2024 ᠣᠨ  ᠤ  ᠠᠷᠠᠳ  ᠤᠨ ᠠᠮᠢᠳᠤᠷᠠᠯ  ᠤᠨ ᠪᠣᠳᠠᠲᠤ ᠶᠠᠪᠤᠳᠠᠯ ᠤᠨ ᠲᠥᠷᠥᠯ  ᠵᠦᠢᠯ ᠤᠨ ᠰᠠᠨᠠᠭᠤᠯᠭ᠎ᠠ ᠶᠢ ᠡᠯᠰᠡᠨ ᠴᠤᠭᠯᠠᠭᠤᠯᠬᠤ ᠲᠤᠬᠠᠢ ᠪᠠᠷᠠᠭᠤᠨ ᠦᠵᠦᠮᠦᠴᠢᠨ ᠬᠤᠰᠢᠭᠤᠨ ᠤ ᠠᠷᠠᠳ  ᠤᠨ  ᠵᠠᠰᠠᠭ  ᠤᠨ ᠤᠷᠳᠤᠨ  ᠤ  ᠠᠯᠪᠠᠨ  ᠵᠠᠷᠯᠠᠯ
ᠨᠡᠶᠢᠲᠡᠯᠡᠭᠰᠡᠨ ᠴᠠᠭ᠄
2023/11/29
    2024 ᠣᠨ   ᠤ  ᠠᠷᠠᠳ  ᠤᠨ ᠠᠮᠢᠳᠤᠷᠠᠯ   ᠤᠨ ᠪᠣᠳᠠᠲᠤ ᠶᠠᠪᠤᠳᠠᠯ ᠤᠨ ᠲᠥᠷᠥᠯ  ᠵᠦᠢᠯ ᠤᠨ ᠰᠠᠨᠠᠭᠤᠯᠭ᠎ᠠ ᠶᠢ ᠡᠯᠰᠡᠨ ᠴᠤᠭᠯᠠᠭᠤᠯᠬᠤ ᠲᠤᠬᠠᠢ ᠪᠠᠷᠠᠭᠤᠨ ᠦᠵᠦᠮᠦᠴᠢᠨ ᠬᠤᠰᠢᠭᠤᠨ ᠤ ᠠᠷᠠᠳ  ᠤᠨ  ᠵᠠᠰᠠᠭ  ᠤᠨ ᠤᠷᠳᠤᠨ  ᠤ  ᠠᠯᠪᠠᠨ  ᠵᠠᠷᠯᠠᠯ                               6 ᠳ᠋ᠤᠭᠠᠷ ᠲᠤᠭᠠᠲᠦ      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠰᠡᠳᠬᠢᠴᠡ ᠶᠢ ᠭᠦᠨᠵᠡᠭᠡᠶ ᠦᠢᠯᠡᠳᠦᠯᠭᠡᠵᠢᠬᠦᠯᠦᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠰᠢᠢᠳᠪᠦᠷᠢᠳᠤ ᠪᠣᠳᠣᠯᠭ᠎ᠠ ᠶᠢᠨ ᠠᠷᠠᠳᠴᠢᠯᠠᠭᠰᠠᠨ᠂ ᠰᠢᠨᠵᠢᠯᠡᠬᠦ ᠤᠬᠠᠭᠠᠨᠴᠢᠯᠠᠭᠰᠠᠨ ᠬᠢᠷᠢ ᠳᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠬᠦᠯᠵᠦ᠂ ᠣᠯᠠᠨ ᠲᠦᠮᠡᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠤᠷᠤᠯᠴᠠᠬᠤ ᠬᠡᠪᠴᠢᠶ᠎ᠡ ᠶᠢ ᠦᠷᠭᠡᠳᠬᠡᠨ᠂ ᠠᠷᠠᠳ ᠣᠯᠠᠨ ᠤ ᠬᠠᠮᠤᠭ ᠠᠴᠠ ᠬᠠᠯᠠᠮᠵᠢᠯᠠᠵᠤ ᠪᠠᠶᠢᠭ᠎ᠠ᠂ ᠬᠠᠮᠤᠭ ᠤᠨ ᠪᠣᠳᠠᠲᠠᠶ ᠠᠷᠠᠳ ᠤᠨ ᠠᠮᠢᠳᠤᠷᠠᠯ ᠤᠨ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠣᠯᠠᠨ ᠲᠦᠮᠡᠨ ᠳᠤ ᠪᠣᠳᠠᠲᠤ ᠠᠵᠢᠯ ᠬᠢᠬᠦ᠂ ᠠᠰᠢᠭ ᠲᠤᠰᠠ ᠣᠯᠭᠤᠬᠤ ᠶᠢᠨ ᠳᠦᠯᠦᠭᠡ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠥᠷᠥᠯ ᠵᠦᠢᠯ ᠤᠨ ᠲᠥᠯᠥᠭᠡᠯᠡᠭᠴᠢ ᠠᠴᠠ ᠪᠢᠯᠧᠲ ᠥᠭᠴᠦ ᠲᠤᠭᠲᠠᠭᠠᠬᠤ ᠳᠦᠷᠢᠮ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠨᠡᠶᠢᠭᠡᠮ ᠨᠡᠶᠢᠲᠡ ᠠᠴᠠ 2024 ᠣᠨ ᠤ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠥᠷᠥᠯ ᠵᠦᠢᠯ ᠤᠨ ᠰᠠᠨᠠᠭᠤᠯᠭ᠎ᠠ ᠶᠢ ᠡᠯᠰᠡᠨ ᠴᠤᠭᠯᠠᠭᠤᠯᠬᠤ ᠪᠠᠷ ᠪᠤᠯᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠵᠠᠷᠯᠠᠶ᠎ᠠ᠄   ᠨᠢᠭᠡ᠂ ᠡᠯᠰᠡᠨ ᠴᠤᠭᠯᠠᠭᠤᠯᠬᠤ ᠴᠠᠭ   ᠲᠣᠰ ᠠᠯᠪᠠᠨ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 2023 ᠣᠨ ᠤ 12 ᠰᠠᠷ᠎ᠠ ᠶᠢᠨ 5 ᠤ ᠡᠳᠦᠷ ᠪᠣᠯᠲᠠᠯ᠎ᠠ᠃  ᠬᠤᠶᠠᠷ᠂ ᠡᠯᠰᠡᠨ ᠴᠤᠭᠯᠠᠭᠤᠯᠬᠤ ᠠᠷᠭ᠎ᠠ ᠬᠡᠯᠪᠡᠷᠢ ᠪᠠ ᠬᠦᠷᠢᠶ᠎ᠡ ᠬᠡᠪᠴᠢᠶ᠎ᠡ   ︵ᠨᠢᠭᠡ︶ ᠨᠡᠶᠢᠭᠡᠮ ᠠᠴᠠ ᠡᠯᠰᠡᠨ ᠴᠤᠭᠯᠠᠭᠤᠯᠤᠨ᠎ᠠ᠃ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ᠂ ᠪᠠᠷᠠᠭᠤᠨ ᠦᠵᠦᠮᠦᠴᠢᠨ ᠤ ᠨᠡᠶᠢᠲᠡᠯᠡᠯ ᠸᠢᠴᠠᠲ ᠤᠨ ᠲᠠᠪᠴᠠᠩ᠂ ᠲᠧᠯᠸᠢᠰ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠠᠴᠠ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠨ᠎ᠠ᠃   ︵ᠬᠤᠶᠠᠷ︶ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ ᠨᠢᠭᠡᠴᠡ ᠪᠠ ᠡᠯ᠎ᠡ ᠱᠠᠳᠤᠨ ᠤ ︽ᠨᠠᠮ ᠤᠨ ᠳᠦᠯᠦᠭᠡᠯᠡᠭᠴᠢ᠂ ᠠᠷᠠᠳ ᠤᠨ ᠳᠦᠯᠦᠭᠡᠯᠡᠭᠴᠢ᠂ ᠤᠯᠤᠰ ᠳᠦᠷᠦ ᠶᠢᠨ ᠵᠦᠪᠯᠡᠯᠭᠡᠨ ᠤ ᠭᠡᠰᠢᠬᠦᠨ︾ ᠠᠴᠠ ᠰᠠᠨᠠᠭᠤᠯᠭ᠎ᠠ ᠡᠯᠰᠡᠨ ᠴᠤᠭᠯᠠᠭᠤᠯᠤᠨ᠎ᠠ᠃ ᠡᠯ᠎ᠡ ᠰᠤᠮᠤ ᠪᠠᠯᠭᠠᠰᠤ ᠨᠢ ᠰᠠᠭᠤᠳᠠᠯ ᠤᠨ ᠬᠤᠷᠠᠯ ᠬᠢᠵᠦ ᠰᠠᠨᠠᠯ ᠰᠤᠯᠢᠯᠴᠠᠬᠤ᠂ ᠪᠠᠶᠢᠴᠠᠭᠠᠨ ᠰᠤᠳᠤᠯᠤᠯᠲᠠ ᠬᠢᠬᠦ᠂ ᠡᠷᠦᠬᠡ ᠳᠤ ᠤᠷᠤᠵᠦ ᠰᠤᠷᠪᠤᠯᠵᠢᠯᠠᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠭᠠᠴᠠᠭ᠎ᠠ᠂ ᠨᠡᠶᠢᠭᠡᠮ ᠲᠣᠭᠤᠷᠢᠭ ᠵᠢᠴᠢ ᠡᠯ᠎ᠡ ᠱᠠᠳᠤᠨ ᠤ ︽ᠨᠠᠮ ᠤᠨ ᠳᠦᠯᠦᠭᠡᠯᠡᠭᠴᠢ᠂ ᠠᠷᠠᠳ ᠤᠨ ᠳᠦᠯᠦᠭᠡᠯᠡᠭᠴᠢ᠂ ᠤᠯᠤᠰ ᠳᠦᠷᠦ ᠶᠢᠨ ᠵᠦᠪᠯᠡᠯᠭᠡᠨ ᠤ ᠭᠡᠰᠢᠬᠦᠨ︾ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠬᠤ ᠬᠡᠷᠡᠭᠲᠡᠶ᠃ ᠬᠤᠰᠢᠭᠤ ᠬᠠᠷᠢᠶ᠎ᠠ ᠡᠯ᠎ᠡ ᠪᠠᠶᠢᠭᠤᠯᠭ᠎ᠠ ᠨᠢᠭᠡᠴᠡ ᠨᠢ ᠲᠣᠰ ᠰᠠᠯᠠᠭ᠎ᠠ ᠮᠥᠴᠢᠷ᠂ ᠲᠣᠰ ᠠᠵᠢᠯ ᠲᠥᠷᠥᠯ ᠤᠨ ᠳᠤᠭᠤᠷᠢᠨ ᠳᠤ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠠᠵᠢᠯ ᠲᠥᠷᠥᠯ ᠤᠨ ᠬᠦᠷᠢᠶ᠎ᠡ ᠬᠡᠪᠴᠢᠶ᠎ᠡ ᠪᠤᠶᠤ ᠪᠤᠰᠤᠳ ᠬᠦᠷᠢᠶ᠎ᠡ ᠴᠠᠷᠠᠭ᠎ᠠ ᠶᠢᠨ ᠰᠠᠨᠠᠭᠤᠯᠭ᠎ᠠ ᠶᠢ ᠥᠷᠭᠡᠨ ᠢᠶᠠᠷ ᠬᠤᠷᠢᠶᠠᠬᠤ ᠬᠡᠷᠡᠭᠲᠡᠶ᠃   ᠭᠤᠷᠪᠠ᠂ ᠡᠯᠰᠡᠨ ᠴᠤᠭᠯᠠᠭᠤᠯᠬᠤ ᠭᠤᠤᠯ ᠠᠭᠤᠯᠭ᠎ᠠ   ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠡᠷᠦᠩᠬᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠵᠦ᠂ ︽ᠠᠷᠠᠳ ᠤᠨ ᠰᠠᠨᠠᠭ᠎ᠠ ᠶᠢ ᠬᠦᠨᠳᠦᠳᠬᠡᠵᠦ᠂ ᠠᠷᠠᠳ ᠤᠨ ᠠᠮᠢᠳᠤᠷᠠᠯ ᠢ ᠲᠤᠪᠤᠶᠢᠯᠭᠠᠨ᠂ ᠨᠡᠶᠢᠲᠡ ᠶᠢᠨ ᠠᠰᠠᠷᠠᠮᠵᠢ ᠶᠢ ᠡᠷᠬᠡ ᠲᠡᠭᠰᠢ ᠪᠠᠶᠢᠯᠭᠠᠵᠤ᠂ ᠲᠦᠭᠡᠮᠡᠯ ᠬᠠᠷᠠᠭᠠᠯᠵᠠᠯ ᠢ ᠬᠠᠮᠲᠤ ᠪᠠᠷ ᠡᠳ᠋ᠯᠡᠨ᠂ ᠴᠢᠳᠠᠯ ᠤᠨ ᠢᠶᠠᠨ ᠬᠢᠷᠢ ᠪᠠᠷ ᠢᠶᠠᠨ ᠴᠢᠷᠮᠠᠶᠢᠨ ᠪᠡᠶᠡᠯᠡᠬᠦᠯᠬᠦ︾ ᠵᠠᠷᠴᠢᠮ ᠢ ᠪᠠᠷᠢᠮᠲᠠᠯᠠᠨ᠂ ᠠᠷᠠᠳ ᠣᠯᠠᠨ ᠳᠤ ᠨᠠᠩ ᠣᠯᠠᠨ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠲᠠᠢ ᠪᠣᠯᠭᠠᠬᠤ ᠪᠠᠷ ᠭᠤᠤᠯᠳᠠᠯᠭ᠎ᠠ ᠪᠣᠯᠭᠠᠵᠤ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠤᠭᠳᠠᠭᠰᠠᠨ ᠠᠷᠠᠳ ᠤᠨ ᠠᠮᠢᠳᠤᠷᠠᠯ ᠤᠨ ᠨᠢᠭᠡ ᠪᠦᠯᠦᠭ ᠪᠣᠳᠠᠲᠤ ᠶᠠᠪᠤᠳᠠᠯ ᠤᠨ ᠲᠥᠷᠥᠯ ᠵᠦᠢᠯ ᠢ ᠲᠣᠬᠢᠷᠠᠭᠤᠯᠤᠨ᠎ᠠ᠃ ᠭᠤᠤᠯᠳᠠᠭᠤ᠄ ᠠᠵᠢᠯ ᠣᠯᠭᠤᠬᠤ ᠪᠤᠯᠪᠠᠰᠤᠷᠠᠯ᠂ ᠰᠤᠷᠭᠠᠨ ᠬᠥᠮᠦᠵᠢᠯ ᠤᠨ ᠦᠢᠯᠡᠰ᠂ ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠣᠷᠴᠢᠨ ᠲᠣᠭᠤᠷᠢᠨ ᠤ ᠴᠡᠭᠴᠡᠯᠡᠯᠳᠡ᠂ ᠣᠷᠣᠨ ᠰᠠᠭᠤᠴᠠ ᠶᠢᠨ ᠪᠠᠳᠤᠯᠠᠭ᠎ᠠ᠂ ᠵᠠᠮ ᠬᠠᠷᠢᠯᠴᠠᠭ᠎ᠠ᠂ ᠰᠣᠶᠣᠯ ᠤᠨ ᠪᠦᠳᠦᠭᠡᠨ ᠪᠠᠶᠢᠭᠤᠯᠤᠯᠲᠠ᠂ ᠨᠠᠰᠤᠳᠠᠶᠢᠴᠤᠳ ᠤᠨ ᠠᠰᠠᠷᠠᠮᠵᠢ ᠶᠢᠨ ᠦᠢᠯᠡᠴᠢᠯᠡᠭᠡ᠂ ᠠᠮᠤᠷ ᠲᠦᠪᠰᠢᠨ ᠤ ᠪᠠᠳᠤᠯᠠᠭ᠎ᠠ ᠂ ᠬᠤᠲᠠ ᠶᠢᠨ ᠬᠠᠮᠢᠶᠠᠷᠤᠯᠲᠠ᠂ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠶ ᠶᠢ ᠬᠠᠮᠠᠭᠠᠯᠠᠬᠤ ᠵᠡᠷᠭᠡ ᠲᠠᠯ᠎ᠠ ᠪᠠᠭᠲᠠᠨ᠎ᠠ᠃   ᠳᠥᠷᠪᠡ᠂ ᠡᠯᠰᠡᠨ ᠴᠤᠭᠯᠠᠭᠤᠯᠬᠤ ᠱᠠᠭᠠᠷᠳᠠᠯᠭ᠎ᠠ   ︵ᠨᠢᠭᠡ︶ ᠲᠥᠷᠥᠯ ᠵᠦᠢᠯ ᠨᠢ ᠠᠵᠢᠯᠯᠠᠭᠠᠲᠤ ᠴᠢᠨᠠᠷ ᠢᠶᠠᠷ ᠴᠢᠩᠭ᠎ᠠ ᠪᠠᠶᠢᠬᠤ ᠬᠡᠷᠡᠭᠳᠡᠢ᠃ ᠰᠠᠨᠠᠭᠤᠯᠭ᠎ᠠ ᠶᠢᠨ ᠵᠦᠢᠯ ᠳᠤ ᠲᠥᠷᠥᠯ ᠵᠦᠢᠯ ᠤᠨ ᠨᠡᠷᠡᠶᠢᠳᠦᠯ᠂ ᠲᠥᠷᠥᠯ ᠵᠦᠢᠯ ᠤᠨ ᠠᠭᠤᠯᠭ᠎ᠠ᠂ ᠭᠡᠷᠡᠭᠵᠢᠭᠦᠯᠬᠦ ᠭᠤᠣᠯ ᠴᠣᠭᠴᠠ᠂ ᠪᠡᠯᠡ ᠣᠷᠣᠭᠤᠯᠤᠯᠲᠠ ᠶᠢᠨ ᠲᠤᠭ᠎ᠠ ᠬᠡᠮᠵᠢᠶ᠎ᠡ᠂ ᠪᠡᠯᠡ ᠮᠥᠩᠭᠦ ᠶᠢᠨ ᠢᠷᠡᠯᠲᠡ ᠵᠢᠴᠢ ᠪᠤᠰᠤᠳ ᠬᠠᠩᠭᠠᠬᠤ ᠴᠢᠬᠤᠯᠠᠲᠠᠶ ᠠᠭᠤᠯᠭ᠎ᠠ ᠪᠠᠭᠲᠠᠨ᠎ᠠ᠃   ︵ᠬᠤᠶᠠᠷ︶ ᠲᠥᠷᠥᠯ ᠵᠦᠢᠯ ᠨᠢ ᠲᠥᠯᠥᠭᠡᠯᠡᠬᠦ ᠴᠢᠨᠠᠷ ᠢᠶᠠᠷ ᠴᠢᠩᠭ᠎ᠠ ᠪᠠᠶᠢᠬᠤ ᠬᠡᠷᠡᠭᠳᠡᠢ᠃ ᠲᠥᠷᠥᠯ ᠵᠦᠢᠯ ᠤᠨ ᠪᠠᠶᠢᠷᠢᠯᠠᠭᠤᠯᠤᠯᠳᠠ ᠶᠢᠨ ᠲᠠᠯ᠎ᠠ ᠳᠤ ᠲᠥᠯᠥᠭᠡᠯᠡᠬᠦ ᠴᠢᠨᠠᠷ ᠲᠠᠢ᠂ ᠪᠦᠬᠦ ᠲᠠᠯ᠎ᠠ ᠶᠢᠨ ᠴᠢᠨᠠᠷ ᠲᠠᠢ ᠪᠠᠶᠢᠬᠤ ᠵᠢᠴᠢ ᠤᠨᠴᠠᠯᠢᠭ ᠤᠨ ᠲᠠᠯ᠎ᠠ ᠳᠤ ᠬᠠᠮᠤᠷᠬᠤ ᠬᠡᠪᠴᠢᠶ᠎ᠡ ᠪᠠ ᠠᠰᠢᠭ ᠬᠥᠷᠲᠡᠭᠡᠬᠦ ᠬᠡᠪᠴᠢᠶ᠎ᠡ ᠪᠠᠷ ᠥᠷᠭᠡᠨ ᠪᠠᠶᠢᠬᠤ ᠬᠡᠷᠡᠭᠲᠡᠶ᠃    ︵ᠭᠤᠷᠪᠠ︶ ᠲᠥᠷᠥᠯ ᠵᠦᠢᠯ ᠨᠢ ᠬᠡᠷᠡᠭᠵᠢᠬᠦᠯᠬᠦ ᠴᠢᠨᠠᠷ ᠢᠶᠠᠷ ᠴᠢᠩᠭ᠎ᠠ ᠪᠠᠶᠢᠬᠤ ᠬᠡᠷᠡᠭᠳᠡᠢ᠃ ᠪᠡᠯᠡ ᠮᠥᠩᠭᠦ ᠶᠢᠨ ᠳᠤᠬᠢᠷᠠᠭᠤᠯᠤᠯᠳᠠ ᠨᠢ ᠬᠡᠷᠡᠭᠵᠢᠭᠦᠯᠬᠦ ᠴᠢᠨᠠᠷ ᠢᠶᠠᠷ ᠴᠢᠩᠭ᠎ᠠ ᠪᠠᠶᠢᠵᠤ᠂ ᠮᠠᠨ ᠤ ᠬᠤᠰᠢᠭᠤᠨ ᠤ ᠪᠤᠳᠠᠲᠤ ᠪᠠᠶᠢᠳᠠᠯ ᠢ ᠭᠦᠢᠴᠡᠳ ᠪᠤᠳᠤᠯᠬᠢᠯᠠᠵᠦ᠂ ᠪᠡᠯᠡ ᠮᠦᠩᠭᠦ ᠶᠢᠨ ᠬᠦᠷᠦᠯᠴᠡᠬᠦᠶᠢᠴᠡ ᠬᠢᠷᠢ ᠬᠡᠮᠵᠢᠶᠡᠨ ᠳᠤ᠂ ᠡᠳ᠋ ᠤᠨ ᠬᠦᠴᠦᠨ ᠢᠶᠠᠨ ᠲᠥᠪᠯᠡᠷᠡᠭᠦᠯᠦᠨ ᠰᠠᠶᠢᠨ ᠶᠠᠪᠤᠳᠠᠯ ᠬᠢᠵᠦ᠂ ᠪᠣᠳᠠᠲᠤ ᠶᠠᠪᠤᠳᠠᠯ ᠬᠢᠬᠦ ᠬᠡᠷᠡᠭᠲᠡᠢ᠃   ︵ᠳᠥᠷᠪᠡ︶ ᠲᠥᠷᠥᠯ ᠵᠦᠢᠯ ᠨᠢ ᠡᠵᠡᠮᠳᠡᠵᠦ ᠪᠣᠯᠬᠤᠶᠢᠴᠠ ᠴᠢᠨᠠᠷ ᠢᠶᠠᠷ ᠴᠢᠩᠭ᠎ᠠ ᠪᠠᠶᠢᠬᠤ ᠬᠡᠷᠡᠭᠳᠡᠢ᠃ ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭᠠᠨ ᠳᠤ ᠡᠵᠡᠮᠳᠡᠵᠦ ᠪᠤᠯᠬᠤᠶᠢᠴᠠ ᠴᠢᠨᠠᠷ ᠲᠠᠢ ᠪᠠᠶᠢᠵᠤ᠂ ᠡᠩ ᠤᠨ ᠪᠠᠶᠢᠳᠠᠯ ᠳᠤ ᠲᠤᠰ ᠵᠢᠯ ᠳᠡᠭᠡᠨ ᠭᠦᠢᠴᠡᠳᠬᠡᠵᠦ ᠴᠢᠳᠠᠬᠤ ᠪᠤᠶᠤ ᠱᠠᠳᠤᠴᠢ ᠴᠢᠨᠠᠷᠲᠠᠢ ᠦᠷ᠎ᠡ ᠪᠦᠲᠦᠮᠵᠢ ᠣᠯᠵᠤ ᠴᠢᠳᠠᠬᠤ ᠬᠡᠷᠡᠭᠲᠡᠢ᠃   ᠲᠠᠪᠤ᠂ ᠬᠦᠰᠦᠨᠦᠭᠲᠦ ᠲᠠᠭᠯᠠᠬᠤ ᠱᠠᠭᠠᠷᠳᠠᠯᠭ᠎ᠠ ᠵᠢᠴᠢ ᠬᠠᠷᠢᠯᠴᠠᠬᠤ ᠠᠷᠭ᠎ᠠ ᠬᠡᠯᠪᠡᠷᠢ   ︵ᠨᠢᠭᠡ︶ ᠨᠡᠶᠢᠭᠡᠮ ᠠᠴᠠ ᠡᠯᠰᠡᠨ ᠴᠤᠭᠯᠠᠭᠤᠯᠬᠤ ᠲᠥᠷᠥᠯ ᠵᠦᠢᠯ᠃ ᠰᠠᠨᠠᠭᠤᠯᠭ᠎ᠠ ᠶᠢᠨ ᠲᠥᠷᠥᠯ ᠵᠦᠢᠯ ᠢ ︽ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠰᠠᠨᠠᠭᠤᠯᠭ᠎ᠠ ᠶᠢ ᠡᠯᠰᠡᠨ ᠴᠤᠭᠯᠠᠭᠤᠯᠬᠤ ᠬᠦᠰᠦᠨᠦᠭᠲᠦ︾ ᠶᠢᠨ ᠱᠠᠭᠠᠷᠳᠠᠯᠭ᠎ᠠ ᠶᠣᠰᠣᠭᠠᠷ᠂ ᠳᠦᠷᠢᠮᠵᠢᠯ ᠲᠠᠢ ᠲᠠᠭᠯᠠᠭᠠᠳ ︵ᠨᠠᠷᠢᠨ ᠪᠠᠶᠢᠳᠠᠯ ᠢ ᠳᠠᠭᠠᠯᠳᠤᠭᠤᠯᠤᠯ ᠬᠦᠰᠦᠨᠦᠭᠲᠦ ᠠᠴᠠ ᠦᠵᠡᠭᠡᠷᠡᠢ︶᠂ ᠪᠢᠴᠢᠭ ᠤᠨ ᠬᠡᠯᠪᠡᠷᠢ ᠪᠠᠷ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠲᠤ ᠮᠡᠳᠡᠬᠦᠯᠬᠦ ᠬᠡᠷᠡᠭᠲᠡᠶ᠃   ︵ᠬᠤᠶᠠᠷ︶ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ ᠪᠣᠯᠤᠨ ᠡᠯ᠎ᠡ ᠱᠠᠳᠤᠨ ᠤ ︽ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ︾ ᠠᠴᠠ ᠡᠯᠰᠡᠨ ᠴᠤᠭᠯᠠᠭᠤᠯᠬᠤ ᠲᠥᠷᠥᠯ ᠵᠦᠢᠯ᠃ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ ᠠᠴᠠ ᠬᠠᠷᠢᠭᠤᠴᠠᠨ ᠡᠯᠰᠡᠬᠦ ᠲᠥᠷᠥᠯ ᠵᠦᠢᠯ ᠤᠨ ᠰᠠᠨᠠᠯ ᠢ ᠡᠯ᠎ᠡ ᠰᠤᠮᠤ ᠪᠠᠯᠭᠠᠰᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ ᠶᠢᠨ ᠭᠤᠤᠯ ᠬᠠᠷᠢᠭᠤᠴᠠᠯᠭᠠᠲᠠᠨ ᠠᠴᠠ ᠬᠠᠮᠢᠶ᠎ᠠ ᠪᠥᠬᠦᠶ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠤᠭᠤᠯᠵᠤ᠂ ᠨᠠᠷᠢᠨ ᠬᠢᠨᠠᠮᠠᠭᠠᠶ ᠰᠤᠳᠤᠯᠤᠨ ᠬᠢᠨᠠᠨ ᠬᠠᠷᠭᠤᠭᠤᠯᠬᠤ ᠶᠢᠨ ᠬᠠᠮᠲᠤ ᠭᠠᠷ ᠤᠨ ᠥᠰᠥᠭ ᠵᠢᠷᠤᠵᠤ ᠨᠤᠲᠠᠯᠠᠭᠰᠠᠨ ᠤ ᠳᠠᠷᠠᠭ᠎ᠠ᠂ ᠠᠯᠪᠠᠨ ᠪᠢᠴᠢᠭ ᠮᠠᠲ᠋ᠧᠷᠢᠶᠠᠯ ᠤᠨ ᠬᠡᠯᠪᠡᠷᠢ ᠢᠶᠠᠷ ︵︽ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠰᠠᠨᠠᠭᠤᠯᠭ᠎ᠠ ᠶᠢ ᠡᠯᠰᠡᠨ ᠴᠤᠭᠯᠠᠭᠤᠯᠬᠤ ᠬᠦᠰᠦᠨᠦᠭᠲᠦ︾ ᠶᠢ ᠳᠠᠭᠠᠯᠳᠤᠭᠤᠯᠤᠨ᠎ᠠ ) ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠲᠤ ᠮᠡᠳᠡᠭᠦᠯᠬᠦ ᠶᠢᠨ ᠬᠠᠮᠲᠤ ᠡᠯᠧᠺᠲᠷᠣᠨ ᠬᠡᠪᠯᠡᠯ ᠢ ᠢᠮᠧᠯ ᠳᠤ ᠶᠠᠪᠤᠭᠤᠯᠤᠨ᠎ᠠ᠃ ᠰᠠᠨᠠᠭᠤᠯᠭ᠎ᠠ ᠶᠢᠨ ᠲᠥᠷᠥᠯ ᠵᠦᠢᠯ ᠢ ︽ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠰᠠᠨᠠᠭᠤᠯᠭ᠎ᠠ ᠶᠢ ᠡᠯᠰᠡᠨ ᠴᠤᠭᠯᠠᠭᠤᠯᠬᠤ ᠬᠦᠰᠦᠨᠦᠭᠲᠦ︾ ᠶᠢᠨ ᠱᠠᠭᠠᠷᠳᠠᠯᠭ᠎ᠠ ᠶᠣᠰᠣᠭᠠᠷ ᠳᠦᠷᠢᠮᠵᠢᠯ ᠲᠠᠢ ᠲᠠᠭᠯᠠᠨ ᠮᠡᠳᠡᠭᠦᠯᠬᠦ ᠬᠡᠷᠡᠭᠲᠡᠶ᠃ᠬᠠᠷᠢᠯᠴᠠᠬᠤ ᠠᠷᠭ᠎ᠠ᠄  ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠤᠨ 212 ᠠᠯᠪᠠᠨ ᠭᠡᠷ  ᠬᠠᠷᠢᠯᠴᠠᠬᠤ ᠤᠳᠠᠰᠤ᠄ 3526634  ᠢᠮᠧᠯ᠄ xwqsatu@163.com   ᠳᠠᠭᠠᠯᠳᠤᠭᠤᠯᠤᠯ᠄ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠰᠠᠨᠠᠭᠤᠯᠭ᠎ᠠ ᠶᠢ ᠡᠯᠰᠡᠨ ᠴᠤᠭᠯᠠᠭᠤᠯᠬᠤ ᠬᠦᠰᠦᠨᠦᠭᠲᠦ                   ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ                                2023 ᠣᠨ ᠤ 11 ᠰᠠᠷ᠎ᠠ ᠶᠢᠨ 16 ᠤ ᠡᠳᠦᠷ  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号