰᠢᠩᠭᠡᠬᠡᠨ ᠠᠪᠴᠤ ᠠᠵᠢᠯ ᠣᠯᠭᠤᠬᠤ ᠨᠥᠬᠦᠪᠦᠷᠢ ᠣᠯᠭᠤᠨ᠎ᠠ᠃ ᠣᠷᠣᠨ ᠨᠤᠲᠤᠭ ᠤᠨ ᠡᠳ᠋ ᠤᠨ | ᠵᠠᠰᠠᠭ ᠨᠢ ᠵᠢᠯ ᠪᠦᠷᠢ 20 ᠲᠦᠮᠡᠨ ᠲᠥᠭᠦᠷᠢᠭ ᠤᠨ ᠨᠥᠬᠦᠪᠦᠷᠢ ᠶᠢᠨ ᠪᠡᠯᠡ ᠮᠥᠩᠭᠦ ᠲᠣᠬᠢᠷᠠᠭᠤᠯᠵᠤ᠂ ᠬᠥᠮᠥᠨ | ᠬᠡᠷᠡᠭᠯᠡᠬᠦ ᠨᠢᠭᠡᠴᠡ ᠶᠢᠨ ᠮᠠᠯᠵᠢᠬᠤ ᠣᠷᠣᠨ ᠤ 100 ᠨᠡᠷᠡᠰ ᠦᠯᠡᠭᠦᠦ ᠬᠥᠳᠡᠯᠮᠦᠷᠢ ᠬᠦᠴᠦᠨ ᠢ ᠰᠢᠩᠭᠡᠬᠡᠨ ᠠᠪᠴᠤ | ᠲᠣᠭᠲᠠᠭᠤᠨ ᠢᠶᠠᠷ ᠠᠵᠢᠯ ᠣᠯᠭᠤᠬᠤ ᠶᠢ ᠳᠡᠮᠵᠢᠨ᠎ᠡ᠃ | ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠠᠷᠠᠳ ᠲᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠨᠡᠶᠢᠲᠡᠯᠡᠪᠡ | ᠪᠠᠷᠠᠭᠤᠨ ᠦᠵᠦᠮᠦᠴᠢᠨ ᠬᠤᠰᠢᠭᠤᠨ ᠤ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ ᠠᠵᠢᠯᠲᠠᠨ | ᠠᠵᠢᠯᠴᠢᠨ ᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢ ᠬᠡᠷᠡᠭᠵᠢᠭᠦᠯᠬᠦ ᠠᠷᠭ᠎ᠠ | ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠵᠢᠯ ᠤᠨ ᠡᠷᠴᠢᠮ ᠢ | ᠦᠷᠭᠦᠯᠵᠢᠯᠡᠨ ᠲᠦᠯᠬᠢᠨ ᠠᠬᠢᠭᠤᠯᠬᠤ ᠶᠢᠨ ᠲᠥᠯᠥᠭᠡ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ | ᠠᠵᠢᠯᠲᠠᠨ ᠠᠵᠢᠯᠴᠢᠨ ︵ᠲᠠᠪᠤ ᠲᠤᠯᠤᠭᠠᠨ ᠠᠵᠢᠯᠴᠢᠨ ᠤ ᠠᠵᠢᠯᠴᠢᠨ ᠪᠠᠭᠲᠠᠨ᠎ᠠ︶ ᠤ ᠨᠡᠶᠢᠭᠡᠮ ᠤᠨ ᠳᠠᠭᠠᠳᠬᠠᠯ ᠤᠨ | ᠨᠥᠬᠦᠪᠦᠷᠢ ᠶᠢᠨ ᠠᠵᠢᠯ ᠢ ᠰᠠᠶᠢᠲᠤᠷ ᠬᠢᠨ᠎ᠡ᠃ ᠨᠥᠬᠦᠪᠦᠷᠢ ᠣᠯᠭᠤᠬᠤ ᠡᠲᠡᠭᠡᠳ ᠨᠢ᠄ ᠬᠠᠤᠯᠢ ᠪᠠᠷ ᠲᠣᠭᠲᠠᠭᠠᠭᠰᠠᠨ | ᠠᠵᠢᠯ ᠠᠴᠠ ᠪᠠᠨ ᠪᠠᠭᠤᠵᠤ ᠠᠮᠠᠷᠠᠬᠤ ᠨᠠᠰᠤ ᠬᠦᠷᠲᠡᠯ᠎ᠡ 10 ᠵᠢᠯ ᠬᠦᠷᠬᠦ ᠦᠭᠡᠢ ᠪᠠᠶᠢᠭ᠎ᠠ ᠪᠠᠷᠠᠭᠤᠨ ᠦᠵᠦᠮᠦᠴᠢᠨ | ᠬᠤᠰᠢᠭᠤᠨ ᠤ ᠤᠤᠯ ᠤᠨ ᠤᠯᠤᠰ ᠤᠨ ᠥᠮᠴᠢᠯᠡᠯᠲᠦ᠂ ᠬᠠᠮᠲᠤ ᠶᠢᠨ ᠠᠵᠤ ᠠᠬᠤᠶᠢᠯᠠᠯ ᠤᠨ ᠠᠵᠢᠯ ᠤᠨ ᠪᠠᠶᠢᠷᠢ | ᠠᠴᠠ ᠪᠠᠨ ᠪᠠᠭᠤᠵᠤ ᠠᠵᠢᠯ ᠠᠯᠳᠠᠭᠰᠠᠨ ᠠᠵᠢᠯᠲᠠᠨ ᠠᠵᠢᠯᠴᠢᠨ ︵ᠲᠠᠪᠤ ᠲᠤᠯᠤᠭᠠᠨ ᠠᠵᠢᠯᠴᠢᠨ ᠤ ᠲᠤᠭ᠎ᠠ ᠪᠠᠭᠲᠠᠨ᠎ᠠ | ︶ ᠳᠤ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠶᠢᠨ ᠳᠠᠭᠠᠳᠬᠠᠯ ᠤᠨ ᠨᠥᠬᠦᠪᠦᠷᠢ ᠣᠯᠭᠤᠨ᠎ᠠ᠃ | ᠨᠢᠭᠡ ᠳᠤ᠂ ᠬᠡᠷᠡᠭᠵᠢᠭᠦᠯᠬᠦ ᠠᠷᠭ᠎ᠠ ᠳᠤ ᠳᠤᠷᠠᠳᠤᠭᠰᠠᠨ ︽ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ | ᠠᠯᠳᠠᠭᠰᠠᠨ ᠠᠵᠢᠯᠲᠠᠨ ᠠᠵᠢᠯᠴᠢᠨ︾ ᠭᠡᠳᠡᠭ ᠨᠢ ᠪᠠᠷᠠᠭᠤᠨ ᠦᠵᠦᠮᠦᠴᠢᠨ ᠬᠤᠰᠢᠭᠤᠨ ᠤ ᠤᠤᠯ ᠤᠨ ᠤᠯᠤᠰ ᠤᠨ | ᠥᠮᠴᠢᠯᠡᠯᠲᠦ᠂ ᠬᠠᠮᠲᠤ ᠶᠢᠨ ᠠᠵᠤ ᠠᠬᠤᠶᠢᠯᠠᠯ ᠤᠨ ᠪᠠᠶᠢᠭᠤᠯᠤᠯ ᠢᠶᠠᠨ ᠬᠤᠪᠢᠷᠠᠭᠤᠯᠵᠤ ᠳᠠᠬᠢᠨ ᠵᠣᠬᠢᠶᠠᠨ | ᠪᠠᠶᠢᠭᠤᠯᠤᠭᠰᠠᠨ ᠪᠤᠶᠤ ᠳᠠᠮᠫᠤᠷᠠᠭᠰᠠᠨ ᠤ ᠳᠠᠷᠠᠭᠠᠬᠢ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ | ᠠᠵᠢᠯᠲᠠᠨ ᠠᠵᠢᠯᠴᠢᠨ ᠪᠠ ᠤᠤᠯ ᠤᠨ ᠤᠯᠤᠰ ᠤᠨ ᠮᠠᠯ ᠠᠵᠤ ᠠᠬᠤᠢ ︵ᠣᠶ ᠰᠢᠭᠤᠢ︶ ᠶᠢᠨ ᠲᠠᠯᠠᠪᠠᠶ ᠶᠢᠨ | ᠪᠠᠶᠢᠭᠤᠯᠤᠯ ᠢᠶᠠᠨ ᠬᠤᠪᠢᠷᠠᠭᠤᠯᠤᠭᠰᠠᠨ ᠤ ᠳᠠᠷᠠᠭᠠᠬᠢ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ | ᠠᠵᠢᠯᠲᠠᠨ ᠠᠵᠢᠯᠴᠢᠨ ᠢ ᠵᠢᠭᠠᠵᠤ ᠪᠣᠶ︔ ︽ᠲᠠᠪᠤ ᠲᠤᠯᠤᠭᠠᠨ ᠠᠵᠢᠯᠴᠢᠨ︾ ᠭᠡᠳᠡᠭ ᠨᠢ 2015 ᠣᠨ ᠤ 2 | ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ ᠰᠢᠨ᠎ᠡ ᠪᠠᠷ ᠮᠠᠭᠠᠳᠯᠠᠨ ᠲᠣᠭᠲᠠᠭᠠᠭᠰᠠᠨ ︽ᠲᠠᠪᠤ ᠲᠤᠯᠤᠭᠠᠨ | ᠠᠵᠢᠯᠴᠢᠨ︾ ᠤ ᠪᠡᠶ᠎ᠡ ᠶᠢᠨ ᠭᠠᠷᠤᠯ ᠲᠠᠢ ᠪᠥᠭᠡᠳ ᠬᠤᠰᠢᠭᠤᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠲᠤ ᠠᠵᠢᠯᠲᠠᠨ ᠤ ᠶᠠᠪᠤᠳᠠᠯ ᠤᠨ ᠲᠠᠩᠰᠠ | ᠡᠪᠬᠡᠮᠡᠯ ᠲᠠᠢ ᠠᠵᠢᠯᠲᠠᠨ ᠢ ᠵᠢᠭᠠᠵᠤ ᠪᠣᠶ᠃ | ᠬᠤᠶᠠᠷ ᠲᠤ᠂ ᠠᠷᠭ᠎ᠠ ᠳᠤ ᠳᠤᠷᠠᠳᠤᠭᠰᠠᠨ ︽ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠪᠠᠭᠤᠵᠤ ᠠᠮᠠᠷᠠᠬᠤ | ᠨᠠᠰᠤ ᠬᠦᠷᠲᠡᠯ᠎ᠡ 10 ᠵᠢᠯ ᠬᠦᠷᠬᠦ ᠦᠭᠡᠢ︾ ᠭᠡᠳᠡᠭ ᠨᠢ᠄ ᠨᠡᠶᠢᠭᠡᠮ ᠤᠨ ᠳᠠᠭᠠᠳᠬᠠᠯ ᠤᠨ ᠨᠥᠬᠦᠪᠦᠷᠢ | ᠭᠤᠶᠤᠴᠢᠯᠠᠭᠰᠠᠳ ᠨᠥᠬᠦᠪᠦᠷᠢ ᠠᠪᠬᠤ ᠪᠠᠷ ᠭᠤᠶᠤᠴᠢᠯᠠᠭᠰᠠᠨ ᠲᠤᠬᠠᠢ ᠶᠢᠨ ᠵᠢᠯ ᠳᠤ᠂ ᠡᠷᠡᠭᠲᠡᠢ ᠨᠢ ᠪᠦᠬᠦᠯᠢ 51 | ᠨᠠᠰᠤ᠂ ᠡᠮᠡᠭᠲᠡᠢ ᠨᠢ ᠪᠦᠬᠦᠯᠢ 41 ᠨᠠᠰᠤ ᠬᠦᠷᠴᠦ᠂ ᠠᠵᠢᠯ ᠠᠴᠠ ᠪᠠᠨ ᠪᠠᠭᠤᠵᠤ ᠠᠮᠠᠷᠠᠬᠤ ᠨᠠᠰᠤ ︵ᠲᠠᠩᠰᠠ | ᠡᠪᠬᠡᠮᠡᠯ ᠤᠨ ᠳᠤᠮᠳᠠᠴᠢ ᠨᠠᠰᠤ︶ ᠭᠦᠷᠦᠭᠰᠡᠨ ᠦᠭᠡᠢ ᠪᠠᠶᠢᠬᠤ ᠶᠢ ᠵᠢᠭᠠᠵᠤ ᠪᠣᠶ᠃ | ᠭᠤᠷᠪᠠ ᠳᠤ᠂ ᠨᠡᠶᠢᠭᠡᠮ ᠤᠨ ᠳᠠᠭᠠᠳᠬᠠᠯ ᠤᠨ ᠨᠥᠬᠦᠪᠦᠷᠢ ᠭᠤᠶᠤᠴᠢᠯᠠᠭᠰᠠᠳ ᠪᠠᠷᠠᠭᠤᠨ ᠦᠵᠦᠮᠦᠴᠢᠨ | ᠬᠤᠰᠢᠭᠤᠨ ᠳᠤ ᠨᠡᠶᠢᠭᠡᠮ ᠤᠨ ᠳᠠᠭᠠᠳᠬᠠᠯ ᠢᠶᠠᠨ ᠲᠤᠰᠢᠶᠠᠬᠤ ᠬᠡᠷᠡᠭᠲᠡᠢ ᠮᠥᠷᠲᠡᠭᠡᠨ ᠪᠠᠷᠠᠭᠤᠨ ᠦᠵᠦᠮᠦᠴᠢᠨ | ᠬᠤᠰᠢᠭᠤᠨ ᠤ ᠡᠷᠦᠬᠡ ᠠᠮᠠ ᠶᠢᠨ ᠲᠠᠩᠰᠠ ᠲᠠᠢ ᠂ ︽ᠨᠡᠶᠢᠭᠡᠮ ᠤᠨ ᠳᠠᠭᠠᠳᠬᠠᠯ ᠤᠨ ᠨᠥᠬᠦᠪᠦᠷᠢ︾ ᠳᠤ ᠵᠥᠪᠬᠡᠨ | ᠨᠠᠰᠤᠵᠢᠯ ᠤᠨ ᠳᠠᠭᠠᠳᠬᠠᠯ ᠪᠠ ᠡᠮᠴᠢᠯᠡᠭᠡᠨ ᠤ ᠳᠠᠭᠠᠳᠬᠠᠯ᠂ ᠨᠠᠰᠤᠵᠢᠯ ᠤᠨ ᠳᠠᠭᠠᠳᠬᠠᠯ ᠤᠨ ᠨᠥᠬᠦᠪᠦᠷᠢ ᠶᠢᠨ | ᠪᠠᠷᠢᠮᠵᠢᠶ᠎ᠠ ᠶᠢ ᠪᠠᠭᠲᠠᠭᠠᠨ᠎ᠠ᠄ ᠣᠷᠣᠨ ᠤ ᠱᠠᠲᠤᠨ ᠤ ᠨᠡᠶᠢᠭᠡᠮ ᠤᠨ ᠳᠠᠭᠠᠳᠬᠠᠯ ᠤᠨ ᠪᠠᠶᠢᠭᠤᠯᠤᠮᠵᠢ ᠶᠢᠨ | ᠨᠡᠶᠢᠲᠡᠯᠡᠭᠰᠡᠨ ᠨᠡᠶᠢᠭᠡᠮ ᠤᠨ ᠡᠩ ᠤᠨ ᠴᠠᠯᠢᠩ ᠤᠨ 60% ᠪᠠᠷ ᠰᠠᠭᠤᠷᠢ ᠲᠤᠭ᠎ᠠ ᠪᠣᠯᠭᠠᠵᠤ᠂ ᠨᠠᠰᠤᠵᠢᠯ ᠤᠨ | ᠳᠠᠭᠠᠳᠬᠠᠯ ᠤᠨ ᠰᠦᠢᠳᠬᠡᠯ ᠲᠤᠰᠢᠶᠠᠬᠤ ᠪᠠᠷᠢᠮᠵᠢᠶ᠎ᠠ ᠶᠢ ᠲᠥᠰᠥᠭᠡᠯᠡᠨ ᠪᠤᠳᠤᠨ᠎ᠠ︔ ᠡᠮ ᠡᠮᠨᠡᠯᠭᠡ ᠶᠢᠨ | ᠳᠠᠭᠠᠳᠬᠠᠯ ᠤᠨ ᠨᠥᠬᠦᠪᠦᠷᠢ ᠶᠢᠨ ᠪᠠᠷᠢᠮᠵᠢᠶ᠎ᠠ᠄ ᠠᠶᠢᠮᠠᠭ ᠤᠨ ᠱᠠᠲᠤᠨ ᠤ ᠨᠡᠶᠢᠭᠡᠮ ᠤᠨ ᠳᠠᠭᠠᠳᠬᠠᠯ ᠤᠨ | ᠪᠠᠶᠢᠭᠤᠯᠤᠮᠵᠢ ᠶᠢᠨ ᠨᠡᠶᠢᠲᠡᠯᠡᠭᠰᠡᠨ ᠨᠡᠶᠢᠭᠡᠮ ᠤᠨ ᠡᠩ ᠤᠨ ᠴᠠᠯᠢᠩ ᠤᠨ 60% ᠪᠠᠷ ᠰᠠᠭᠤᠷᠢ ᠲᠤᠭ᠎ᠠ ᠪᠣᠯᠭᠠᠵᠤ᠂ | ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠪᠠᠷᠢᠮᠵᠢᠶ᠎ᠠ ᠶᠢ ᠲᠥᠰᠥᠭᠡᠯᠡᠨ ᠪᠤᠳᠤᠬᠤ ᠶᠢᠨ ᠬᠠᠮᠲᠤ | ᠲᠣᠰ ᠪᠠᠷᠢᠮᠵᠢᠶ᠎ᠠ ᠶᠢᠨ 2/3 ᠪᠠᠷ ᠲᠣᠰ ᠲᠣᠰ ᠨᠥᠬᠦᠪᠦᠷᠢ ᠥᠭᠴᠦ᠂ ᠬᠡᠲᠦᠷᠡᠭᠰᠡᠨ ᠬᠡᠰᠡᠭ ᠲᠤᠨᠢ ᠨᠥᠬᠦᠪᠦᠷᠢ | ᠥᠭᠬᠦ ᠦᠭᠡᠢ᠃ | | | | | | ᠬᠠᠮ ᠵᠠᠭᠤᠴᠢᠯᠠᠭᠤᠷ ᠤᠨ ᠲᠥᠪ ᠤᠨ ᠰᠤᠷᠪᠤᠯᠵᠢᠯᠠᠭᠴᠢ᠄ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ | ᠶᠢᠨ ᠰᠢᠨ᠎ᠡ ᠲᠥᠷᠥ ᠶᠢᠨ ᠪᠣᠳᠣᠯᠭ᠎ᠠ ᠳᠤ ᠲᠣᠭᠲᠠᠭᠠᠭᠰᠠᠨ ᠵᠢᠭᠡᠯᠡᠯᠭᠡ ᠶᠢᠨ ᠲᠤᠭ᠎ᠠ ᠬᠡᠮᠵᠢᠶ᠎ᠡ ᠪᠠ ᠬᠤᠭᠤᠴᠠᠭ᠎ᠠ ᠨᠢ | ᠲᠣᠰ ᠲᠣᠰ ᠬᠡᠳᠦᠢ ᠪᠣᠶ︖ ᠬᠤᠪᠢ ᠬᠥᠮᠥᠨ ᠤ ᠵᠢᠵᠢᠭ ᠪᠢᠴᠢᠯ ᠠᠵᠤ ᠠᠬᠤᠶᠢᠯᠠᠯ ᠨᠢ ᠠᠳᠠᠯ ᠦᠢᠯᠡᠰ | ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠬᠦᠦ ᠶᠢᠨ ᠲᠥᠷᠥ ᠶᠢᠨ ᠪᠣᠳᠣᠯᠭ᠎ᠠ ᠶᠢ ᠬᠠᠮᠤᠭ ᠤᠨ ᠣᠯᠠᠨ ᠳᠠᠭᠠᠨ | ᠬᠡᠲᠦ ᠤᠳᠠᠭ᠎ᠠ ᠭᠥᠷᠳᠡᠵᠦ ᠪᠣᠯᠬᠤ ᠪᠣᠶ︖ | ᠪᠠᠷᠠᠭᠤᠨ ᠦᠵᠦᠮᠦᠴᠢᠨ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ | ᠵᠣᠣ ᠯᠢ ᠵᠢᠶᠦ᠋ᠨ᠄ ᠵᠣᠭᠤᠰ ᠪᠤᠴᠠᠭᠠᠬᠤ ᠨᠢ ᠢᠳᠡᠪᠬᠢᠲᠡᠢ᠂ ᠠᠵᠢᠯ ᠣᠯᠭᠤᠯᠲᠠ ᠶᠢ ᠳᠠᠶᠢᠴᠢᠯᠠᠬᠤ ᠴᠢᠳᠠᠪᠤᠷᠢ ᠪᠠᠷ | ᠴᠢᠩᠭ᠎ᠠ᠂ ᠠᠳᠠᠯ ᠦᠢᠯᠡᠰ ᠴᠣᠭᠴᠠᠯᠠᠬᠤ ᠲᠥᠷᠥᠯ ᠵᠦᠢᠯ ᠢᠶᠠᠷ ᠰᠠᠶᠢᠨ ᠵᠢᠭᠡᠯᠡᠯᠭᠡ ᠵᠢᠭᠡᠯᠡᠭᠰᠡᠨ ᠬᠤᠪᠢ ᠬᠥᠮᠥᠨ | ᠪᠤᠶᠤ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ | ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠦᠷᠭᠦᠯᠵᠢᠯᠡᠨ ᠵᠢᠭᠡᠯᠡᠯᠭᠡ ᠭᠤᠶᠤᠴᠢᠯᠠᠬᠤ ᠪᠠ ᠳᠠᠮ ᠬᠦᠦ ᠶᠢᠨ ᠳᠡᠮᠵᠢᠯᠭᠡ | ᠦᠵᠡᠭᠦᠯᠵᠦ ᠪᠣᠯᠣᠨ᠎ᠠ᠂ ᠨᠡᠶᠢᠲᠡ 3 ᠤᠳᠠᠭ᠎ᠠ ᠠᠴᠠ ᠬᠡᠲᠦᠷᠡᠵᠦ ᠪᠣᠯᠬᠤ ᠦᠭᠡᠢ᠃ | ᠬᠤᠪᠢ ᠬᠥᠮᠥᠨ ᠤ ᠠᠳᠠᠯ ᠦᠢᠯᠡᠰ ᠴᠣᠭᠴᠠᠯᠠᠬᠤ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ 20 ᠲᠦᠮᠡ ᠠᠴᠠ | ᠬᠠᠮᠤᠭ ᠤᠨ ᠥᠨᠳᠥᠷ ᠲᠡᠭᠡᠨ 30 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠵᠦ᠂ ᠬᠠᠮᠤᠭ ᠤᠨ ᠣᠷᠳᠣ ᠳᠠᠭᠠᠨ | ᠵᠢᠭᠡᠯᠡᠯᠭᠡ ᠶᠢᠨ ᠬᠤᠭᠤᠴᠠᠭ᠎ᠠ ᠶᠢ 3 ᠵᠢᠯ ᠠᠴᠠ ᠬᠡᠲᠦᠷᠡᠭᠦᠯᠬᠦ ᠦᠭᠡᠢ᠃ ᠵᠢᠵᠢᠭ ᠪᠢᠴᠢᠯ ᠠᠵᠤ ᠠᠬᠤᠶᠢᠯᠠᠯ ᠤᠨ | ᠠᠳᠠᠯ ᠦᠢᠯᠡᠰ ᠴᠣᠭᠴᠠᠯᠠᠬᠤ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠬᠠᠮᠤᠭ ᠤᠨ ᠥᠨᠳᠥᠷ ᠲᠡᠭᠡᠨ 300 ᠲᠦᠮᠡᠨ | ᠲᠥᠭᠦᠷᠢᠭ ᠪᠠᠶᠢᠭᠰᠠᠨ ᠠᠴᠠ ᠬᠠᠮᠤᠭ ᠤᠨ ᠥᠨᠳᠥᠷ ᠲᠡᠭᠡᠨ 400 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠵᠦ᠂ | ᠬᠠᠮᠤᠭ ᠤᠨ ᠣᠷᠳᠣ ᠳᠠᠭᠠᠨ ᠵᠢᠭᠡᠯᠡᠯᠭᠡ ᠶᠢᠨ ᠬᠤᠭᠤᠴᠠᠭ᠎ᠠ ᠬᠢᠵᠠᠭᠠᠷ ᠶᠢ 2 ᠵᠢᠯ ᠠᠴᠠ ᠬᠡᠲᠦᠷᠡᠭᠦᠯᠬᠦ ᠦᠭᠡᠢ᠃ | ᠬᠠᠮ ᠵᠠᠭᠤᠴᠢᠯᠠᠭᠤᠷ ᠤᠨ ᠲᠥᠪ ᠤᠨ ᠰᠤᠷᠪᠤᠯᠵᠢᠯᠠᠭᠴᠢ᠄ ᠰᠠᠶ᠋ᠢᠬᠠᠨ ᠲᠠᠨᠢᠯᠴᠠᠭᠤᠯᠬᠤ ᠳᠠᠭᠠᠨ ︽ᠠᠵᠢᠯ ᠤᠨ ᠪᠠᠶᠢᠷᠢ | ᠠᠴᠠ ᠪᠠᠨ ᠪᠠᠭᠤᠵᠤ ᠠᠵᠢᠯ ᠠᠯᠳᠠᠭᠰᠠᠨ ᠠᠵᠢᠯᠲᠠᠨ ᠠᠵᠢᠯᠴᠢᠨ ︵ᠲᠠᠪᠤ ᠲᠤᠯᠤᠭᠠᠨ ᠠᠵᠢᠯᠴᠢᠨ ᠪᠠᠭᠲᠠᠨ᠎ᠠ︶ ᠤ | ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢᠨ ᠬᠡᠷᠡᠭᠵᠢᠭᠦᠯᠬᠦ ᠠᠷᠭ᠎ᠠ︾ ᠶᠢ ᠳᠤᠷᠠᠳᠤᠭᠰᠠᠨ ᠪᠠᠶᠢᠨ᠎ᠠ᠂ ᠠᠵᠢᠯ ᠤᠨ | ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ ᠠᠵᠢᠯᠲᠠᠨ ᠠᠵᠢᠯᠴᠢᠨ ︵ᠲᠠᠪᠤ ᠲᠤᠯᠤᠭᠠᠨ ᠠᠵᠢᠯᠴᠢᠨ ᠪᠠᠭᠲᠠᠨ᠎ᠠ︶ | ᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢ ᠭᠤᠶᠤᠴᠢᠯᠠᠬᠤ ᠳᠤ ᠶᠠᠮᠠᠷ ᠠᠩᠬᠠᠷᠬᠤ ᠵᠦᠢᠯ ᠪᠠᠶᠢᠬᠤ ᠶᠢ | ᠪᠣᠳᠠᠲᠠᠢ ᠪᠠᠷ ᠲᠠᠨᠢᠯᠴᠠᠭᠤᠯᠵᠤ ᠪᠣᠯᠣᠨ᠎ᠠ ᠤᠤ︖ | ᠪᠠᠷᠠᠭᠤᠨ ᠦᠵᠦᠮᠦᠴᠢᠨ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ | ᠵᠣᠣ ᠯᠢ ᠵᠢᠶᠦ᠋ᠨ᠄ ᠲᠣᠰ ᠲᠥᠷᠥ ᠶᠢᠨ ᠪᠣᠳᠣᠯᠭ᠎ᠠ ᠪᠣᠯ ᠬᠤᠰᠢᠭᠤ ᠵᠠᠰᠠᠭ ᠤᠨ ᠣᠷᠳᠣᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠨᠢᠭᠡ ᠪᠣᠯᠣᠨ᠎ᠠ᠂ ᠬᠤᠰᠢᠭᠤ ᠡᠳ᠋ ᠤᠨ ᠵᠠᠰᠠᠭ ᠠᠴᠠ ᠵᠢᠯ ᠪᠦᠷᠢ 1300 | ᠲᠦᠮᠡᠨ ᠲᠥᠭᠦᠷᠢᠭ ᠤᠨ ᠪᠡᠯᠡ ᠮᠥᠩᠭᠦ ᠲᠣᠬᠢᠷᠠᠭᠤᠯᠤᠨ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ | ᠠᠵᠢᠯᠲᠠᠨ ︵ᠲᠠᠪᠤ ᠲᠤᠯᠤᠭᠠᠨ ᠠᠵᠢᠯᠴᠢᠨ ᠪᠠᠭᠲᠠᠨ᠎ᠠ︶ ᠳᠤ ᠨᠥᠬᠦᠪᠦᠷᠢ ᠥᠭᠬᠦ ᠳᠤ ᠬᠡᠷᠡᠭᠯᠡᠵᠦ᠂ ᠨᠡᠶᠢᠭᠡᠮ ᠤᠨ | ᠳᠠᠭᠠᠳᠬᠠᠯ ᠤᠨ ᠨᠥᠬᠦᠪᠦᠷᠢ ᠭᠤᠶᠤᠴᠢᠯᠠᠭᠰᠠᠳ ᠪᠠᠷᠠᠭᠤᠨ ᠦᠵᠦᠮᠦᠴᠢᠨ ᠬᠤᠰᠢᠭᠤᠨ ᠳᠤ ᠨᠡᠶᠢᠭᠡᠮ ᠤᠨ ᠳᠠᠭᠠᠳᠬᠠᠯ | ᠲᠤᠰᠢᠶᠠᠬᠤ ᠬᠡᠷᠡᠭᠲᠡᠢ ᠮᠥᠷᠲᠡᠭᠡᠨ ᠪᠠᠷᠠᠭᠤᠨ ᠦᠵᠦᠮᠦᠴᠢᠨ ᠬᠤᠰᠢᠭᠤᠨ ᠤ ᠡᠷᠦᠬᠡ ᠠᠮᠠ ᠶᠢᠨ ᠲᠠᠩᠰᠠ ᠲᠠᠢ | ᠪᠠᠶᠢᠬᠤ ᠬᠡᠷᠡᠭᠲᠡᠢ᠃ ︽ᠨᠡᠶᠢᠭᠡᠮ ᠤᠨ ᠳᠠᠭᠠᠳᠬᠠᠯ ᠤᠨ ᠨᠥᠬᠦᠪᠦᠷᠢ︾ ᠳᠤ ᠵᠥᠪᠬᠡᠨ ᠨᠠᠰᠤᠵᠢᠯ ᠤᠨ ᠳᠠᠭᠠᠳᠬᠠᠯ ᠪᠠ | ᠡᠮ ᠡᠮᠨᠡᠯᠭᠡ ᠶᠢᠨ ᠳᠠᠭᠠᠳᠬᠠᠯ ᠢ ᠪᠠᠭᠲᠠᠭᠠᠨ᠎ᠠ᠃ |