ᠪᠠᠷᠠᠭᠤᠨ ᠦᠵᠦᠮᠦᠴᠢᠨ ᠬᠤᠰᠢᠭᠤᠨ ᠤ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢᠨ | ᠦᠢᠯᠡᠳᠪᠦᠷᠢᠯᠡᠯ ᠤᠨ ᠠᠵᠤ ᠠᠬᠤᠶᠢᠯᠠᠯ ︽ᠪᠣᠬᠢᠷᠲᠤᠯ ᠦᠭᠡᠢ ᠶᠢᠨ ᠢᠳᠡᠭᠡᠨ ᠤ ᠦᠵᠡᠰᠬᠦᠯᠡᠩ︾ ᠳᠤ ᠣᠷᠣᠯᠴᠠᠪᠠ | | 2023 ᠣᠨ ᠤ 11 ᠰᠠᠷ᠎ᠠ ᠶᠢᠨ 17 ᠤ ᠡᠳᠦᠷ᠂ ᠳᠤᠮᠳᠠᠳᠤ ᠤᠯᠤᠰ ᠤᠨ ᠠᠷᠪᠠᠨ ᠲᠠᠪᠤᠳᠤᠭᠠᠷ | ᠬᠤᠭᠤᠴᠠᠭᠠᠨ ᠤ ᠪᠣᠬᠢᠷᠲᠤᠯ ᠦᠭᠡᠢ ᠢᠳᠡᠭᠡᠨ ᠤ ᠦᠵᠡᠰᠬᠦᠯᠡᠩ ᠤᠨ ᠴᠤᠭᠯᠠᠭᠠᠨ ᠵᠢᠶᠠᠩᠰᠢ ᠮᠤᠵᠢ ᠶᠢᠨ | ᠨᠠᠨᠴᠠᠩ ᠤᠨ ᠣᠯᠠᠨ ᠤᠯᠤᠰ ᠤᠨ ᠦᠵᠡᠰᠬᠦᠯᠡᠩ ᠤᠨ ᠲᠥᠪ ᠲᠤ ᠡᠬᠢᠯᠡᠪᠡ᠃ ᠲᠤᠰ ᠬᠤᠭᠤᠴᠠᠭᠠᠨ ᠤ | ᠦᠵᠡᠰᠬᠦᠯᠡᠩ ᠤᠨ ᠴᠤᠭᠯᠠᠭᠠᠨ ᠨᠢ ︽ᠰᠢᠨ᠎ᠡ ᠬᠢᠯᠠᠰ ᠴᠡᠭ᠂ ᠰᠢᠨ᠎ᠡ ᠣᠷᠴᠢᠨ᠂ ᠰᠢᠨ᠎ᠡ ᠰᠢᠪᠲᠤᠯᠤᠯᠲᠠ᠂ ᠰᠢᠨ᠎ᠡ | ᠬᠡᠷᠡᠭᠯᠡᠭᠡ︾ ᠪᠠᠷ ᠭᠤᠣᠯ ᠰᠡᠳᠦᠪ ᠪᠣᠯᠭᠠᠨ᠂ 4 ᠡᠳᠦᠷ ᠶᠠᠪᠤᠭᠳᠠᠵᠤ᠂ ᠡᠯ᠎ᠡ ᠭᠠᠵᠠᠷ ᠤᠨ ᠪᠣᠬᠢᠷᠲᠤᠯ ᠦᠭᠡᠢ | ᠢᠳᠡᠭᠡᠨ ᠪᠣᠯᠣᠨ ︽ᠨᠤᠲᠤᠭ ᠤᠨ ᠣᠨᠴᠠ ᠭᠠᠷᠤᠯᠲᠠ︾ ᠶᠢᠨ ᠠᠵᠤ ᠦᠢᠯᠡᠰ ᠤᠨ ᠡᠬᠢ ᠪᠠᠶᠠᠯᠢᠭ ᠪᠣᠯᠣᠨ | ᠬᠥᠭᠵᠢᠯᠲᠡ ᠶᠢᠨ ᠳᠠᠪᠠᠭᠤᠯᠢᠭ ᠢ ᠭᠦᠢᠴᠡᠳ ᠬᠠᠷᠠᠭᠤᠯᠤᠨ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠪᠦᠲᠦᠮᠵᠢᠲᠡᠢ | ᠵᠣᠯᠭᠠᠭᠤᠯᠤᠨ ᠬᠥᠲᠥᠯᠥᠨ ᠳᠠᠭᠠᠭᠤᠯᠵᠤ᠂ ᠪᠣᠬᠢᠷᠲᠤᠯ ᠦᠭᠡᠢ ᠬᠡᠷᠡᠭᠯᠡᠭᠡ ᠶᠢᠨ ᠲᠡᠰ ᠳᠡᠪᠰᠢᠬᠦ ᠶᠢ ᠠᠬᠢᠭᠤᠯᠵᠤ᠂ | ᠪᠣᠬᠢᠷᠲᠤᠯ ᠦᠭᠡᠢ ᠢᠳᠡᠭᠡᠨ ᠪᠣᠯᠣᠨ ︽ᠨᠤᠲᠤᠭ ᠤᠨ ᠣᠨᠴᠠ ᠭᠠᠷᠤᠯᠲᠠ︾ ᠶᠢᠨ ᠠᠵᠤ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠪᠠ᠃ | ᠪᠠᠷᠠᠭᠤᠨ ᠦᠵᠦᠮᠦᠴᠢᠨ ᠤ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠷᠡᠲᠦ ᠲᠡᠮᠳᠡᠭᠲᠦ ᠶᠢᠨ | ᠠᠯᠳᠠᠷᠰᠢᠯ ᠢ ᠦᠨᠡᠨᠬᠦ ᠳᠡᠭᠡᠭᠰᠢᠯᠡᠭᠦᠯᠦᠨ᠂ ᠮᠠᠨ ᠤ ᠬᠤᠰᠢᠭᠤᠨ ᠤ ᠪᠠᠨ ᠪᠣᠬᠢᠷᠲᠤᠯ ᠦᠭᠡᠢ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠨᠡᠷᠡᠲᠦ ᠲᠡᠮᠳᠡᠭᠲᠦ ᠶᠢᠨ ᠤᠬᠠᠭᠤᠯᠭ᠎ᠠ ᠶᠢᠨ ᠬᠦᠴᠦᠯᠡᠴᠡ ᠶᠢ ᠦᠷᠭᠦᠯᠵᠢᠯᠡᠨ | ᠥᠷᠭᠡᠳᠬᠡᠬᠦ ᠶᠢᠨ ᠲᠤᠰᠠᠳᠠ᠂ ᠪᠠᠷᠠᠭᠤᠨ ᠦᠵᠦᠮᠦᠴᠢᠨ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ | ᠨᠢ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠲᠣᠰ ᠤᠳᠠᠭᠠᠨ ᠤ ︽ | ᠪᠣᠬᠢᠷᠲᠤᠯ ᠦᠭᠡᠢ ᠢᠳᠡᠭᠡᠨ ᠤ ᠦᠵᠡᠰᠬᠦᠯᠡᠩ ᠤᠨ ᠴᠤᠭᠯᠠᠭᠠᠨ︾ ᠤ ᠠᠵᠠ ᠲᠣᠬᠢᠶᠠᠯ ᠢ ᠠᠮᠵᠢᠨ᠂ 11 ᠰᠠᠷ᠎ᠠ ᠶᠢᠨ | 17 ᠤ ᠡᠳᠦᠷ ᠠᠴᠠ 11 ᠰᠠᠷ᠎ᠠ ᠶᠢᠨ 20 ᠤ ᠡᠳᠦᠷ ᠪᠣᠯᠲᠠᠯ᠎ᠠ᠂ ᠮᠠᠨ ᠤ ᠬᠤᠰᠢᠭᠤᠨ ᠤ ᠥᠪᠥᠷ ᠮᠣᠩᠭᠤᠯ ᠤᠨ | ᠶᠤᠸᠠᠨ ᠱᠧᠩ ᠢᠳᠡᠭᠡᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠢ ᠶᠣᠣ ᠢᠳᠡᠭᠡᠨ ᠤ ᠬᠢᠵᠠᠭᠠᠷᠲᠤ | ᠺᠣᠮᠫᠠᠨᠢ᠂ ᠥᠪᠥᠷ ᠮᠣᠩᠭᠤᠯ ᠤᠨ ᠴᠡᠩᠭᠡᠯ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠵᠡᠷᠭᠡ ᠪᠣᠬᠢᠷᠲᠤᠯ ᠦᠭᠡᠢ | ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠠᠵᠤ ᠠᠬᠤᠶᠢᠯᠠᠯ ᠢ ᠢᠳᠡᠪᠬᠢᠲᠡᠢ ᠵᠣᠬᠢᠶᠠᠨ ᠪᠠᠶᠢᠭᠤᠯᠤᠨ | ᠳᠠᠭᠠᠭᠤᠯᠵᠤ ᠨᠠᠨᠴᠠᠩ ᠬᠤᠲᠠ ᠳᠤ ᠬᠦᠷᠴᠦ ᠦᠵᠡᠰᠬᠦᠯᠡᠩ ᠳᠤ ᠣᠷᠣᠯᠴᠠᠵᠠᠢ᠃ | ᠲᠤᠰ ᠤᠳᠠᠭᠠᠨ ᠤ ᠦᠵᠡᠰᠬᠦᠯᠡᠩ ᠤᠨ ᠴᠤᠭᠯᠠᠭᠠᠨ ᠳᠤ᠂ ᠦᠵᠡᠰᠬᠦᠯᠡᠩ ᠳᠤ ᠣᠷᠣᠯᠴᠠᠭᠰᠠᠨ ᠮᠠᠨ ᠤ | ᠬᠤᠰᠢᠭᠤᠨ ᠤ ᠠᠵᠤ ᠠᠬᠤᠶᠢᠯᠠᠯ ᠬᠤᠷᠠᠭᠠᠨ ᠮᠢᠬ᠎ᠠ᠂ ᠭᠦᠵᠡᠭᠡᠨ ᠳᠤ ᠪᠣᠭᠤᠭᠰᠠᠨ ᠮᠢᠬ᠎ᠠ᠂ ᠬᠤᠨᠢᠨ ᠤ ᠬᠠᠪᠢᠷᠭ᠎ᠠ᠂ | ᠠᠳᠤᠭᠤᠨ ᠤ ᠪᠣᠷᠴᠠ᠂ ᠦᠬᠡᠷ ᠤᠨ ᠪᠣᠷᠴᠠ ᠵᠡᠷᠭᠡ ᠶᠢ ᠦᠵᠡᠭᠦᠯᠦᠯᠭᠡ ᠶᠢᠨ ᠲᠤᠬᠠᠢ ᠶᠢᠨ ᠲᠠᠯᠠᠪᠠᠢ ᠳᠤ ᠳᠡᠯᠭᠡᠨ | ᠦᠵᠡᠭᠦᠯᠪᠡ᠃ ᠨᠤᠲᠤᠭ ᠤᠨ ᠣᠨᠴᠠᠯᠢᠭᠲᠤ ᠣᠯᠠᠨ ᠪᠦᠲᠦᠭᠡᠭᠳᠡᠬᠦᠨ ᠤ ᠦᠵᠡᠭᠦᠯᠦᠯᠭᠡ ᠡᠬᠢᠯᠡᠮᠡᠭᠴᠡ᠂ ᠪᠠᠷᠠᠭᠤᠨ | ᠦᠵᠦᠮᠦᠴᠢᠨ ᠬᠤᠰᠢᠭᠤᠨ ᠤ ᠦᠵᠡᠰᠬᠦᠯᠡᠩ ᠳᠤ ᠣᠷᠣᠯᠴᠠᠭᠰᠠᠨ ᠠᠵᠤ ᠠᠬᠤᠶᠢᠯᠠᠯ ᠤᠨ ᠪᠦᠲᠦᠭᠡᠭᠳᠡᠬᠦᠨ ᠢ ᠣᠯᠠᠨ | ᠬᠤᠳᠠᠯᠳᠤᠭᠠᠴᠢᠨ᠂ ᠬᠡᠷᠡᠭᠯᠡᠭᠴᠢᠳ ᠰᠣᠨᠢᠷᠬᠠᠨ ᠦᠵᠡᠪᠡ᠃ ᠮᠠᠨ ᠤ ᠬᠤᠰᠢᠭᠤᠨ ᠤ ᠥᠪᠥᠷ ᠮᠣᠩᠭᠤᠯ ᠤᠨ ᠶᠤᠸᠠᠨ | ᠱᠧᠩ ᠢᠳᠡᠭᠡᠨ ᠤ ᠬᠢᠵᠠᠭᠠᠷᠲᠤ ᠺᠣᠮᠫᠠᠨᠢ ᠨᠢ ᠨᠠᠨᠴᠠᠩ ᠤᠨ ᠷᠠᠳᠢᠣ᠋ ᠲᠧᠯᠸᠢᠰ ᠬᠤᠷᠢᠶᠠᠨ ᠤ ᠲᠤᠰᠬᠠᠢ | ᠰᠣᠷᠪᠤᠯᠵᠢᠯᠠᠭ᠎ᠠ ᠶᠢ ᠬᠦᠯᠢᠶᠡᠵᠡᠢ᠃ ᠲᠣᠰ ᠤᠳᠠᠭᠠᠨ ᠤ ︽ᠪᠣᠬᠢᠷᠲᠤᠯ ᠦᠭᠡᠢ ᠢᠳᠡᠭᠡᠨ ᠤ ᠦᠵᠡᠰᠬᠦᠯᠡᠩ ᠤᠨ | ᠴᠤᠭᠯᠠᠭᠠᠨ︾ ᠳᠤ ᠣᠷᠣᠯᠴᠠᠬᠤ ᠪᠠᠷ ᠳᠡᠮᠵᠢᠨ᠂ ᠮᠠᠨ ᠤ ᠬᠤᠰᠢᠭᠤᠨ ᠤ ᠨᠤᠲᠤᠭ ᠤᠨ ᠣᠨᠴᠠᠯᠢᠭᠲᠤ | ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢᠨ ᠪᠣᠷᠤᠯᠠᠭᠤᠯᠭ᠎ᠠ ᠶᠢᠨ ᠠᠷᠭ᠎ᠠ ᠵᠠᠮ ᠢ ᠤᠯᠠᠮ ᠨᠢᠭᠡ ᠠᠯᠬᠤᠮ | ᠥᠷᠭᠡᠳᠬᠡᠵᠦ᠂ ᠦᠵᠡᠰᠬᠦᠯᠡᠩ ᠤᠨ ᠴᠤᠭᠯᠠᠭᠠᠨ ᠤ ᠬᠡᠯᠪᠡᠷᠢ ᠪᠠᠷ ᠳᠠᠮᠵᠢᠭᠤᠯᠤᠨ᠂ ᠪᠦᠲᠦᠭᠡᠭᠳᠡᠬᠦᠨ ᠤ ᠨᠠᠷᠠᠲᠤ | ᠲᠡᠮᠳᠡᠭᠲᠦ ᠭᠡᠬᠦ ︽ᠬᠡᠯᠪᠡᠷᠢ ᠦᠭᠡᠢ ᠥᠷᠲᠡᠭ︾ ᠢ ︽ᠬᠡᠯᠪᠡᠷᠢ ᠪᠦᠬᠦᠢ ᠬᠥᠷᠥᠩᠭᠡ︾ ᠪᠣᠯᠭᠠᠨ ᠬᠤᠪᠢᠷᠠᠭᠤᠯᠬᠤ ᠳᠤ | ᠬᠦᠴᠦ ᠨᠡᠮᠡᠷᠢᠯᠡᠵᠦ᠂ ᠠᠵᠤ ᠠᠬᠤᠶᠢᠯᠠᠯ ᠤᠨ ᠬᠤᠶᠢᠰᠢᠳᠠ ᠶᠢᠨ ᠬᠥᠭᠵᠢᠯᠲᠡ ᠳᠤ ᠰᠢᠨ᠎ᠡ ᠰᠡᠳᠬᠢᠮᠵᠢ ᠬᠠᠩᠭᠠᠵᠤ᠂ | ᠡᠭᠦᠨ ᠤ ᠤᠯᠠᠮ ᠢᠶᠠᠷ ᠮᠠᠨ ᠤ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠰᠠᠭᠤᠷᠢ ᠶᠢ ᠪᠠᠲᠤᠳᠬᠠᠭᠰᠠᠨ ᠪᠠᠶᠢᠨ᠎ᠠ᠃ | |