ᠠᠮᠢᠳᠤᠷᠠᠯ ᠳᠠᠭᠠᠨ ᠪᠠᠷᠢᠮᠲᠠᠯᠠᠬᠤ ᠳᠠᠳᠬᠠᠯ
ᠨᠡᠶᠢᠲᠡᠯᠡᠭᠰᠡᠨ ᠴᠠᠭ᠄
2023/11/16
                    ᠠᠮᠢᠳᠤᠷᠠᠯ ᠳᠠᠭᠠᠨ ᠪᠠᠷᠢᠮᠲᠠᠯᠠᠬᠤ ᠳᠠᠳᠬᠠᠯ       ᠲᠤᠷᠰᠢᠯᠭ᠎ᠠ ᠬᠤᠷᠠᠮᠳᠤᠭᠤᠯᠬᠤ᠄ ᠬᠥᠮᠥᠨ ᠤ ᠠᠮᠢᠳᠤᠷᠠᠯ ᠭᠡᠭᠴᠢ ᠠᠯᠳᠠᠭ᠎ᠠ ᠣᠨᠤᠭ᠎ᠠ ᠨᠤᠭᠤᠷᠠᠯ ᠪᠦᠳᠦᠷᠢᠯ ᠢᠶᠠᠷ ᠳᠦᠭᠦᠷᠡᠩ ᠪᠠᠶᠢᠳᠠᠭ᠂ ᠲᠡᠶᠢᠮᠤ ᠪᠣᠯᠬᠤᠷ ᠴᠥᠭᠡᠨ ᠪᠦᠳᠦᠷᠢᠬᠦ ᠬᠠᠮᠤᠭ ᠤᠨ ᠰᠠᠶᠢᠨ ᠠᠷᠭ᠎ᠠ ᠪᠣᠯ ᠳᠠᠷᠤᠢ ᠲᠠᠰᠤᠷᠠᠯᠲᠠ ᠦᠭᠡᠢ ᠲᠤᠷᠰᠢᠯᠭ᠎ᠠ ᠬᠤᠷᠠᠮᠳᠤᠭᠤᠯᠵᠤ᠂ ᠮᠡᠳᠡᠯᠭᠡ ᠪᠠᠨ ᠨᠡᠮᠡᠭᠳᠡᠭᠦᠯᠬᠦ ᠶᠠᠪᠤᠳᠠᠯ ᠪᠣᠯᠣᠨ᠎ᠠ᠃           ᠳᠣᠰᠣᠯ ᠤᠰᠤ ᠬᠤᠷᠠᠮᠳᠤᠵᠤ ᠳᠠᠯᠠᠢ ᠪᠤᠯᠳᠠᠭ ᠤᠨ ᠠᠳᠠᠯᠢ᠂ ᠠᠮᠵᠢᠯᠲᠠ ᠳᠤ ᠬᠦᠷᠦᠶ᠎ᠡ ᠭᠡᠪᠡᠯ ᠠᠩᠬᠠᠨ ᠤ ᠠᠯᠬᠤᠮ ᠠᠴᠠ ᠡᠬᠢᠯᠡᠨ ᠬᠤᠷᠠᠮᠳᠤᠭᠤᠯᠬᠤ ᠯᠡ ᠴᠢᠬᠤᠯᠠ᠃ ᠲᠠᠰᠤᠷᠠᠯᠲᠠ ᠦᠭᠡᠢ ᠲᠤᠷᠰᠢᠵᠤ᠂ ᠥᠷᠢᠰᠦᠯᠳᠦᠭᠡᠨ ᠳᠤ ᠥᠪᠡᠷ ᠢ ᠪᠠᠨ ᠰᠣᠷᠢᠪᠠᠯ᠂ ᠠᠮᠢᠳᠤᠷᠠᠯ ᠴᠢᠨᠢ ᠶᠠᠪᠤᠭᠠᠨ ᠳᠠᠭᠠᠨ ᠰᠠᠶᠢᠵᠢᠷᠠᠬᠤ ᠪᠣᠯᠣᠨ᠎ᠠ᠃ ᠲᠤᠷᠰᠢᠯᠭ᠎ᠠ ᠴᠢᠬᠤᠯᠠ ᠰᠢᠦ︕ ᠠᠭᠲᠠ ᠶᠢᠨ ᠪᠤᠢ ᠳᠤ ᠭᠠᠵᠠᠷ ᠲᠠᠨᠢᠵᠤ᠂ ᠠᠪᠤ ᠶᠢᠨ ᠪᠤᠢ ᠳᠤ ᠬᠥᠮᠥᠨ ᠲᠠᠨᠢ ᠬᠡᠳᠡᠭ ᠶᠤᠮ ᠳ᠋ᠡ᠃           ᠨᠣᠮ ᠤᠩᠰᠢᠬᠤ᠄ ᠨᠣᠮ ᠤᠩᠰᠢᠬᠤ ᠳᠠᠳᠬᠠᠯ ᠲᠠᠢ ᠪᠣᠯᠬᠤ ᠨᠢ ᠥᠪᠡᠷ ᠢ ᠪᠠᠨ ᠪᠠᠶᠢᠩᠭᠤ ᠮᠡᠳᠡᠯᠭᠡᠵᠢᠭᠦᠯᠵᠦ ᠪᠠᠶᠢᠭ᠎ᠠ ᠶᠠᠪᠤᠳᠠᠯ ᠪᠣᠯᠣᠨ᠎ᠠ᠃ ᠢᠯᠠᠩᠭᠤᠶ᠎ᠠ ᠨᠡᠶᠢᠭᠡᠮ ᠳᠡᠭᠡᠷ᠎ᠡ ᠭᠠᠷᠴᠤ ᠠᠵᠢᠯᠯᠠᠭᠰᠠᠨ ᠤ ᠳᠠᠷᠠᠭ᠎ᠠ᠂ ᠨᠣᠮ ᠤᠩᠰᠢᠬᠤ  ᠨᠢ ᠰᠢᠯᠭᠠᠯᠲᠠ ᠶᠢ ᠠᠷᠭᠠᠴᠠᠭᠠᠬᠤ ᠪᠢᠰᠢ᠂ ᠬᠠᠷᠢᠨ ᠮᠡᠳᠡᠯᠭᠡ ᠪᠠᠨ ᠳᠡᠯᠡᠵᠦ᠂ ᠴᠢᠳᠠᠪᠤᠷᠢ ᠪᠠᠨ ᠳᠡᠭᠡᠭᠰᠢᠯᠡᠬᠦᠯᠬᠦ ᠶᠢᠨ ᠲᠥᠯᠥᠭᠡ ᠪᠠᠶᠢᠳᠠᠭ᠃ ᠮᠢᠩᠭᠠᠨ ᠮᠠᠯ ᠲᠠᠢ ᠶᠠᠪᠤᠬᠤ ᠠᠴᠠ ᠮᠢᠩᠭᠠᠨ ᠨᠣᠮ ᠤᠩᠰᠢᠵᠤ ᠶᠠᠪᠤ ᠬᠡᠳᠡᠭ᠃            ᠵᠣᠷᠢᠭ ᠢᠶᠠᠨ ᠳᠠᠶᠢᠴᠢᠯᠠᠬᠤ᠄ ᠤᠷᠲᠤ ᠬᠤᠭᠤᠴᠠᠭ᠎ᠠ ᠪᠠᠷ ᠠᠩᠬᠠᠷᠤᠯ ᠢᠶᠠᠨ ᠲᠥᠪᠯᠡᠷᠡᠭᠦᠯᠵᠦ ᠴᠢᠳᠠᠳᠠᠭ ᠦᠭᠡᠢ ᠨᠢ ᠤᠳᠤ ᠶᠢᠨ ᠬᠥᠮᠥᠰ ᠲᠤ ᠲᠤᠯᠭᠠᠷᠠᠵᠤ ᠪᠠᠶᠢᠭ᠎ᠠ ᠨᠡᠶᠢᠳᠡᠮ ᠤᠨ ᠠᠰᠠᠭᠤᠳᠠᠯ ᠤᠨ ᠨᠢᠭᠡ ᠪᠣᠯᠵᠠᠢ᠃ ᠬᠢᠬᠦ ᠵᠦᠢᠯ ᠮᠠᠰᠢ ᠣᠯᠠᠨ ᠪᠠᠶᠢᠭ᠎ᠠ ᠪᠣᠯᠪᠠᠴᠤ ᠬᠠᠶᠢᠩᠭᠤ ᠬᠠᠨᠳᠤᠭᠰᠠᠨ ᠠᠴᠠ ᠪᠣᠯᠵᠤ ᠦᠷ᠎ᠡ ᠪᠦᠲᠦᠮᠵᠢ ᠣᠯᠳᠠᠭ ᠦᠭᠡᠢ᠃ ᠡᠶᠢᠮᠦ ᠪᠣᠯᠬᠤᠷ ᠬᠢᠶ᠎ᠡ ᠭᠡᠵᠦ ᠪᠤᠳᠣᠬᠰᠠᠨ ᠵᠦᠢᠯ ᠳᠡᠭᠡᠷ᠎ᠡ ᠪᠠᠨ ᠪᠦᠬᠦ ᠰᠡᠳᠬᠢᠯ ᠵᠢᠷᠦᠬᠡ ᠪᠠᠨ ᠳᠠᠶᠢᠴᠢᠯᠠᠬᠤ ᠬᠡᠷᠡᠭᠲᠡᠢ᠃ ᠵᠣᠷᠢᠭ ᠪᠠᠶᠢᠪᠠᠯ ᠵᠣᠷᠢᠭᠰᠠᠨ ᠳᠠᠭᠠᠨ ᠬᠦᠷᠦᠨ᠎ᠡ ᠬᠡᠳᠡᠭ ᠪᠢᠰᠢᠦ᠃            ᠠᠮᠢᠳᠤᠷᠠᠯ ᠢ ᠮᠡᠳᠡᠷᠡᠬᠦ᠄ ᠬᠥᠮᠥᠨ ᠬᠡᠴᠢᠨᠡᠨ ᠠᠭᠤᠷᠯᠠᠵᠤ ᠪᠤᠬᠢᠨᠢᠳᠤᠭᠰᠠᠨ ᠴᠤ᠂ ᠨᠢᠭᠡᠨᠲᠡ ᠡᠭᠦᠰᠦᠭᠰᠡᠨ ᠤᠴᠢᠷ ᠢ ᠬᠤᠪᠢᠷᠠᠭᠤᠯᠵᠤ ᠴᠢᠳᠠᠬᠤ ᠦᠭᠡᠢ ᠤᠴᠢᠷ ᠠᠴᠠ᠂ ᠰᠡᠳᠬᠢᠯ ᠢᠶᠠᠨ ᠵᠠᠰᠠᠵᠤ ᠪᠤᠬᠢᠨᠢᠳᠤᠯ ᠠᠴᠠ ᠪᠠᠨ ᠭᠠᠷᠬᠤ ᠬᠡᠷᠡᠭᠲᠡᠢ᠃ ᠤᠷᠮ᠎ᠠ ᠮᠠᠭᠤᠲᠠᠢ ᠪᠠᠶᠢᠭ᠎ᠠ ᠦᠶ᠎ᠡ ᠳᠡᠭᠡᠨ ᠳᠤᠷᠠᠲᠠᠢ ᠶᠠᠭᠤᠮ᠎ᠠ ᠪᠠᠨ ᠢᠳᠡᠵᠦ᠂ ᠬᠠᠶᠠ ᠨᠢᠭᠡ ᠺᠢᠨᠣ᠋ ᠦᠵᠡᠵᠦ᠂ ᠲᠠᠮᠢᠷ ᠤᠨ ᠬᠥᠳᠡᠯᠭᠡᠭᠡᠨ ᠳᠤ ᠣᠷᠣᠯᠴᠠᠨ᠂ ᠭᠡᠷ ᠲᠡᠷᠭᠡ ᠪᠠᠨ ᠴᠡᠪᠡᠷᠯᠡᠬᠦ ᠭᠡᠬᠦ ᠮᠡᠲᠦ ᠪᠠᠷ ᠠᠩᠬᠠᠷᠤᠯ ᠢᠶᠠᠨ ᠥᠭᠡᠷ᠎ᠡ ᠵᠦᠢᠯ ᠤᠷᠤᠭᠤ ᠰᠢᠯᠵᠢᠭᠦᠯᠵᠦ ᠪᠠᠶᠢᠭᠠᠳ ᠰᠡᠳᠬᠢᠯ ᠤᠨ ᠪᠤᠬᠢᠨᠢᠳᠤᠯ ᠢᠶᠠᠨ ᠲᠠᠶᠢᠯᠵᠤ ᠪᠤᠯᠳᠠᠭ᠃ ᠢᠩᠭᠢᠪᠡᠯ ᠰᠠᠶ᠋ᠢ ᠠᠮᠢᠳᠤᠷᠠᠯ ᠤᠨ ᠰᠠᠶᠢᠨ ᠰᠠᠶᠢᠬᠠᠨ ᠢ ᠮᠡᠳᠡᠷᠡᠵᠦ ᠴᠢᠳᠠᠨ᠎ᠠ᠃ ᠠᠮᠢᠳᠤᠷᠠᠯ ᠳᠤ ᠪᠠᠶᠠᠷ ᠪᠠᠶᠠᠰᠬᠤᠯᠠᠩ ᠢᠨᠢᠶᠡᠳᠦ ᠬᠦᠷ ᠠᠴᠠ ᠥᠭᠡᠷ᠎ᠡ ᠶᠠᠭᠤ ᠬᠡᠷᠡᠭᠲᠡᠢ ᠪᠢᠯᠡ ᠳ᠋ᠠ︕           ᠬᠥᠳᠡᠯᠭᠡᠭᠡᠨ ᠬᠢᠬᠦ᠄ ᠵᠠᠪᠠᠯ ᠪᠡᠶ᠎ᠡ ᠪᠣᠯᠪᠠᠰᠤᠷᠠᠭᠤᠯᠬᠤ ᠭᠠᠵᠠᠷ ᠲᠤ ᠣᠴᠢ ᠭᠡᠰᠡᠨ ᠪᠢᠰᠢ᠂ ᠵᠠᠪ ᠯᠠ ᠭᠠᠷᠪᠠᠯ ᠬᠡᠵᠢᠶ᠎ᠡ ᠬᠠᠮᠢᠭ᠎ᠠ ᠴᠤ ᠶᠠᠭᠠᠬᠢᠬᠤᠪ᠂ ᠪᠡᠶ᠎ᠡ ᠮᠠᠬᠠᠪᠤᠳ ᠢᠶᠠᠨ ᠪᠤᠯᠪᠠᠰᠤᠷᠠᠭᠤᠯᠵᠤ ᠪᠠᠢ᠃ ᠲᠠᠺᠰᠢ ᠳᠤ ᠰᠠᠭᠤᠬᠤ ᠶᠢᠨ ᠣᠷᠣᠨ ᠳᠤ ᠬᠠᠶᠠ ᠪᠠᠰᠠ ᠳᠤᠭᠤᠢ ᠣᠨᠣᠵᠦ᠂ ᠭᠡᠷ ᠲᠡᠭᠡᠨ ᠣᠷᠣᠬᠤ ᠳᠠᠭᠠᠨ ᠴᠠᠬᠢᠯᠭᠠᠨ ᠱᠠᠲᠤᠨ ᠳᠤ ᠪᠢᠰᠢ ᠬᠠᠶᠠ ᠱᠠᠲᠤ ᠠᠪᠠᠷᠢᠵᠤ᠂ ᠬᠥᠯᠥᠰᠦ ᠪᠠᠨ ᠭᠠᠷᠭᠠᠵᠤ ᠪᠠᠶᠢᠪᠠᠯ ᠰᠠᠶᠢᠨ᠃ ᠪᠠᠷᠢᠮᠲᠠᠯᠠᠭᠠᠳ ᠪᠠᠶᠢᠪᠠᠯ ᠪᠡᠶᠡᠨ ᠳᠤ ᠴᠢᠨᠢ ᠬᠤᠪᠢᠷᠠᠯᠲᠠ ᠭᠠᠷᠬᠤ ᠶᠤᠮ᠃ ᠬᠥᠮᠥᠨ ᠬᠥᠭᠰᠢᠷᠡᠵᠦ ᠦᠬᠦᠬᠦ ᠦᠭᠡᠢ ᠬᠥᠰᠢᠵᠦ ᠦᠬᠦᠨ᠎ᠡ ᠬᠡᠳᠡᠭ ᠪᠢᠰᠢᠦ᠃          ᠳᠠᠳᠬᠠᠯ ᠢᠶᠠᠨ ᠪᠠᠷᠢᠮᠲᠠᠯᠠᠬᠤ᠄ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠢᠶᠠᠨ ᠪᠠᠷᠢᠮᠲᠠᠯᠠᠬᠤ ᠨᠢ ᠰᠠᠶ᠋ᠢ ᠬᠠᠮᠤᠭ ᠤᠨ ᠴᠢᠬᠤᠯᠠ ᠪᠠᠶᠢᠳᠠᠭ᠃ ᠶᠢᠷᠲᠢᠨᠴᠦ ᠳᠡᠭᠡᠷ᠎ᠡ ᠴᠢᠷᠮᠠᠶᠢᠯᠭ᠎ᠠ ᠬᠤᠭᠤᠰᠳᠠᠬᠤ ᠶᠣᠰᠣ ᠦᠭᠡᠢ᠂ ᠡᠳᠡᠭᠡᠷ ᠰᠠᠶᠢᠨ ᠰᠠᠶᠢᠬᠠᠨ ᠳᠠᠳᠬᠠᠯ ᠨᠢ ᠲᠠᠨ ᠢ ᠰᠢᠭᠤᠳ ᠠᠮᠵᠢᠯᠲᠠ ᠳᠤ ᠬᠦᠷᠭᠡᠳᠡᠭ ᠦᠭᠡᠢ ᠴᠦ ᠭᠡᠰᠡᠨ ᠮᠥᠷᠥᠭᠡᠳᠦᠯ ᠲᠡᠮᠡᠦᠯᠦᠯ ᠳᠡᠭᠡᠨ ᠬᠦᠷᠬᠦ ᠳᠤ ᠴᠢᠨᠢ ᠲᠤᠰᠠᠯᠠᠳᠠᠭ᠃ ᠴᠢᠷᠮᠠᠶᠢᠯᠭ᠎ᠠ ᠬᠥᠮᠥᠨ ᠢ ᠭᠤᠮᠣᠳᠠᠭᠠᠳᠠᠭ ᠦᠭᠡᠢ ᠬᠡᠳᠡᠭ ᠪᠢᠵᠡ ᠳ᠋ᠡ︕
 
ᠢᠷᠡᠯᠲᠡ᠄ ᠬᠦᠯᠦᠨ ᠪᠦᠢᠷ ᠦᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号