ᠪᠦᠭᠦ ᠬᠤᠰᠢᠭᠤᠨ ᠤ ᠰᠠᠭᠤᠭᠠᠯᠢ ᠠᠷᠠᠳ ᠲᠤ ᠢᠯᠡᠭᠡᠬᠦ‍ ᠨᠢᠭᠡ ᠬᠤᠪᠢ ᠵᠠᠬᠢᠳᠠᠯ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠲᠤᠬᠠᠢ ᠲᠥᠷᠥ  ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/11/3
      ᠪᠦᠭᠦ  ᠬᠤᠰᠢᠭᠤᠨ ᠤ ᠰᠠᠭᠤᠭᠠᠯᠢ ᠠᠷᠠᠳ ᠲᠤ ᠢᠯᠡᠭᠡᠬᠦ‍ ᠨᠢᠭᠡ ᠬᠤᠪᠢ ᠵᠠᠬᠢᠳᠠᠯ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢᠥᠷᠭᠡᠨ ᠤᠯᠠᠨ ᠰᠠᠭᠤᠭᠠᠯᠢ ᠠᠷᠠᠳ ᠨᠠᠶᠢᠵᠠ ᠨᠠᠷ ᠡ᠄   ᠤᠯᠠᠨ ᠢᠶᠠᠷ ᠢᠶᠠᠨ ᠰᠠᠶᠢᠨ ᠪᠠᠶᠢᠵᠠᠭᠠᠨᠠᠤ︖ ᠲᠠᠨᠠᠷ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠠᠵᠢᠯ ᠢ ᠤᠶᠢᠯᠠᠭᠠᠨ ᠳᠡᠮᠵᠢᠭᠰᠡᠭᠡᠷ ᠢᠷᠡᠭᠰᠡᠨ ᠳᠤ ᠴᠢᠨᠢ ᠲᠠᠯᠠᠷᠬᠠᠵᠤ ᠪᠠᠶᠢᠨ᠎ᠠ᠃ ᠲᠠ ᠡᠨᠡ ᠬᠦ ᠵᠠᠬᠢᠳᠠᠯ ᠢ ᠨᠠᠷᠢᠨ ᠬᠢᠨᠠᠮᠠᠭᠠᠢ ᠤᠩᠰᠢᠵᠤ ᠳᠠᠭᠤᠰᠬᠠᠨ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠡᠵᠡᠮᠰᠢᠬᠦ ᠶᠢᠨ ᠬᠠᠮᠲᠤ ᠴᠠᠭ ᠲᠤᠬᠠᠢ ᠳᠤᠨᠢ ᠳᠠᠭᠠᠳᠬᠠᠯ ᠳᠤ ᠣᠷᠣᠯᠴᠠᠵᠤ᠂ ᠨᠠᠰᠤᠲᠠᠶᠢᠴᠤᠳ ᠤᠨ ᠠᠮᠢᠳᠤᠷᠠᠯ ᠤᠨ ᠴᠢᠨᠠᠷ ᠴᠢᠨᠰᠠᠭ᠎ᠠ ᠳᠠᠭᠠᠨ ᠬᠠᠷᠢᠭᠤᠴᠠᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃   ᠨᠢᠭᠡ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ ᠨᠢ ᠲᠠᠨ ᠤ ᠨᠠᠰᠤᠲᠠᠶᠢᠴᠤᠳ ᠤᠨ ᠠᠮᠢᠳᠤᠷᠠᠯ ᠳᠤ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ   ᠬᠦᠮᠦᠨ ᠪᠦᠬᠦᠨ ᠨᠠᠰᠤ ᠠᠬᠠᠰᠢᠷᠠᠬᠤ ᠨᠢ ᠵᠠᠶᠢᠯᠠᠰᠢ ᠦᠭᠡᠢ ᠶᠤᠮ᠂ ᠬᠥᠮᠥᠨ ᠢ ᠳᠦᠰᠢᠬᠦ ᠠᠴᠠ ᠥᠪᠡᠷ ᠢ ᠪᠠᠨ ᠳᠦᠰᠢᠭᠯᠡ ᠭᠡᠳᠡᠭ ᠦᠭᠡ ᠪᠠᠶᠢᠳᠠᠭ᠃ ᠨᠠᠰᠤᠲᠠᠶᠢᠴᠤᠳ ᠤᠨ ᠠᠮᠢᠳᠤᠷᠠᠯ ᠤᠨ ᠴᠢᠨᠠᠷ ᠴᠢᠨᠰᠠᠭ᠎ᠠ ᠪᠠᠨ ᠥᠪᠡᠷ ᠢᠶᠠᠨ ᠪᠦᠷᠢᠮᠦᠰᠦᠨ ᠡᠵᠡᠮᠰᠢᠵᠦ ᠪᠣᠯᠬᠤ ᠶᠤᠮ᠃ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠣᠯ ᠨᠠᠰᠤᠲᠠᠶᠢᠴᠤᠳ ᠤᠨ ᠠᠮᠢᠳᠤᠷᠠᠯ ᠤᠨ ᠶᠠᠰᠤ ᠴᠢᠨᠠᠷ ᠢ ᠰᠠᠶᠢᠵᠢᠷᠠᠭᠤᠯᠬᠤ ᠬᠠᠮᠤᠭ ᠤᠨ ᠳᠥᠭᠦᠮ ᠳᠥᠲᠡ᠂ ᠬᠠᠮᠤᠭ ᠤᠨ ᠰᠢᠭᠤᠳ᠂ ᠬᠠᠮᠤᠭ ᠤᠨ ᠬᠦᠴᠦᠲᠡᠢ᠂ ᠬᠠᠮᠤᠭ ᠤᠨ ᠥᠨᠳᠥᠷ ᠪᠦᠲᠦᠮᠵᠢᠲᠡᠶ ᠠᠷᠭ᠎ᠠ ᠵᠠᠮ ᠮᠥᠨ᠂ ᠠᠶᠤᠯᠭᠦᠢ ᠴᠢᠨᠠᠷ ᠪᠠ ᠠᠰᠢᠭ ᠭᠥᠷᠳᠡᠬᠦ ᠨᠣᠷᠮ᠎ᠠ ᠨᠢ ᠶᠠᠮᠠᠷᠪᠠ ᠬᠤᠳᠠᠯᠳᠤᠭᠠᠨ ᠤ ᠳᠠᠭᠠᠳᠬᠠᠯ ᠤᠨ ᠲᠥᠷᠥᠯ ᠠᠴᠠ ᠥᠨᠳᠥᠷ ᠪᠠᠶᠢᠳᠠᠭ᠃ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠪᠠᠯ ᠳᠠᠷᠤᠢ ᠨᠠᠰᠤᠨ ᠤ ᠠᠮᠠᠷᠠᠯᠲᠠ ᠶᠢᠨ ᠬᠠᠷᠠᠭᠠᠯᠵᠠᠯ ᠢ ᠬᠦᠷᠲᠡᠵᠦ᠂ ᠴᠠᠯᠢᠩ ᠤᠨ ᠣᠷᠣᠯᠭ᠎ᠠ ᠲᠠᠢ ᠪᠣᠯᠵᠤ᠂ ᠨᠠᠰᠤᠲᠠᠶᠢᠴᠤᠳ ᠤᠨ ᠠᠮᠢᠳᠤᠷᠠᠯ ᠤᠨ ᠵᠠᠷᠤᠳᠠᠯ ᠢ ᠲᠤᠯᠭᠠᠭᠤᠷᠢᠯᠠᠨ᠂ ᠦᠷ᠎ᠡ ᠬᠡᠦᠬᠡᠳ ᠤᠨ ᠢᠶᠠᠨ ᠳᠠᠷᠤᠭᠠᠰᠤ ᠶᠢ ᠬᠥᠩᠭᠡᠯᠡᠵᠦ᠂ ᠨᠠᠰᠤᠲᠠᠶᠢᠴᠤᠳ ᠤᠨ ᠠᠮᠢᠳᠤᠷᠠᠯ ᠢ ᠨᠡᠩ ᠨᠡᠷ᠎ᠡ ᠬᠦᠨᠳᠦ ᠲᠠᠢ ᠪᠠᠷ ᠡᠳ᠋ᠯᠡᠵᠦ ᠪᠣᠯᠣᠨ᠎ᠠ᠃ ᠡᠶᠢᠮᠦ ᠠᠴᠠ᠂ ᠲᠠᠨ ᠢ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ ᠣᠷᠣᠯᠴᠠᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃   ᠬᠤᠶᠠᠷ᠂ ᠠᠯᠢ ᠲᠥᠷᠥᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠪᠠᠯ ᠨᠠᠩ ᠠᠰᠢᠭᠲᠠᠢ ᠪᠣᠶ  ︖    ᠬᠡᠷᠪᠡ ᠲᠠᠨ ᠤ ᠠᠮᠢᠳᠤᠷᠠᠯ ᠤᠨ ᠨᠥᠬᠦᠴᠡᠯ ᠨᠡᠯᠢᠶᠡᠳ ᠰᠠᠶᠢᠨ ᠪᠠᠶᠢᠪᠠᠯ᠂ ᠠᠮᠢᠳᠤᠯᠢᠭ ᠢᠶᠠᠷ ᠠᠵᠢᠯ ᠣᠯᠬᠤ ᠬᠡᠯᠪᠡᠷᠢ ᠶᠢᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠪᠠᠯ ᠨᠠᠩ ᠠᠰᠢᠭᠲᠠᠢ ᠶᠤᠮ᠃ ᠲᠤᠰ ᠳᠠᠭᠠᠳᠬᠠᠯ ᠳᠤ ᠡᠷᠦᠬᠡ ᠠᠮᠠ ᠶᠢᠨ ᠳᠠᠩᠰᠠᠨ ᠤ ᠬᠢᠵᠠᠭᠠᠷᠯᠠᠯ ᠪᠠᠶᠢᠬᠤ ᠦᠭᠡᠢ᠂ ᠬᠠᠮᠤᠭ ᠪᠠᠭ᠎ᠠ ᠳᠠᠭᠠᠨ ᠨᠡᠶᠢᠲᠡ 15 ᠵᠢᠯ ᠰᠦᠢᠳᠬᠡᠯ ᠲᠤᠰᠢᠶᠠᠨ᠎ᠠ᠂ ᠡᠷᠡᠭᠲᠡᠢ ᠪᠦᠬᠦᠯᠢ 60 ᠨᠠᠰᠤ᠂ ᠡᠮᠡᠭᠲᠡᠢ ᠪᠦᠬᠦᠯᠢ 50 ᠨᠠᠰᠤ ᠬᠦᠷᠪᠡᠯ ᠳᠠᠷᠤᠢ ᠨᠠᠰᠤᠨ ᠤ ᠠᠮᠠᠷᠠᠯᠲᠠ ᠶᠢᠨ ᠴᠠᠯᠢᠩ ᠢ ᠡᠳ᠋ᠯᠡᠵᠦ ᠪᠣᠯᠣᠨ᠎ᠠ᠃ ᠣᠶᠢᠷ᠎ᠠ ᠶᠢᠨ 15 ᠵᠢᠯ ᠳᠤ ᠠᠵᠢᠯᠳᠠᠨ ᠠᠵᠢᠯᠴᠢᠨ ᠤ ᠨᠠᠰᠤᠵᠢᠯ ᠤᠨ ᠳᠠᠭᠠᠳᠬᠠᠯ ᠳᠤ ᠤᠷᠤᠯᠴᠠᠭᠰᠠᠨ ᠪᠣᠯ ᠨᠠᠰᠤᠨ ᠤ ᠠᠮᠠᠷᠠᠯᠲᠠ ᠶᠢᠨ ᠴᠠᠯᠢᠩ  ᠨᠢ ᠰᠠᠷ᠎ᠠ ᠪᠦᠷᠢ 1500 ᠲᠥᠭᠦᠷᠢᠭ ᠤᠷᠴᠢᠮ ᠪᠠᠶᠢᠵᠦ᠂ ᠨᠠᠰᠤᠨ ᠤ ᠠᠮᠠᠷᠠᠯᠲᠠ ᠶᠢᠨ ᠠᠮᠢᠳᠤᠷᠠᠯ ᠢ ᠨᠡᠯᠢᠶᠡᠳ ᠰᠠᠶᠢᠨ ᠪᠠᠲᠤᠯᠠᠵᠤ ᠴᠢᠳᠠᠨ᠎ᠠ᠃ 2023 ᠣᠨ ᠤ ᠰᠦᠢᠳᠬᠡᠯ ᠲᠤᠰᠢᠶᠠᠬᠤ ᠵᠣᠭᠤᠰ ᠤᠨ ᠲᠤᠭ᠎ᠠ ᠨᠢ ᠬᠠᠮᠤᠭ ᠳᠣᠣᠷ᠎ᠠ ᠳᠠᠭᠠᠨ 10754.4 ᠲᠥᠭᠦᠷᠢᠭ ︵60% ᠶᠢᠨ ᠬᠠᠷᠢᠴᠠᠯ︶ ᠪᠣᠯᠣᠨ᠎ᠠ᠂ ᠬᠡᠷᠪᠡ ᠠᠵᠢᠯ ᠠᠴᠠ ᠪᠠᠨ ᠠᠮᠠᠷᠠᠬᠤ ᠦᠶ᠎ᠡ ᠳᠤ ᠢᠯᠡᠭᠦᠦ ᠠᠰᠢᠭ ᠭᠥᠷᠳᠡᠶ᠎ᠡ ᠭᠡᠪᠡᠯ ᠨᠠᠩ ᠥᠨᠳᠥᠷ ᠬᠠᠷᠢᠴᠠᠯ ᠢ ᠰᠣᠩᠭᠤᠵᠤ ᠪᠣᠯᠣᠨ᠎ᠠ᠂ ᠵᠢᠱᠢᠶᠡᠯᠡᠪᠡᠯ 80%᠂ 100% ᠠᠴᠠ 300%᠂ ᠨᠡᠶᠢᠲᠡ 7 ᠲᠠᠰ ᠪᠣᠯᠣᠨ᠎ᠠ᠃ ᠠᠩᠬᠠᠷᠤᠭᠤᠰᠢᠲᠠᠢ ᠨᠢ᠂ ᠲᠣᠰ ᠳᠠᠭᠠᠳᠬᠠᠯ ᠥᠩᠭᠡᠷᠡᠭᠰᠡᠨ ᠵᠢᠯ ᠤᠳ ᠤᠨ ᠵᠠᠷᠤᠳᠠᠯ ᠢ ᠨᠥᠬᠦᠨ ᠲᠤᠰᠢᠶᠠᠬᠤ ᠶᠢ ᠵᠥᠪᠰᠢᠶᠡᠷᠡᠬᠦ ᠦᠭᠡᠢ᠂ ᠵᠢᠯ ᠳᠠᠷᠠᠭᠠᠯᠠᠨ ᠰᠦᠢᠳᠬᠡᠯ ᠲᠤᠰᠢᠶᠠᠬᠤ ᠬᠡᠷᠡᠭᠲᠡᠢ᠂ ᠰᠦᠢᠳᠬᠡᠯ ᠲᠤᠰᠢᠶᠠᠬᠤ ᠵᠣᠭᠤᠰ ᠤᠨ ᠲᠤᠭ᠎ᠠ ᠨᠢ ᠵᠢᠯ ᠪᠦᠷᠢ 1000 ᠲᠥᠭᠦᠷᠢᠭ ᠣᠷᠴᠢᠮ ᠤᠨ ᠥᠰᠦᠯᠲᠡ ᠶᠢᠨ ᠬᠡᠮᠵᠢᠶ᠎ᠡ ᠲᠠᠢ ᠪᠠᠶᠢᠳᠠᠭ᠃   ᠬᠡᠷᠪᠡ ᠲᠠᠨ ᠤ ᠣᠳᠣᠬᠠᠨ ᠤ ᠠᠮᠢᠳᠤᠷᠠᠯ ᠤᠨ ᠪᠠᠶᠢᠳᠠᠯ ᠨᠡᠯᠢᠶᠡᠳ ᠬᠦᠴᠢᠷᠲᠡᠢ ᠪᠠᠶᠢᠪᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠲᠤᠰᠢᠶᠠᠬᠤ ᠨᠢ ᠨᠡᠯᠢᠶᠡᠳ ᠵᠦᠭᠡᠷ ᠰᠣᠩᠭᠤᠯᠲᠠ ᠪᠣᠯᠣᠨ᠎ᠠ᠃ ᠨᠢᠭᠡ ᠳᠤ᠂ ᠰᠦᠢᠳᠬᠡᠯ ᠲᠤᠰᠢᠶᠠᠬᠤ ᠬᠠᠮᠤᠭ ᠤᠨ ᠳᠣᠣᠷ᠎ᠠ ᠪᠠᠷᠢᠮᠵᠢᠶ᠎ᠠ ᠨᠢ ᠵᠢᠯ ᠪᠦᠷᠢ 200 ᠲᠥᠭᠦᠷᠢᠭ ᠬᠦᠷᠲᠡᠯ᠎ᠡ ᠳᠣᠣᠷ᠎ᠠ ᠪᠠᠶᠢᠯᠭᠠᠵᠤ᠂ ᠪᠠᠷᠠᠭᠤᠨ ᠦᠵᠦᠮᠦᠴᠢᠨ ᠬᠤᠰᠢᠭᠤᠨ ᠤ ᠡᠷᠦᠬᠡ ᠠᠮᠠ ᠶᠢᠨ ᠲᠠᠩᠰᠠ ᠲᠠᠢ ᠪᠠᠶᠢᠬᠤ ᠱᠠᠭᠠᠷᠳᠠᠯᠭ᠎ᠠ ᠲᠠᠢ᠂ ᠨᠡᠶᠢᠲᠡ 15 ᠵᠢᠯ ᠲᠤᠰᠢᠶᠠᠵᠤ᠂ ᠪᠦᠬᠦᠯᠢ 60 ᠨᠠᠰᠤ ᠭᠦᠷᠪᠡᠯ ᠳᠠᠷᠤᠢ ᠠᠵᠢᠯ ᠠᠴᠠ ᠪᠠᠨ ᠪᠠᠭᠤᠵᠤ ᠠᠮᠠᠷᠠᠬᠤ ᠬᠠᠷᠠᠭᠠᠯᠵᠠᠯ ᠭᠥᠷᠳᠡᠵᠦ ᠪᠣᠯᠣᠨ᠎ᠠ᠃ ᠡᠷᠡᠭᠲᠡᠢ ᠡᠮᠡᠭᠲᠡᠢ ᠶᠢᠨ ᠬᠠᠷᠠᠭᠠᠯᠵᠠᠯ ᠭᠥᠷᠳᠡᠬᠦ ᠨᠠᠰᠤ ᠨᠢ ᠠᠳᠠᠯᠢ᠃ 2023 ᠣᠨ ᠤ 7 ᠰᠠᠷ᠎ᠠ ᠶᠢᠨ 1 ᠤ ᠡᠳᠦᠷ ᠠᠴᠠ ᠡᠮᠦᠨ᠎ᠡ ᠬᠠᠮᠤᠭ ᠪᠠᠭ᠎ᠠ ᠳᠠᠭᠠᠨ ᠰᠠᠷ᠎ᠠ ᠪᠦᠷᠢ 350 ᠲᠥᠭᠦᠷᠢᠭ ᠤᠨ ᠬᠠᠷᠠᠭᠠᠯᠵᠠᠯ ᠭᠥᠷᠳᠡᠨ᠎ᠡ᠃ ᠬᠤᠶᠠᠷ ᠲᠤ᠂  ᠬᠤᠰᠢᠭᠤ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠰᠤᠳᠤᠯᠤᠨ ᠶᠠᠷᠢᠯᠴᠠᠬᠤ ᠪᠠᠷ ᠳᠠᠮᠵᠢᠨ᠂ 2023 ᠣᠨ ᠤ 7 ᠰᠠᠷ᠎ᠠ ᠶᠢᠨ 1 ᠤ ᠡᠳᠦᠷ ᠠᠴᠠ ᠬᠤᠶᠢᠰᠢ ᠲᠣᠰ ᠲᠥᠷᠥᠯ ᠤᠨ ᠳᠠᠭᠠᠳᠬᠠᠯ ᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠨᠥᠬᠦᠪᠦᠷᠢ ᠶᠢᠨ ᠬᠡᠰᠡᠭ ᠢ 413 ᠲᠥᠭᠦᠷᠢᠭ ᠪᠣᠯᠭᠠᠨ ᠳᠡᠭᠡᠭᠰᠢᠯᠡᠭᠦᠯᠵᠦ᠂ ᠨᠠᠰᠤᠨ ᠤ ᠠᠮᠠᠷᠠᠯᠲᠠ ᠶᠢᠨ ᠬᠠᠷᠠᠭᠠᠯᠵᠠᠯ ᠭᠥᠷᠳᠡᠵᠦ ᠪᠠᠶᠢᠭ᠎ᠠ ᠳᠠᠭᠠᠳᠬᠠᠯ ᠳᠤ ᠣᠷᠣᠯᠴᠠᠭᠰᠠᠳ ᠲᠤ ᠨᠠᠭᠠᠲᠤ ᠵᠠᠬ᠎ᠠ ᠳᠠᠭᠠᠨ ᠰᠠᠷ᠎ᠠ ᠪᠦᠷᠢ 580 ᠲᠥᠭᠦᠷᠢᠭ ᠤᠨ ᠨᠥᠬᠦᠪᠦᠷᠢ ᠣᠯᠭᠤᠨ᠎ᠠ ᠭᠡᠵᠦ ᠲᠤᠭᠲᠠᠭᠠᠵᠤ᠂ ᠡᠨᠡ ᠨᠢ ᠪᠥᠬᠦ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠥᠨᠳᠥᠷ ᠲᠦᠪᠰᠢᠨ ᠳᠤ  ᠬᠦᠷᠦᠭᠰᠡᠨ ᠪᠠᠶᠢᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠨᠥᠬᠦᠪᠦᠷᠢ   ᠶᠢᠨ ᠬᠡᠰᠡᠭ ᠢ ᠬᠤᠰᠢᠭᠤ ᠡᠳ᠋ ᠤᠨ ᠵᠠᠰᠠᠭ ᠠᠴᠠ ᠡᠭᠦᠷᠭᠡᠯᠡᠵᠦ ᠪᠠᠶᠢᠭ᠎ᠠ ᠪᠣᠯᠬᠤᠷ ᠡᠳ᠋ ᠤᠨ ᠬᠦᠴᠦᠨ ᠤ ᠪᠠᠶᠢᠳᠠᠯ ᠢ ᠦᠵᠡᠵᠦ ᠪᠠᠶᠢᠭᠠᠳ ᠴᠠᠭ ᠲᠤᠬᠠᠢ ᠳᠤᠨᠢ ᠨᠡᠮᠡᠭᠳᠡᠭᠦᠯᠵᠦ ᠬᠠᠰᠤᠨ᠎ᠠ᠂ ᠡᠯ᠎ᠡ ᠠᠵᠢᠯ ᠲᠥᠷᠥᠯ ᠤᠨ ᠠᠵᠤ ᠠᠬᠤᠢ ᠶᠢᠨ ᠪᠠᠶᠢᠳᠠᠯ ᠳᠡᠶᠢᠮᠦ ᠰᠠᠶᠢᠨ ᠪᠢᠰᠢ ᠪᠠᠶᠢᠭᠰᠠᠨ ᠴᠦ ᠣᠷᠣᠨ ᠨᠤᠲᠤᠭ ᠤᠨ ᠵᠠᠰᠠᠭ ᠤᠨ ᠣᠷᠳᠣᠨ ᠤ ᠨᠥᠬᠦᠪᠦᠷᠢ ᠶᠢ ᠪᠥᠬᠦ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠥᠨᠳᠥᠷ ᠲᠦᠪᠰᠢᠨ ᠳᠤ ᠬᠦᠷᠲᠡᠯ᠎ᠡ ᠳᠡᠭᠡᠭᠰᠢᠯᠡᠭᠦᠯᠦᠭᠰᠡᠨ ᠨᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠲᠠᠶᠢᠴᠤᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢ ᠴᠢᠬᠤᠯᠠᠴᠢᠯᠠᠵᠤ ᠪᠠᠶᠢᠭ᠎ᠠ ᠶᠢ ᠭᠦᠢᠴᠡᠳ ᠬᠠᠷᠠᠭᠤᠯᠤᠭᠰᠠᠨ ᠶᠤᠮ᠃    ᠭᠤᠷᠪᠠ᠂  ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠲᠤᠬᠠᠢ ᠵᠠᠷᠢᠮ ᠪᠤᠷᠤᠭᠤ ᠲᠠᠨᠢᠯᠲᠠ   ᠨᠢᠭᠡ ᠳᠤ᠂ ᠬᠡᠰᠡᠭ ᠰᠠᠭᠤᠭᠠᠯᠢ ᠠᠷᠠᠳ 60 ᠨᠠᠰᠤ ᠬᠦᠷᠪᠡᠯ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠪᠠᠯ ᠠᠮᠵᠢᠨ᠎ᠠ ᠭᠡᠵᠦ ᠦᠵᠡᠵᠦ ᠪᠠᠶᠢᠨ᠎ᠠ᠃ ᠨᠢᠭᠡ ᠲᠠᠯ᠎ᠠ ᠪᠠᠷ᠂ ᠣᠳᠣᠬᠠᠨ ᠤ ᠲᠥᠷᠥ ᠶᠢᠨ ᠪᠣᠳᠣᠯᠭ᠎ᠠ ᠳᠤ ᠨᠥᠬᠦᠵᠦ ᠲᠤᠰᠢᠶᠠᠬᠤ ᠶᠢ ᠵᠥᠪᠰᠢᠶᠡᠷᠡᠨ᠎ᠡ᠂ 60 ᠨᠠᠰᠤ ᠭᠦᠷᠪᠡᠯ ᠨᠢᠭᠡ ᠯᠡ ᠤᠳᠠᠭ᠎ᠠ ᠶᠢᠨ ᠴᠢᠨᠠᠷᠲᠠᠢ ᠪᠠᠷ ᠲᠤᠰᠢᠶᠠᠵᠤ ᠪᠣᠯᠣᠨ᠎ᠠ᠃ ᠭᠡᠪᠡᠴᠦ ᠲᠥᠷᠥ ᠶᠢᠨ ᠪᠣᠳᠣᠯᠭ᠎ᠠ ᠪᠣᠯ ᠠᠮᠢᠳᠤᠯᠢᠭ ᠪᠥᠭᠡᠳ ᠬᠤᠪᠢᠷᠠᠯᠲᠠ ᠲᠠᠢ ᠪᠠᠶᠢᠳᠠᠭ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠢᠨ᠎ᠡ ᠲᠥᠷᠥ ᠶᠢᠨ ᠪᠣᠳᠣᠯᠭ᠎ᠠ ᠲᠠᠢ ᠠᠳᠠᠯᠢ ᠪᠠᠷ ᠨᠥᠬᠦᠵᠦ ᠲᠤᠰᠢᠶᠠᠬᠤ ᠶᠢ ᠵᠥᠪᠰᠢᠶᠡᠷᠡᠬᠦ ᠦᠭᠡᠢ ᠪᠣᠯᠪᠠᠯ᠂ ᠲᠠᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠭᠥᠷᠳᠡᠬᠦ ᠶᠢ ᠰᠠᠭᠠᠲᠠᠭᠠᠵᠤ᠂ ᠠᠰᠢᠭ ᠲᠤᠰᠠ ᠶᠢᠨ ᠬᠤᠬᠢᠷᠠᠯ ᠳᠤ ᠤᠴᠠᠷᠠᠬᠤ ᠨᠢ ᠲᠠ ᠪᠣᠯᠣᠨ᠎ᠠ᠃ ᠨᠥᠭᠦᠭᠡ ᠲᠠᠯ᠎ᠠ ᠪᠠᠷ᠂ ᠵᠢᠯ ᠳᠠᠷᠠᠭᠠᠯᠠᠨ ᠰᠦᠢᠳᠬᠡᠯ ᠲᠤᠰᠢᠶᠠᠪᠠᠯ᠂ ᠵᠠᠰᠠᠭ ᠤᠨ ᠣᠷᠳᠣᠨ ᠤ 35-100 ᠲᠥᠭᠦᠷᠢᠭ ᠤᠨ ᠨᠥᠬᠦᠪᠦᠷᠢ ᠶᠢ ᠲᠠᠨ ᠤ ᠬᠤᠪᠢ ᠬᠥᠮᠥᠨ ᠤ ᠨᠡᠶᠢᠭᠡᠮ ᠤᠨ ᠳᠠᠭᠠᠳᠬᠠᠯ ᠤᠨ ᠲᠠᠩᠰᠨ ᠡᠷᠦᠬᠡ ᠳᠤ ᠣᠷᠣᠭᠤᠯᠬᠤ ᠪᠣᠯᠣᠨ᠎ᠠ᠂ ᠭᠡᠪᠡᠴᠦ ᠲᠠ ᠪᠦᠬᠦᠯᠢ 60 ᠨᠠᠰᠤ ᠬᠦᠷᠦᠭᠡᠳ ᠨᠢᠭᠡ ᠯᠡ ᠤᠳᠠᠭ᠎ᠠ ᠳᠤ ᠨᠥᠬᠦᠵᠦ ᠲᠤᠰᠢᠶᠠᠬᠤ ᠦᠶᠡᠰ ᠡᠨᠡ ᠨᠥᠬᠦᠪᠦᠷᠢ ᠪᠠᠶᠢᠬᠤ ᠦᠭᠡᠢ ᠪᠠᠶᠢᠵᠦ᠂ ᠠᠵᠢᠯ ᠠᠴᠠ ᠪᠠᠨ ᠠᠮᠠᠷᠠᠬᠤ ᠦᠶ᠎ᠡ ᠳᠤ ᠲᠠᠨ ᠤ ᠴᠠᠯᠢᠩ ᠳᠠᠷᠤᠢ ᠪᠤᠰᠤᠳ ᠠᠴᠠ ᠳᠣᠣᠷ᠎ᠠ ᠰᠢᠭ ᠪᠠᠶᠢᠵᠤ᠂ ᠠᠰᠢᠭ ᠲᠤᠰᠠ ᠶᠢᠨ ᠬᠤᠬᠢᠷᠠᠯ ᠳᠤ ᠤᠴᠠᠷᠠᠬᠤ ᠨᠢ ᠬᠠᠰᠢ ᠯᠠ ᠲᠠ ᠪᠣᠯᠣᠨ᠎ᠠ᠃ ᠡᠶᠢᠮᠦ ᠠᠴᠠ᠂ ︽ᠢᠯᠡᠭᠦᠦ ᠲᠤᠰᠢᠶᠠᠪᠠᠯ ᠢᠯᠡᠭᠦᠦ ᠣᠯᠬᠤ᠂ ᠣᠷᠳᠣ ᠲᠤᠰᠢᠶᠠᠪᠠᠯ ᠢᠯᠡᠭᠦᠦ ᠣᠯᠬᠤ᠂ ᠲᠠᠰᠤᠷᠠᠯᠲᠠ ᠦᠭᠡᠢ ᠲᠤᠰᠢᠶᠠᠪᠠᠯ ᠢᠯᠡᠭᠦᠦ ᠣᠯᠬᠤ︾ ᠵᠠᠷᠴᠢᠮ ᠶᠣᠰᠣᠭᠠᠷ᠂ ᠡᠷᠡᠭᠲᠡᠢ ᠡᠮᠡᠭᠲᠡᠢ ᠴᠥᠮ ᠪᠦᠬᠦᠯᠢ 45 ᠨᠠᠰᠤᠨ ᠠᠴᠠ ᠡᠮᠦᠨ᠎ᠡ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠲᠤᠰᠢᠶᠠᠪᠠᠯ ᠬᠠᠮᠤᠭ ᠤᠨ ᠠᠰᠢᠭᠲᠠᠢ ᠶᠤᠮ᠃ ᠬᠡᠷᠪᠡ ᠲᠠ 45 ᠨᠠᠰᠤ ᠥᠩᠭᠡᠷᠡᠭᠰᠡᠨ ᠪᠣᠯ᠂ ᠣᠳᠣ ᠪᠠᠷ ᠢᠶᠠᠨ ᠰᠦᠢᠳᠬᠡᠯ ᠲᠤᠰᠢᠶᠠᠪᠠᠯ ᠬᠠᠮᠤᠭ ᠤᠨ ᠠᠰᠢᠭᠲᠠᠢ᠃ ᠬᠤᠶᠠᠷ ᠲᠤ᠂ ᠵᠠᠷᠢᠮ ᠬᠦᠮᠦᠰ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠠᠷᠠᠭᠠᠯᠵᠠᠯ ᠢ ᠭᠥᠷᠳᠡᠪᠡᠯ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠢ ᠲᠤᠰᠢᠶᠠᠬᠤ ᠬᠡᠷᠡᠭ ᠦᠭᠡᠢ ᠭᠡᠵᠦ ᠦᠵᠡᠳᠡᠭ᠃ 2023 ᠣᠨ ᠤ 7 ᠰᠠᠷ᠎ᠠ ᠶᠢᠨ 1 ᠤ ᠡᠳᠦᠷ ᠠᠴᠠ ᠡᠮᠦᠨ᠎ᠡ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠠᠷᠠᠭᠠᠯᠵᠠᠯ ᠤᠨ ᠪᠠᠷᠢᠮᠵᠢᠶ᠎ᠠ ᠨᠢ 200 ᠲᠥᠭᠦᠷᠢᠭ ᠲᠤᠰᠢᠶᠠᠭᠰᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠬᠠᠷᠠᠭᠠᠯᠵᠠᠯ ᠤᠨ ᠪᠠᠷᠢᠮᠵᠢᠶ᠎ᠠ ᠠᠴᠠ ᠥᠨᠳᠥᠷ ᠪᠠᠶᠢᠪᠠ᠃ ᠭᠡᠪᠡᠴᠦ 7 ᠰᠠᠷ᠎ᠠ ᠶᠢᠨ 1 ᠤ ᠡᠳᠦᠷ ᠠᠴᠠ ᠬᠤᠶᠢᠰᠢ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠨ ᠤ ᠠᠮᠠᠷᠠᠯᠲᠠ ᠶᠢᠨ ᠬᠠᠷᠠᠭᠠᠯᠵᠠᠯ ᠢ ᠭᠥᠷᠳᠡᠵᠦ ᠪᠠᠶᠢᠭ᠎ᠠ ᠳᠠᠭᠠᠳᠬᠠᠯ ᠳᠤ ᠤᠷᠤᠯᠴᠠᠭᠰᠠᠳ ᠨᠠᠭᠠᠲᠤ ᠵᠠᠬ᠎ᠠ ᠳᠠᠭᠠᠨ ᠰᠠᠷ᠎ᠠ ᠪᠦᠷᠢ 580 ᠲᠥᠭᠦᠷᠢᠭ ᠣᠯᠵᠤ ᠪᠣᠯᠣᠨ᠎ᠠ᠂ ᠡᠨᠡ ᠨᠢ ᠨᠢᠭᠡᠨᠲᠡ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠠᠷᠠᠭᠠᠯᠵᠠᠯ ᠠᠴᠠ ᠥᠨᠳᠥᠷ ᠪᠣᠯᠵᠠᠢ᠂ ᠨᠥᠬᠦᠴᠡᠯ ᠳᠤ ᠨᠡᠶᠢᠴᠡᠬᠦ ᠣᠯᠠᠨ ᠲᠦᠮᠡᠨ ᠴᠠᠭ ᠲᠤᠬᠠᠢ ᠳᠤᠨᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ ᠶᠢ ᠬᠦᠰᠡᠵᠦ ᠪᠠᠶᠢᠨ᠎ᠠ᠂ ᠢᠩᠭᠢᠪᠡᠯ ᠲᠠᠨ ᠳᠤ ᠨᠠᠩ ᠠᠰᠢᠭᠲᠠᠢ ᠪᠣᠯᠣᠨ᠎ᠠ᠃    ᠭᠤᠷᠪᠠ ᠳᠤ᠂ ᠪᠠᠶᠢᠳᠠᠯ ᠢ ᠠᠵᠢᠭᠯᠠᠬᠤ ᠣᠪᠣᠷ ᠢᠶᠠᠨ ᠲᠠᠶᠠᠭᠳᠠᠬᠤ ᠬᠡᠷᠡᠭᠲᠡᠢ᠃ ᠬᠠᠵᠠᠭᠤ ᠳᠠᠬᠢ ᠮᠠᠰᠢ ᠣᠯᠠᠨ ᠬᠦᠮᠦᠰ ᠪᠦᠷ ᠰᠦᠢᠳᠬᠡᠯ ᠲᠤᠰᠢᠶᠠᠭᠰᠠᠨ ᠦᠭᠡᠢ᠂ ᠥᠪᠡᠷ ᠢᠶᠠᠨ ᠪᠠᠰᠠ ᠵᠠᠯᠠᠭᠤ ᠪᠠᠶᠢᠭᠰᠠᠭᠠᠷ᠂ ᠪᠠᠶᠢᠳᠠᠯ ᠢ ᠬᠠᠷᠠᠵᠤ ᠪᠠᠶᠢᠭᠠᠳ ᠪᠤᠯᠤᠶ᠎ᠠ᠂ ᠶᠠᠭᠠᠷᠠᠵᠤ ᠰᠠᠨᠳᠤᠷᠬᠤ ᠬᠡᠷᠡᠭ ᠦᠭᠡᠢ ᠭᠡᠵᠦ ᠦᠵᠡᠳᠡᠭ᠃ ᠭᠡᠪᠡᠴᠦ ᠲᠠᠨ ᠤ ᠮᠡᠳᠡᠬᠦ ᠦᠭᠡᠢ ᠵᠦᠢᠯ ᠭᠡᠪᠡᠯ᠂ ᠮᠠᠨ ᠤ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ ᠣᠷᠣᠯᠴᠠᠭᠰᠠᠨ ᠨᠣᠷᠮ᠎ᠠ ᠨᠢᠭᠡᠨᠲᠡ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠠᠷᠠᠯᠲᠠ ᠶᠢᠨ ᠡᠭᠦᠷᠭᠡ ᠪᠠᠨ ᠤᠷᠢᠳᠴᠢᠯᠠᠨ ᠪᠡᠶᠡᠯᠡᠭᠦᠯᠵᠦ᠂ 95.2% ᠲᠤ ᠭᠦᠷᠦᠭᠰᠡᠨ ᠪᠠᠶᠢᠨ᠎ᠠ᠃ ᠥᠭᠡᠷ᠎ᠡ ᠪᠠᠷ ᠬᠡᠯᠡᠪᠡᠯ᠂ ᠳᠠᠭᠠᠳᠬᠠᠯ ᠳᠤ ᠣᠷᠣᠯᠴᠠᠬᠤ ᠨᠥᠬᠦᠴᠡᠯ ᠳᠤ ᠨᠡᠶᠢᠴᠡᠬᠦ 100 ᠬᠥᠮᠥᠨ ᠤ ᠳᠣᠲᠣᠷᠠᠬᠢ 95 ᠨᠢ ᠴᠥᠮ ᠳᠠᠭᠠᠳᠬᠠᠯ ᠳᠤ ᠣᠷᠣᠯᠴᠠᠨ ᠰᠦᠢᠳᠬᠡᠯ ᠲᠤᠰᠢᠶᠠᠭᠰᠠᠨ ᠪᠠᠶᠢᠨ᠎ᠠ᠃ ᠡᠨᠡ ᠬᠦ ︽ᠳᠠᠭᠠᠳᠬᠠᠯ ᠳᠤ ᠣᠷᠣᠯᠴᠠᠬᠤ︾ ᠪᠠᠷ ᠢᠷᠠᠭᠤ ᠠᠯᠳᠠᠷ ᠢᠶᠠᠨ ᠪᠣᠯᠭᠠᠭᠰᠠᠨ ᠴᠠᠭ ᠦᠶ᠎ᠡ ᠳᠤ᠂ ᠲᠠ ᠪᠠᠰᠠ ᠪᠠᠶᠢᠳᠠᠯ ᠢ ᠬᠠᠷᠠᠵᠤ ᠰᠠᠭᠤᠨ᠎ᠠ ᠤᠤ︖ ᠲᠠ ᠪᠠᠰᠠ ᠲᠤᠰᠢᠶᠠᠬᠤ ᠪᠠᠨ ᠵᠣᠭᠰᠣᠵᠤ ᠳᠠᠰᠤᠯᠳᠠᠭᠤᠯᠤᠨ ᠳᠤᠰᠢᠶᠠᠵᠦ ᠪᠠᠶᠢᠨ᠎ᠠ ᠤᠤ︖ ᠲᠠ ᠰᠦᠢᠳᠬᠡᠯ ᠲᠤᠰᠢᠶᠠᠬᠤ ᠨᠠᠰᠤᠨ ᠠᠴᠠ ᠬᠤᠯᠠ ᠭᠡᠵᠦ ᠪᠣᠳᠣᠵᠤ ᠪᠠᠶᠢᠨ᠎ᠠ ᠤᠤ︖ ᠬᠡᠷᠪᠡ ᠲᠠ ᠪᠠᠰᠠ ᠬᠦᠨᠳᠦᠳᠬᠡᠨ ᠦᠵᠡᠬᠦ ᠦᠭᠡᠢ ᠪᠣᠯ ᠠᠰᠢᠭ ᠲᠤᠰᠠ ᠴᠢᠨᠢ ᠬᠤᠬᠢᠷᠠᠯ ᠳᠤ ᠤᠴᠠᠷᠠᠵᠤ᠂ ᠨᠠᠰᠤᠨ ᠤ ᠠᠮᠠᠷᠠᠯᠲᠠ ᠶᠢᠨ ᠬᠠᠷᠠᠭᠠᠯᠵᠠᠯ ᠢ ᠭᠥᠷᠳᠡᠭᠰᠡᠨ ᠤ ᠳᠠᠷᠠᠭ᠎ᠠ ᠪᠤᠰᠤᠳ ᠤᠨ ᠴᠠᠯᠢᠩ ᠠᠴᠠ ᠳᠣᠣᠷ᠎ᠠ ᠪᠠᠶᠢᠳᠠᠭ ᠨᠢ ᠲᠠ ᠪᠣᠯᠣᠨ᠎ᠠ᠂ ᠨᠠᠰᠤᠲᠠᠶᠢᠴᠤᠳ ᠤᠨ ᠠᠮᠢᠳᠤᠷᠠᠯ ᠤᠨ ᠪᠠᠲᠤᠯᠠᠭ᠎ᠠ ᠶᠢᠨ ᠴᠢᠨᠠᠷ ᠢᠶᠠᠷ ᠠᠨᠠᠢ ᠪᠠᠶᠢᠳᠠᠭ ᠨᠢ ᠲᠠ ᠪᠣᠯᠣᠨ᠎ᠠ᠃ ᠲᠡᠷᠡ ᠦᠶ᠎ᠡ ᠳᠤ ᠬᠠᠷᠠᠮᠰᠠᠭᠰᠠᠨ ᠴᠦ ᠤᠷᠤᠶᠢᠳᠠᠴᠢᠬᠠᠨ᠎ᠠ᠂ ᠲᠠ ᠰᠡᠳᠬᠢᠯ ᠳᠦᠪᠳᠡᠨ᠎ᠡ ᠤᠤ︖   ᠳᠥᠷᠪᠡ ᠳᠤ᠂ ᠨᠡᠶᠢᠲᠡ 15 ᠵᠢᠯ ᠰᠦᠢᠳᠬᠡᠯ ᠲᠤᠰᠢᠶᠠᠭᠠᠳ ᠠᠵᠢᠯ ᠠᠴᠠ ᠪᠠᠨ ᠪᠠᠭᠤᠵᠤ ᠠᠮᠠᠷᠠᠬᠤ ᠬᠠᠷᠠᠭᠠᠯᠵᠠᠯ ᠭᠥᠷᠳᠡᠬᠦ ᠨᠠᠰᠤᠨ ᠳᠤ ᠬᠠᠷᠠᠬᠠᠨ ᠭᠦᠷᠦᠭᠡᠳᠦᠶ᠂ ᠦᠷᠭᠦᠯᠵᠢᠯᠡᠨ ᠰᠦᠢᠳᠬᠡᠯ ᠲᠤᠰᠢᠶᠠᠬᠤ ᠴᠢᠬᠤᠯᠠᠲᠠᠢ ᠡᠰᠡᠬᠦ ᠶᠢᠨ ᠲᠤᠬᠠᠢ᠃ ᠵᠠᠷᠴᠢᠮ ᠳᠡᠭᠡᠷ᠎ᠡ ᠪᠠᠨ᠂ ᠨᠡᠶᠢᠲᠡ 15 ᠵᠢᠯ ᠰᠦᠢᠳᠬᠡᠯ ᠲᠤᠰᠢᠶᠠᠭᠠᠳ ᠨᠠᠰᠤᠨ ᠤ ᠠᠮᠠᠷᠠᠯᠲᠠ ᠠᠪᠬᠤ ᠨᠠᠰᠤᠨ ᠳᠤ ᠭᠦᠷᠦᠭᠰᠡᠨ ᠦᠶ᠎ᠡ ᠳᠤ ᠨᠠᠰᠤᠨ ᠤ ᠠᠮᠠᠷᠠᠯᠲᠠ ᠠᠪᠬᠤ ᠭᠠᠷ ᠭᠦᠢᠴᠡᠳᠬᠡᠯ ᠢ ᠭᠦᠢᠴᠡᠳᠬᠡᠵᠦ ᠪᠣᠯᠣᠨ᠎ᠠ᠂ ᠰᠦᠢᠳᠬᠡᠯ ᠲᠤᠰᠢᠶᠠᠬᠤ ᠪᠠᠨ ᠵᠣᠭᠰᠣᠵᠤ ᠪᠣᠯᠣᠨ᠎ᠠ᠃ ᠭᠡᠪᠡᠴᠦ ︽ᠢᠯᠡᠭᠦᠦ ᠲᠤᠰᠢᠶᠠᠪᠠᠯ ᠢᠯᠡᠭᠦᠦ ᠣᠯᠬᠤ᠂ ᠣᠷᠳᠣ ᠲᠤᠰᠢᠶᠠᠪᠠᠯ ᠢᠯᠡᠭᠦᠦ ᠣᠯᠬᠤ᠂ ᠲᠠᠰᠤᠷᠠᠯᠲᠠ ᠦᠭᠡᠢ ᠲᠤᠰᠢᠶᠠᠪᠠᠯ ᠢᠯᠡᠭᠦᠦ ᠣᠯᠬᠤ︾ ᠵᠠᠷᠴᠢᠮ ᠶᠣᠰᠣᠭᠠᠷ᠂ ᠲᠠᠨ ᠤ ᠦᠷᠭᠦᠯᠵᠢᠯᠡᠨ ᠰᠦᠢᠳᠬᠡᠯ ᠲᠤᠰᠢᠶᠠᠬᠤ ᠶᠢ ᠬᠦᠰᠡᠵᠦ ᠪᠠᠶᠢᠨ᠎ᠠ᠂ ᠢᠩᠭᠢᠪᠡᠯ ᠨᠠᠰᠤᠨ ᠤ ᠠᠮᠠᠷᠠᠯᠲᠠ ᠶᠢᠨ ᠬᠠᠷᠠᠭᠠᠯᠵᠠᠯ ᠨᠠᠩ ᠥᠨᠳᠥᠷ ᠪᠣᠯᠵᠤ᠂ ᠨᠠᠰᠤᠲᠠᠶᠢᠴᠤᠳ ᠤᠨ ᠠᠮᠢᠳᠤᠷᠠᠯ ᠨᠠᠩ ᠪᠠᠲᠤᠯᠠᠭ᠎ᠠ ᠲᠠᠢ ᠪᠣᠯᠬᠤ ᠶᠤᠮ᠃ ᠦᠨᠡᠨ ᠢ ᠬᠡᠯᠡᠪᠡᠯ᠂ ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠡᠵᠡᠮᠰᠢᠭᠰᠡᠨ ᠮᠠᠰᠢ ᠣᠯᠠᠨ ᠬᠥᠮᠥᠰ ᠴᠥᠮ ᠠᠷᠭ᠎ᠠ ᠪᠦᠬᠦᠨ ᠢ ᠰᠦᠪᠡᠭᠴᠢᠯᠡᠨ ᠢᠯᠡᠭᠦᠦ ᠰᠦᠢᠳᠬᠡᠯ ᠲᠤᠰᠢᠶᠠᠵᠤ ᠪᠠᠶᠢᠨ᠎ᠠ᠃ ᠲᠠᠨ ᠳᠤ ᠡᠶᠢᠮᠦ ᠲᠣᠬᠢᠶᠠᠯ ᠪᠠᠶᠢᠬᠤ ᠳᠤ ᠶᠠᠭᠤᠨ ᠳᠤ ᠲᠠᠶᠠᠭᠳᠠᠬᠤ ᠪᠤᠢ︖   ᠳᠥᠷᠪᠡ᠂ ᠠᠰᠠᠭᠤᠨ ᠯᠠᠪᠯᠠᠬᠤ ᠵᠢᠯᠣᠭᠤᠳᠤᠮᠵᠢ ᠲᠠ ᠪᠦᠬᠦᠨ ᠤ ᠨᠡᠶᠢᠭᠡᠮ ᠤᠨ ᠳᠠᠭᠠᠳᠬᠠᠯ ᠤᠨ ᠠᠵᠢᠯ ᠢ ᠤᠶᠢᠯᠠᠭᠠᠨ ᠳᠡᠮᠵᠢᠭᠰᠡᠨ ᠳᠤ ᠴᠢᠨᠢ ᠳᠠᠬᠢᠨᠲᠠ ᠲᠠᠯᠠᠷᠬᠠᠵᠤ ᠪᠠᠶᠢᠨ᠎ᠠ᠂ ᠨᠠᠩ ᠴᠤ ᠲᠠᠨ ᠤ ᠳᠠᠭᠠᠳᠬᠠᠯ ᠳᠤ ᠤᠷᠤᠯᠴᠠᠨ᠂ ᠡᠭᠦᠨ ᠤ ᠳᠤᠮᠳᠠ ᠠᠴᠠ ᠠᠰᠢᠭ ᠭᠥᠷᠳᠡᠬᠦ ᠶᠢ ᠴᠢᠨᠢ ᠬᠦᠰᠡᠵᠦ ᠪᠠᠶᠢᠨ᠎ᠠ᠃ ᠬᠡᠷᠪᠡ ᠲᠠ ᠲᠥᠷᠥ ᠶᠢᠨ ᠪᠣᠳᠣᠯᠭ᠎ᠠ ᠶᠢᠨ ᠯᠠᠪᠯᠠᠯᠲᠠ ᠶᠢᠨ ᠱᠠᠭᠠᠷᠳᠠᠯᠭ᠎ᠠ ᠲᠠᠢ ᠪᠣᠯ᠂  ᠬᠠᠷᠢᠯᠴᠠᠬᠤ ᠤᠳᠠᠰᠤ᠄ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠠᠰᠠᠭᠤᠨ ᠵᠦᠪᠯᠡᠪᠡᠯ 3523085᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠠᠰᠠᠭᠤᠨ ᠵᠦᠪᠯᠡᠪᠡᠯ 3523049 ᠳᠤ ᠤᠳᠠᠰᠤᠳᠠᠨ ᠠᠰᠠᠭᠤᠭᠠᠷᠠᠢ᠃ ᠡᠭᠦᠨ ᠤ ᠬᠠᠮᠲᠤ᠂ ᠲᠠᠨ ᠤ ᠨᠡᠶᠢᠭᠡᠮ ᠤᠨ ᠪᠠᠲᠤᠯᠠᠭ᠎ᠠ ᠶᠢᠨ ᠠᠵᠢᠯ ᠳᠤ ᠬᠢᠨᠠᠯᠲᠠ ᠲᠠᠯᠪᠢᠵᠤ ᠬᠠᠷᠢᠭᠤ ᠲᠤᠰᠬᠠᠬᠤ ᠶᠢ ᠪᠠᠶᠠᠷᠯᠠᠨ ᠤᠭᠲᠤᠵᠤ ᠪᠠᠶᠢᠨ᠎ᠠ᠂  ᠲᠠ ᠰᠠᠨᠠᠯ ᠰᠠᠨᠠᠭᠤᠯᠭ᠎ᠠ ᠪᠠᠨ 15947092348 ᠳᠤ ᠤᠳᠠᠰᠤᠳᠠᠨ ᠬᠠᠷᠢᠭᠤ ᠲᠤᠰᠬᠠᠬᠤ ᠪᠣᠯᠪᠠᠤ᠃ ᠬᠡᠷᠪᠡ ᠲᠠ ᠨᠡᠶᠢᠭᠡᠮ ᠤᠨ ᠳᠠᠭᠠᠳᠬᠠᠯ ᠤᠨ ᠠᠵᠢᠯ ᠤᠨ ᠨᠠᠩ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠣᠶᠢᠯᠠᠭᠠᠶ᠎ᠠ ᠭᠡᠪᠡᠯ᠂ ︽ᠪᠠᠷᠠᠭᠤᠨ ᠦᠵᠦᠮᠦᠴᠢᠨ ᠬᠤᠰᠢᠭᠤᠨ ᠤ ᠨᠡᠶᠢᠭᠡᠮ ᠤᠨ ᠳᠠᠭᠠᠳᠬᠠᠯ︾ ᠨᠡᠶᠢᠲᠡ ᠶᠢᠨ ᠳ᠋ᠤᠭᠠᠷ ᠳᠤ ᠠᠩᠬᠠᠷᠤᠯ ᠢᠶᠠᠨ ᠬᠠᠨᠳᠤᠭᠤᠯᠪᠠᠯ ᠲᠠᠨ ᠳᠤ ᠨᠡᠯᠢᠶᠡᠳ ᠬᠠᠨᠤᠮᠵᠢᠲᠠᠶ ᠬᠠᠷᠢᠭᠤᠯᠲᠠ ᠥᠭᠬᠦ ᠪᠣᠯᠣᠨ᠎ᠠ᠃   ᠬᠠᠮᠤᠭ ᠰᠡᠬᠦᠯ ᠳᠤ᠂ ᠲᠠᠨ ᠤ ᠨᠠᠰᠤᠲᠠᠶᠢᠴᠤᠳ ᠤᠨ ᠠᠮᠢᠳᠤᠷᠠᠯ ᠤᠨ ᠴᠢᠨᠠᠷ ᠴᠢᠨᠰᠠᠭ᠎ᠠ ᠪᠠᠨ ᠰᠠᠶᠢᠲᠤᠷ ᠪᠠᠲᠤᠯᠠᠬᠤ ᠪᠠᠷ ᠣᠳᠣ ᠠᠴᠠ ᠡᠬᠢᠯᠡᠨ ᠠᠵᠢᠯᠯᠠᠭ᠎ᠠ ᠠᠪᠴᠤ᠂ ᠳᠠᠷᠤᠶᠢᠬᠠᠨ ᠳᠠᠭᠠᠳᠬᠠᠯ ᠳᠤ ᠣᠷᠣᠵᠤ᠂ ᠳᠠᠷᠤᠶᠢᠬᠠᠨ ᠰᠦᠢᠳᠬᠡᠯ ᠲᠤᠰᠢᠶᠠᠬᠤ ᠶᠢ ᠬᠦᠰᠡᠵᠦ ᠪᠠᠶᠢᠨ᠎ᠠ︕            ᠪᠠᠷᠠᠭᠤᠨ ᠦᠵᠦᠮᠦᠴᠢᠨ ᠬᠤᠰᠢᠭᠤᠨ ᠤ ᠨᠡᠶᠢᠭᠡᠮ ᠤᠨ ᠳᠠᠭᠠᠳᠬᠠᠯ ᠤᠨ  ᠠᠵᠢᠯ ᠦᠢᠯᠡᠰ ᠤᠨ ᠦᠢᠯᠡᠴᠢᠯᠡᠭᠡᠨ ᠤ ᠲᠥᠪ                  2023 ᠣᠨ ᠤ 11 ᠰᠠᠷ᠎ᠠ ᠶᠢᠨ 1 ᠤ  ᠡᠳᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号