ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠬᠦ ᠠᠷᠠᠳ ᠤᠨ ᠡᠷᠡᠭᠦᠯ ᠮᠡᠨᠳᠦ ᠶᠢᠨ ᠦᠢᠯᠡᠰ ᠲᠤ | ᠦᠢᠯᠡᠴᠢᠯᠡᠨ᠎ᠡ | | ᠪᠠᠷᠠᠭᠤᠨ ᠦᠵᠦᠮᠦᠴᠢᠨ ᠬᠤᠰᠢᠭᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ ᠪᠠᠷᠠᠭᠤᠨ | ᠦᠵᠦᠮᠦᠴᠢᠨ ᠬᠤᠰᠢᠭᠤᠨ ᠤ ︽ᠭᠠᠯ ᠬᠤᠷᠳᠤ︾ ᠮᠣᠷᠢᠨ ᠤ ᠦᠢᠯᠡᠰ ᠤᠨ ᠨᠡᠶᠢᠭᠡᠮᠯᠢᠭ ᠤᠨ ᠬᠠᠮᠲᠤᠷᠠᠨ ᠡᠷᠭᠢᠯᠡᠭᠰᠡᠨ | ᠭᠠᠷᠠᠭ ᠤᠨ ᠰᠡᠭᠦᠯᠴᠢ ᠳᠤ ᠮᠣᠷᠢ ᠤᠨᠤᠵᠤ ᠪᠡᠶ᠎ᠡ ᠴᠢᠭᠢᠷᠠᠭᠵᠢᠭᠤᠯᠬᠤ ᠠᠵᠢᠯᠯᠠᠭ᠎ᠠ 10 ᠰᠠᠷ᠎ᠠ ᠶᠢᠨ 28 ᠤ ᠡᠳᠦᠷ | ᠴᠠᠭᠠᠨ ᠠᠳᠤᠭᠤᠨ ᠤ ᠰᠠᠭᠤᠷᠢᠨ ᠭᠠᠵᠠᠷ ᠲᠤ ᠡᠬᠢᠯᠡᠭᠰᠡᠨ ᠪᠠᠶᠢᠨ᠎ᠠ᠃ | ᠲᠣᠰ ᠤᠳᠠᠭᠠᠨ ᠤ ᠠᠵᠢᠯᠯᠠᠭ᠎ᠠ ᠨᠢ ᠶᠡᠷᠦᠩᠬᠡᠢ ᠱᠦᠵᠢ ᠶᠢᠨ ᠳᠤᠷᠠᠳᠤᠭᠰᠠᠨ ︽ᠮᠣᠩᠭᠤᠯ ᠮᠣᠷᠢᠨ ᠤ ᠵᠣᠷᠢᠭ | ᠰᠠᠨᠠᠭ᠎ᠠ︾ ᠶᠢ ᠪᠠᠳᠠᠷᠠᠭᠤᠯᠤᠨ ᠦᠢᠯᠡᠳᠦᠯᠭᠡᠵᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ | ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠵᠠᠯᠭᠠᠮᠵᠢᠯᠠᠨ | ᠪᠠᠳᠠᠷᠠᠭᠤᠯᠬᠤ ᠶᠢ ᠲᠦᠯᠬᠢᠨ ᠠᠬᠢᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ᠪᠡᠶ᠎ᠡ ᠶᠢᠨ ᠲᠠᠮᠢᠷ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠪᠦᠬᠦ ᠠᠷᠠᠳ ᠤᠨ ᠡᠷᠡᠭᠦᠯ ᠮᠡᠨᠳᠦ ᠶᠢᠨ ᠦᠢᠯᠡᠰ ᠲᠤ | ᠦᠢᠯᠡᠴᠢᠯᠡᠬᠦ ᠶᠢᠨ ᠬᠠᠮᠲᠤ᠂ ᠬᠡᠦᠬᠡᠳ ᠤᠳ ᠤᠨ ︽ᠰᠢᠨᠲᠠᠷᠠᠰᠢ ᠦᠭᠡᠢ ᠬᠦᠴᠢᠷ ᠪᠡᠷᠬᠡ ᠶᠢ ᠳᠠᠪᠠᠨ ᠳᠤᠭᠤᠯᠵᠤ᠂ | ᠤᠷᠤᠭᠰᠢᠯᠠᠨ ᠳᠠᠪᠰᠢᠬᠤ ᠵᠣᠷᠢᠭ ᠰᠠᠨᠠᠭ᠎ᠠ︾ ᠶᠢ ᠰᠤᠷᠤᠯᠴᠠᠬᠤ ᠤᠷᠮ᠎ᠠ ᠪᠠᠬ᠎ᠠ ᠶᠢ ᠬᠥᠭᠵᠢᠭᠡᠬᠦ ᠳᠤ ᠴᠢᠬᠤᠯᠠ ᠪᠦᠬᠦᠢ | ᠠᠴᠢ ᠬᠤᠯᠪᠤᠭᠳᠠᠯ ᠲᠠᠢ ᠶᠤᠮ᠃ | ᠠᠵᠢᠯᠯᠠᠭ᠎ᠠ ᠪᠠᠷ ᠳᠠᠮᠵᠢᠭᠤᠯᠤᠨ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠮᠣᠩᠭᠤᠯ ᠮᠣᠷᠢᠨ ᠤ | ᠰᠣᠶᠣᠯ ᠢ ᠵᠠᠯᠭᠠᠮᠵᠢᠯᠠᠬᠤ ᠳᠤ ᠬᠦᠴᠦ ᠨᠡᠮᠡᠷᠢᠯᠡᠨ᠂ ᠲᠠᠯ᠎ᠠ ᠨᠤᠲᠤᠭ ᠤᠨ ᠬᠥᠪᠡᠭᠦᠳ ᠥᠬᠢᠳ ᠤᠨ ᠤᠳᠬ᠎ᠠ | ᠠᠭᠤᠯᠭ᠎ᠠ ᠳᠡᠭᠦᠯᠳᠡᠷ ᠭᠠᠷᠠᠭ ᠤᠨ ᠰᠡᠭᠦᠯᠴᠢ ᠪᠠᠨ ᠥᠩᠭᠡᠷᠡᠭᠦᠯᠬᠦ ᠶᠢᠨ ᠵᠡᠷᠭᠡ ᠳᠤ᠂ ᠪᠦᠬᠦ ᠠᠷᠠᠳ ᠤᠨ ᠡᠷᠡᠭᠦᠯ | ᠮᠡᠨᠳᠦ ᠶᠢ ᠴᠢᠬᠤᠯᠠᠴᠢᠯᠠᠬᠤ ᠤᠬᠠᠮᠰᠠᠷ ᠢ ᠳᠡᠭᠡᠭᠰᠢᠯᠡᠭᠦᠯᠵᠦ᠂ ᠮᠣᠷᠢ ᠤᠨᠤᠵᠤ ᠪᠡᠶ᠎ᠡ ᠴᠢᠭᠢᠷᠠᠭᠵᠢᠭᠤᠯᠬᠤ ᠢᠳᠡᠪᠬᠢ | ᠬᠦᠴᠦᠨ ᠢ ᠳᠠᠮᠵᠢᠭᠤᠯᠵᠠᠢ᠃ |