ᠲᠠᠯ᠎ᠠ ᠨᠤᠲᠤᠭ ᠤᠨ ᠪᠢᠴᠢᠬᠠᠨ ᠤᠨᠤᠭᠠᠴᠢ
ᠨᠡᠶᠢᠲᠡᠯᠡᠭᠰᠡᠨ ᠴᠠᠭ᠄
2023/11/29
          ᠲᠠᠯ᠎ᠠ ᠨᠤᠲᠤᠭ ᠤᠨ ᠪᠢᠴᠢᠬᠠᠨ ᠤᠨᠤᠭᠠᠴᠢ                                 11 ᠰᠠᠷ᠎ᠠ ᠶᠢᠨ 18 ᠤ ᠡᠳᠦᠷ᠂ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠳᠤᠮᠳᠠᠳᠤ ᠤᠯᠤᠰ ᠤᠨ ᠠᠳᠤᠭᠤᠨ ᠰᠣᠶᠣᠯ ᠤᠨ ᠲᠥᠪ ᠰᠢᠯᠢ ᠶᠢᠨ ᠭᠤᠣᠯ  ᠠᠶᠢᠮᠠᠭ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠲᠤᠬᠠᠢ ᠶᠢᠨ ᠲᠠᠯᠠᠪᠤᠷ ᠲᠤ᠂ ᠮᠠᠰᠢ ᠣᠯᠠᠨ ᠬᠤᠷᠴᠠ ᠰᠡᠷᠭᠦᠯᠡᠩ ᠪᠢᠴᠢᠬᠠᠨ ᠤᠨᠤᠭᠠᠴᠢᠳ ᠮᠣᠷᠢᠨ ᠤᠷᠤᠯᠳᠤᠭᠠᠨ ᠳᠤ ᠪᠡᠯᠡᠳᠬᠡᠵᠦ ᠪᠠᠶᠢᠯ᠎ᠠ᠃    ᠤᠯᠠᠭᠠᠨᠬᠠᠯᠠᠭ᠎ᠠ ᠰᠣᠮᠣᠨ ᠤ ᠪᠠᠶᠠᠨᠴᠠᠶᠢᠳᠠᠮ  ᠭᠠᠴᠠᠭᠠᠨ ᠤ ᠪᠠᠲᠤᠠᠣᠷᠭᠢᠯ ᠪᠣᠯ ᠡᠳᠡᠭᠡᠷ ᠪᠢᠴᠢᠬᠠᠨ ᠤᠨᠤᠭᠠᠴᠢ ᠶᠢᠨ ᠨᠢᠭᠡ  ᠨᠢ ᠪᠣᠯᠣᠨ᠎ᠠ᠃ ᠪᠠᠲᠤᠠᠣᠷᠭᠢᠯ ᠬᠡᠳᠦᠶᠢᠪᠡᠷ ᠨᠢᠭᠡᠨ 15 ᠨᠠᠰᠤᠲᠠᠢ  ᠪᠢᠴᠢᠬᠠᠨ ᠤᠨᠤᠭᠠᠴᠢ ᠪᠠᠶᠢᠭᠰᠠᠨ ᠴᠤ ᠮᠣᠷᠢ ᠤᠨᠤᠬᠤ ᠪᠠ ᠮᠣᠷᠢᠨ ᠣᠷᠣᠯᠳᠣᠭᠠᠨ ᠤ ᠲᠤᠬᠠᠢ ᠬᠠᠷᠢᠨ ᠮᠠᠰᠢ ᠥᠪᠡᠷᠮᠢᠴᠡ ᠲᠠᠨᠢᠯᠲᠠ ᠲᠠᠢ ᠪᠠᠶᠢᠪᠠ᠃ ᠪᠠᠲᠤᠠᠣᠷᠭᠢᠯ ᠬᠠᠷᠠᠬᠠᠨ ᠪᠠᠭ᠎ᠠ ᠠᠴᠠ ᠪᠠᠨ ᠮᠣᠷᠢᠨ ᠳᠤ ᠪᠠᠭ᠋ᠠᠲᠠᠢ᠂ ᠮᠣᠷᠢ ᠤᠨᠤᠵᠤ  ᠰᠣᠷᠣᠭᠰᠠᠨ ᠢᠶᠠᠷ ᠣᠳᠣ ᠠᠩᠬ᠎ᠠ ᠳᠤᠮᠳᠠᠳᠤ ᠶᠢᠨ ᠰᠤᠷᠤᠭᠴᠢ ᠪᠣᠯᠣᠭᠰᠠᠨ ᠲᠡᠷᠡᠪᠡᠷ ᠨᠢᠭᠡᠨ ᠭᠠᠷᠮᠠᠭᠠᠢ ᠪᠢᠴᠢᠬᠠᠨ ᠤᠨᠤᠭᠠᠴᠢ ᠪᠣᠯᠣᠭᠰᠠᠨ ᠪᠠᠶᠢᠨ᠎ᠠ᠃
     ᠮᠣᠷᠢᠨ ᠤᠷᠤᠯᠳᠤᠭᠠᠨ ᠡᠬᠢᠯᠡᠬᠦ ᠳᠤ᠂ ᠤᠨᠤᠭᠠᠴᠢᠳ ᠬᠤᠷᠳᠤᠨ ᠮᠣᠷᠢ ᠪᠠᠨ ᠳᠠᠪᠬᠢᠭᠤᠯᠤᠨ 15 ᠺᠢᠯᠣᠮᠧᠲᠷ ᠤᠨ ᠭᠠᠵᠠᠷ ᠲᠤ ᠤᠷᠢᠲᠠᠵᠤ ᠬᠦᠷᠬᠦ ᠪᠠᠷ ᠥᠷᠢᠰᠦᠯᠳᠦᠵᠦ ᠭᠠᠷᠤᠯ᠎ᠠ᠃ ᠪᠠᠲᠤᠠᠣᠷᠭᠢᠯ ᠴᠤ ᠮᠣᠷᠢ ᠪᠠᠨ ᠬᠤᠷᠳᠤᠯᠠᠭᠤᠯᠤᠨ᠂ ᠡᠪᠦᠯ ᠤᠨ ᠬᠦᠢᠲᠡᠨ᠂ ᠰᠠᠯᠬᠢ ᠵᠢᠪᠠᠷ ᠢ ᠬᠠᠶᠢᠬᠤᠷᠤᠯ ᠦᠭᠡᠢ ᠳᠠᠪᠬᠢᠭᠤᠯᠵᠤ᠂ ᠬᠡᠵᠢᠶᠡᠳᠡ ᠡᠷᠡᠮᠡᠬᠡᠶᠢᠯᠡᠨ ᠤᠷᠤᠭᠰᠢᠯᠠᠳᠠᠭ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ᠮᠣᠷᠢᠲᠠᠨ ᠰᠣᠶᠣᠯ ᠤᠨ ᠤᠯᠠᠮᠵᠢᠯᠠᠯ ᠢ ᠬᠠᠷᠠᠭᠤᠯᠵᠤ ᠪᠠᠶᠢᠪᠠ  ᠃
   ᠪᠠᠲᠤᠠᠣᠷᠭᠢᠯ -- ᠪᠢ ᠮᠣᠷᠢᠨ ᠳᠤ ᠶᠡᠭᠡ ᠪᠠᠭ᠋ᠠᠲᠠᠢ᠂ 11 ᠨᠠᠰᠤᠨ ᠠᠴᠠ ᠪᠠᠨ ᠡᠬᠢᠯᠡᠵᠦ ᠤᠷᠤᠯᠳᠤᠭᠠᠨ ᠮᠣᠷᠢ ᠤᠨᠤᠭᠰᠠᠨ᠂ 50 ᠭᠠᠷᠤᠢ ᠤᠳᠠᠭ᠎ᠠ ᠤᠷᠤᠯᠳᠤᠭᠠᠨ ᠳᠤ ᠣᠷᠣᠯᠴᠠᠵᠤ᠂ ᠪᠠᠰᠠ ᠣᠯᠠᠨ ᠤᠳᠠᠭ᠎ᠠ ᠰᠠᠶᠢᠨ ᠬᠢᠷᠢ ᠪᠦᠲᠦᠮᠵᠢ ᠣᠯᠵᠤ ᠪᠠᠶᠢᠭᠰᠠᠨ᠃ ᠮᠣᠷᠢ ᠤᠷᠤᠯᠳᠤᠬᠤ ᠨᠢ ᠨᠠᠳᠠ ᠮᠠᠰᠢ ᠰᠣᠨᠢᠷᠬᠠᠯᠲᠠᠢ᠂ ᠡᠷᠬᠡ ᠴᠢᠯᠦᠭᠡᠲᠡᠢ ᠰᠠᠨᠠᠭᠳᠠᠳᠠᠭ᠃ᠤᠷᠤᠯᠳᠤᠭᠠᠨ ᠤ ᠳᠠᠷᠠᠭ᠎ᠠ᠂ ᠪᠠᠲᠤᠠᠣᠷᠭᠢᠯ ᠮᠥᠨ ᠯᠡ ᠮᠠᠰᠢ ᠪᠠᠶᠠᠷ ᠲᠠᠢ ᠪᠠᠶᠢᠯ᠎ᠠ  ᠃ ᠲᠡᠭᠦᠨ ᠳᠤ ᠠᠪᠴᠤ ᠬᠡᠯᠡᠪᠡᠯ᠂ ᠮᠣᠷᠢ ᠤᠷᠤᠯᠳᠤᠬᠤ ᠪᠣᠯ ᠳᠤᠷ᠎ᠠ ᠪᠠᠬ᠎ᠠ ᠶᠢ ᠨᠢ ᠬᠥᠭᠵᠢᠭᠡᠳᠡᠭ ᠬᠠᠮᠤᠭ ᠤᠨ ᠪᠠᠶᠠᠷ ᠪᠠᠭ᠋ᠠᠳᠤᠯ ᠲᠠᠢ ᠶᠠᠪᠤᠳᠠᠯ ᠪᠣᠯᠣᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号