ᠰᠡᠷᠭᠡᠶᠢᠯᠡ︕ ᠡᠨᠡ ᠡᠪᠡᠳᠴᠢᠨ ᠲᠠᠷᠭᠤᠨ ᠡᠴᠡᠩᠬᠡᠢ ᠲᠠᠢ ᠬᠠᠮᠢᠶ᠎ᠠ ᠦᠭᠡᠢ︕
ᠨᠡᠶᠢᠲᠡᠯᠡᠭᠰᠡᠨ ᠴᠠᠭ᠄
2023/11/16
    ᠰᠡᠷᠭᠡᠶᠢᠯᠡ︕ ᠡᠨᠡ ᠡᠪᠡᠳᠴᠢᠨ ᠲᠠᠷᠭᠤᠨ ᠡᠴᠡᠩᠬᠡᠢ ᠲᠠᠢ ᠬᠠᠮᠢᠶ᠎ᠠ ᠦᠭᠡᠢ︕     ᠣᠯᠠᠩᠬᠢ ᠬᠥᠮᠥᠨ ᠡᠯᠢᠭᠡ ᠥᠭᠡᠬᠦᠯᠡᠬᠦ ᠨᠢ ᠮᠠᠷᠢᠶ᠎ᠠ ᠲᠠᠢ ᠪᠣᠯᠤᠭᠰᠠᠨ ᠤ ᠬᠢ ᠭᠡᠵᠦ ᠦᠵᠡᠳᠡᠭ᠃ ᠭᠡᠬᠦ ᠳᠤ ᠲᠤᠷᠠᠩᠬᠠᠢ ᠬᠥᠮᠥᠨ ᠤ ᠡᠯᠢᠭᠡ ᠮᠥᠨ ᠠᠳᠠᠯᠢᠬᠠᠨ ᠥᠭᠡᠬᠦᠯᠡᠳᠡᠭ ᠢ ᠲᠠ ᠮᠡᠳᠡᠬᠦ ᠤᠤ︖            ᠲᠤᠰᠬᠠᠢ ᠮᠡᠷᠭᠡᠵᠢᠯᠲᠡᠨ ᠤ ᠦᠵᠡᠬᠦ ᠪᠠᠷ᠂ ᠣᠯᠠᠩᠬᠢ ᠳᠠᠭᠠᠨ ᠲᠠᠷᠭᠤᠨ ᠬᠥᠮᠥᠰ ᠤᠨ ᠡᠯᠢᠭᠡ ᠥᠭᠡᠬᠦᠯᠡᠳᠡᠭ ᠪᠤᠯᠪᠠᠴᠦ ᠡᠭᠦᠨ ᠳᠤ ᠪᠠᠰᠠ 10%~20% ᠶᠢᠨ ᠲᠤᠷᠠᠩᠬᠠᠢ ᠬᠥᠮᠥᠨ ᠪᠠᠭᠲᠠᠵᠤ ᠪᠠᠶᠢᠨ᠎ᠠ᠂ ᠡᠶᠢᠮᠦ ᠠᠴᠠ ᠡᠯᠢᠭᠡ ᠥᠭᠡᠬᠦᠯᠡᠬᠦ ᠨᠢ ᠭᠠᠭᠴᠠᠬᠠᠨ ᠮᠠᠷᠢᠶᠠᠯᠠᠭᠰᠠᠨ ᠠᠴᠠ ᠪᠣᠯᠤᠭᠰᠠᠨ ᠪᠢᠰᠢ ᠶᠤᠮ᠃            ᠥᠭᠡᠬᠦᠯᠡᠭᠰᠡᠨ ᠡᠯᠢᠭᠡ ᠶᠢ ᠶᠡᠷᠦ ᠳᠡᠭᠡᠨ ᠠᠷᠢᠬᠢᠨ ᠠᠴᠠ ᠪᠣᠯᠵᠤ ᠥᠭᠡᠬᠦᠯᠡᠭᠰᠡᠨ᠂ ᠥᠭᠡᠬᠦᠯᠡᠭᠰᠡᠨ ᠡᠯᠢᠭᠡ᠂ ᠰᠢᠮ᠎ᠡ ᠲᠡᠵᠢᠭᠡᠯ ᠢᠯᠡᠭᠦᠳᠡᠭᠰᠡᠨ ᠠᠴᠠ ᠪᠣᠯᠵᠤ ᠥᠭᠡᠬᠦᠯᠡᠭᠰᠡᠨ ᠭᠡᠬᠦ ᠮᠡᠲᠦ ᠪᠠᠷ ᠠᠩᠭᠢᠯᠠᠳᠠᠭ᠃ ᠥᠭᠡᠬᠦᠯᠡᠭᠰᠡᠨ ᠡᠯᠢᠭᠡᠨ ᠤ ᠡᠬᠢᠨ ᠤ ᠦᠶ᠎ᠡ ᠶᠢᠨ ᠢᠯᠡᠷᠡᠯ ᠨᠢ ᠲᠡᠶᠢᠮᠦ ᠢᠯᠡᠷᠬᠡᠢ ᠪᠢᠰᠢ᠂ ᠭᠤᠣᠯᠳᠠᠭᠤ ᠲᠠᠮᠢᠷᠳᠠᠬᠤ ᠪᠠᠶᠢᠳᠠᠯ ᠢᠯᠡᠷᠡᠨ᠎ᠡ᠃ ᠵᠠᠷᠢᠮ ᠬᠥᠮᠥᠨ ᠤ ᠬᠡᠪᠡᠯᠢ ᠶᠢᠨ ᠪᠠᠷᠠᠭᠤᠨ ᠲᠠᠯ᠎ᠠ ᠶᠢᠨ ᠳᠡᠭᠡᠳᠦ ᠬᠡᠰᠡᠭ ᠢᠶᠠᠷ ᠵᠢᠭᠠᠬᠠᠨ ᠡᠪ ᠦᠭᠡᠶᠢᠷᠡᠬᠦ᠂ ᠡᠰᠡᠬᠦᠯ᠎ᠡ ᠬᠡᠪᠡᠯᠢ ᠶᠢᠨ ᠳᠡᠭᠡᠳᠦ ᠬᠡᠰᠡᠭ ᠢᠶᠠᠷ ᠴᠢᠨᠦᠷᠡᠵᠦ ᠡᠪᠡᠳᠬᠦ ᠵᠡᠷᠭᠡ ᠨᠡᠶᠢᠲᠡᠯᠢᠭ ᠪᠤᠰᠤ ᠢᠯᠡᠷᠡᠯ ᠲᠠᠢ ᠶᠤᠮ᠃            ᠡᠯᠢᠭᠡ ᠬᠦᠨᠳᠦ ᠨᠣᠴᠢᠲᠠᠢ ᠥᠭᠡᠬᠦᠯᠡᠪᠡᠯ ᠠᠷᠠᠰᠤ ᠵᠠᠭᠠᠲᠤᠨᠠᠬᠤ᠂ ᠢᠳᠡᠭᠡᠨ ᠤ ᠳᠤᠷᠠᠰᠢᠯ ᠮᠠᠭᠤᠳᠠᠬᠤ᠂ ᠳᠤᠷ᠎ᠠ ᠪᠣᠯᠭᠢᠬᠤ᠂ ᠪᠥᠭᠡᠯᠵᠢᠬᠦ ᠵᠡᠷᠭᠡ ᠡᠪᠡᠳᠴᠢᠨ ᠤ ᠢᠯᠡᠷᠡᠯ ᠡᠭᠦᠰᠬᠡᠨ᠎ᠡ᠃ ᠬᠠᠷᠢᠨ ᠡᠯᠢᠭᠡᠨ ᠤ ᠬᠠᠲᠠᠭᠤᠷᠠᠯ ᠪᠤᠯᠬᠤ ᠳᠤ ᠬᠦᠷᠪᠡᠯ ᠨᠣᠴᠢᠲᠠᠢ ᠪᠣᠯᠵᠤ᠂ ᠬᠡᠪᠡᠯᠢ ᠳᠤ ᠤᠰᠤ ᠭᠦᠶᠦᠬᠦ᠂ ᠴᠢᠰᠤ ᠭᠠᠷᠬᠤ ᠵᠡᠷᠭᠡ ᠪᠠᠶᠢᠳᠠᠯ ᠢᠯᠡᠷᠡᠵᠦ ᠮᠡᠳᠡᠨ᠎ᠡ᠃ ᠡᠶᠢᠮᠦᠷᠬᠦ ᠪᠠᠶᠢᠳᠠᠯ ᠢᠯᠡᠷᠡᠪᠡᠯ ᠰᠡᠷᠡᠮᠵᠢᠯᠡᠬᠦ ᠬᠡᠷᠡᠭᠲᠡᠢ᠃
 
ᠢᠷᠡᠯᠲᠡ᠄ ᠬᠦᠯᠦᠨ ᠪᠦᠢᠷ ᠦᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号