ᠦᠵᠡᠯ ᠰᠠᠨᠠᠭ᠎ᠠ ᠶᠢ ᠰᠤᠷᠤᠯᠴᠠᠵᠤ ᠨᠠᠮᠴᠢ ᠴᠢᠨᠠᠷ ᠢ ᠴᠢᠩᠭᠠᠳᠬᠠᠵᠤ ᠦᠢᠯᠡᠳᠦᠯᠭᠡ ᠶᠢ ᠴᠢᠬᠤᠯᠠᠴᠢᠯᠠᠵᠤ ᠰᠢᠨ᠎ᠡ | ᠭᠠᠪᠢᠶ᠎ᠠ ᠪᠠᠶᠢᠭᠤᠯᠰᠤᠭᠠᠢ | ᠴᠠᠰᠤ ᠰᠢᠭᠤᠷᠭᠠᠨ ᠳᠤᠮᠳᠠ ᠵᠠᠮ ᠬᠠᠷᠢᠯᠴᠠᠭᠠᠨ ᠤ ᠠᠵᠢᠯᠲᠠᠨ ᠲᠠᠨ ᠤᠠᠮᠤᠷ ᠲᠦᠪᠰᠢᠨ ᠤ ᠲᠥᠯᠥᠭᠡ | ᠬᠠᠲᠠᠭᠤᠵᠢᠯᠲᠠᠢ ᠠᠵᠢᠯᠯᠠᠨ᠎ᠠ | | ᠴᠠᠰᠤ ᠰᠢᠭᠤᠷᠭᠠᠨ ᠲᠠᠢ ᠠᠭᠤᠷ ᠠᠮᠢᠰᠬᠤᠯ ᠤᠨ ᠳᠣᠣᠷ᠎ᠠ᠂ ᠵᠠᠮ ᠲᠡᠭᠡᠭᠡᠪᠦᠷᠢ ᠶᠢᠨ ᠠᠮᠤᠷ ᠲᠦᠪᠰᠢᠨ ᠢ | ᠪᠠᠲᠤᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠲᠤᠰᠠᠳᠠ᠂ ᠪᠠᠷᠠᠭᠤᠨ ᠦᠵᠦᠮᠦᠴᠢᠨ | ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ︽ᠨᠡᠪᠲᠡᠷᠡᠬᠦ ᠶᠢ ᠪᠠᠲᠤᠯᠠᠬᠤ᠂ ᠰᠠᠭᠠᠳ ᠦᠭᠡᠢ ᠶᠢ ᠪᠠᠲᠤᠯᠠᠬᠤ᠂ | ᠠᠮᠤᠷ ᠲᠦᠪᠰᠢᠨ ᠢ ᠪᠠᠲᠤᠯᠠᠬᠤ︾ ᠭᠤᠣᠯ ᠣᠶᠢᠯᠠᠭᠠᠭᠳᠠᠬᠤᠨ ᠢ ᠪᠠᠲᠤᠳᠬᠠᠨ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠭᠲᠠᠴᠠ ᠶᠢ ᠴᠠᠭ ᠲᠤᠬᠠᠢ ᠳᠤᠨᠢ ᠡᠬᠢᠯᠡᠭᠦᠯᠵᠦ᠂ ᠴᠠᠭ ᠠᠭᠤᠷ ᠤᠨ ᠪᠠᠶᠢᠳᠠᠯ ᠢ ᠨᠢᠭᠲᠠ | ᠠᠩᠬᠠᠷᠤᠨ᠂ ᠬᠠᠷᠢᠶ᠎ᠠ ᠣᠷᠣᠨ ᠤ ᠵᠠᠰᠠᠮᠠᠯ ᠵᠠᠮ ᠢ ᠲᠣᠭᠤᠷᠢᠨ ᠪᠠᠶᠢᠴᠠᠭᠠᠬᠤ ᠪᠠ ᠠᠮᠤᠷ ᠲᠦᠪᠰᠢᠨ ᠤ ᠭᠡᠮ ᠰᠣᠭᠤᠭ ᠢ | ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠤ ᠶᠠᠪᠤᠵᠤ | ᠰᠠᠭᠤᠬᠤ ᠶᠢᠨ ᠠᠮᠤᠷ ᠲᠦᠪᠰᠢᠨ ᠢ ᠬᠠᠮᠠᠭᠠᠯᠠᠵᠤ ᠪᠣᠢ᠃ | | | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠶᠢᠷᠢᠯᠠᠭᠤᠯᠤᠯᠲᠠ ᠶᠢ ᠴᠢᠩᠭᠠᠳᠬᠠᠪᠠ᠃ ᠬᠤᠰᠢᠭᠤ ᠵᠠᠮ | ᠲᠡᠭᠡᠭᠡᠪᠦᠷᠢ ᠶᠢᠨ ᠲᠣᠪᠴᠢᠶ᠎ᠠ ᠣᠶᠢᠷ᠎ᠠ ᠶᠢᠨ ᠡᠳᠦᠷ ᠤᠨ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ | ᠠᠯᠪᠠᠨ ᠤ ᠲᠠᠯ᠎ᠠ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠡᠯ᠎ᠡ ᠠᠵᠢᠯ ᠤᠨ ᠸᠢᠴᠠᠲ ᠬᠤᠯᠪᠣᠭᠠᠨ ᠳᠠᠭᠠᠨ | ᠣᠨᠣᠪᠴᠢᠲᠠᠶ ᠨᠡᠶᠢᠲᠡᠯᠡᠵᠦ᠂ ᠲᠤᠰ ᠰᠢᠰᠲ᠋ᠧᠮ ᠤᠨ ᠢᠶᠠᠨ ᠡᠯ᠎ᠡ ᠨᠢᠭᠡᠴᠡ᠂ ᠡᠯ᠎ᠡ ᠬᠢᠨᠠᠨ ᠬᠠᠮᠢᠶᠠᠷᠬᠤ ᠠᠵᠤ | ᠠᠬᠤᠶᠢᠯᠠᠯ ᠤᠨ ᠴᠠᠭ ᠠᠭᠤᠷ ᠤᠨ ᠬᠤᠪᠢᠷᠠᠯᠲᠠ ᠶᠢᠨ ᠪᠠᠶᠢᠳᠠᠯ ᠢ ᠤᠷᠢᠳᠴᠢᠯᠠᠨ ᠡᠵᠡᠮᠰᠢᠬᠦ ᠶᠢ ᠪᠠᠲᠤᠯᠠᠬᠤ ᠶᠢᠨ | ᠬᠠᠮᠲᠤ᠂ ᠴᠠᠰᠤ ᠣᠷᠣᠬᠤ ᠶᠢ ᠤᠷᠢᠳᠴᠢᠯᠠᠨ ᠰᠡᠷᠡᠮᠵᠢᠯᠡᠭᠦᠯᠦᠭᠰᠡᠨ ᠴᠠᠭ ᠠᠭᠤᠷ ᠤᠨ ᠮᠡᠳᠡᠭᠡ ᠵᠠᠩᠭᠢ ᠶᠢ | ᠦᠨᠳᠦᠰᠦᠯᠡᠨ᠂ ᠵᠠᠮ ᠬᠠᠷᠢᠯᠴᠠᠭᠠᠨ ᠤ ᠲᠣᠭᠤᠷᠢᠨ ᠪᠠᠶᠢᠴᠠᠭᠠᠯᠲᠠ᠂ ᠠᠶᠠᠨᠴᠢᠳ ᠤᠨ ᠲᠡᠭᠡᠭᠡᠪᠦᠷᠢ᠂ ᠬᠤᠲᠠ | ᠪᠠᠯᠭᠠᠰᠤᠨ ᠤ ᠨᠡᠶᠢᠲᠡ ᠶᠢᠨ ᠵᠠᠮ ᠬᠠᠷᠢᠯᠴᠠᠭ᠎ᠠ᠂ ᠲᠦᠷᠢᠶᠡᠰᠦᠨ ᠮᠠᠰᠢᠨ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ | ᠵᠡᠷᠭᠡ ᠲᠠᠯ᠎ᠠ ᠶᠢᠨ ᠠᠵᠢᠯ ᠢ ᠪᠠᠶᠢᠷᠢᠯᠠᠭᠤᠯᠵᠠᠢ᠃ | | ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠴᠠᠰᠤ ᠰᠢᠭᠤᠷᠭ᠎ᠠ ᠶᠢ ᠬᠠᠶᠢᠬᠤᠷᠤᠯ ᠦᠭᠡᠢ ᠬᠠᠲᠠᠭᠤᠵᠢᠯᠲᠠᠢ | ᠠᠵᠢᠯᠯᠠᠪᠠ᠃ ᠵᠠᠮ ᠲᠡᠭᠡᠭᠡᠪᠦᠷᠢ ᠶᠢᠨ ᠰᠢᠰᠲ᠋ᠧᠮ ᠤᠨ ᠡᠯ᠎ᠡ ᠨᠢᠭᠡᠴᠡ ᠴᠠᠰᠤ ᠰᠢᠭᠤᠷᠭᠠᠨ ᠢ ᠬᠠᠶᠢᠬᠤᠷᠤᠯ ᠦᠭᠡᠢ | ᠬᠥᠳᠡᠯᠦᠯᠴᠡᠵᠦ᠂ ᠦᠳᠲᠡᠷ ᠲᠦᠷᠭᠡᠨ ᠲᠤᠰᠬᠠᠯ ᠭᠠᠷᠭᠠᠨ᠂ ᠵᠠᠮ ᠲᠡᠭᠡᠭᠡᠪᠦᠷᠢ ᠶᠢᠨ ᠤᠳᠤᠷᠢᠳᠬᠤ ᠺᠠᠳ᠋ᠷ ᠡᠮᠦᠨ᠎ᠡ | ᠹᠷᠣᠨᠲ ᠲᠤ ᠭᠦᠨᠵᠡᠭᠡᠶᠢᠷᠡᠨ ᠵᠢᠯᠣᠭᠤᠳᠤᠯᠭ᠎ᠠ ᠬᠢᠵᠦ᠂ ᠬᠠᠤᠯᠢ ᠬᠡᠷᠡᠭᠵᠢᠭᠦᠯᠬᠦ ᠬᠦᠴᠦᠨ ᠢ ᠵᠣᠬᠢᠶᠠᠨ ᠪᠠᠶᠢᠭᠤᠯᠤᠨ᠂ | ᠬᠠᠷᠢᠶ᠎ᠠ ᠣᠷᠣᠨ ᠤ ᠵᠠᠮ ᠤᠨ ᠬᠡᠰᠡᠭ ᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠳᠤᠭᠤᠶᠢᠯᠠᠩ | ᠬᠤᠪᠢᠶᠠᠨ ᠡᠭᠡᠯᠵᠢᠯᠡᠨ ᠲᠣᠭᠤᠷᠢᠨ ᠪᠠᠶᠢᠴᠠᠭᠠᠵᠤ᠂ ᠵᠠᠮ ᠤᠨ ᠪᠠᠶᠢᠳᠠᠯ ᠢ ᠴᠠᠭ ᠲᠤᠬᠠᠢ ᠳᠤᠨᠢ ᠲᠣᠳᠣᠷᠬᠠᠢ | ᠣᠶᠢᠯᠠᠭᠠᠵᠤ᠂ ᠰᠠᠭᠠᠳ ᠦᠭᠡᠢ ᠨᠡᠪᠲᠡᠷᠡᠭᠦᠯᠬᠦ ᠠᠵᠢᠯ ᠢ ᠠᠮᠤᠷ ᠲᠦᠪᠰᠢᠨ ᠢᠶᠠᠷ ᠪᠦᠲᠦᠮᠵᠢᠲᠡᠢ ᠥᠷᠨᠢᠭᠦᠯᠬᠦ ᠶᠢ | ᠪᠠᠲᠤᠯᠠᠵᠠᠢ᠃ ᠵᠠᠮ ᠬᠠᠷᠢᠯᠴᠠᠭᠠᠨ ᠤ ᠠᠵᠢᠯᠲᠠᠳ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠵᠣᠷᠢᠭᠲᠠᠢ ᠪᠠᠷ | ᠬᠤᠪᠢ ᠨᠡᠮᠡᠷᠢ ᠦᠵᠡᠭᠦᠯᠬᠦ ᠠᠵᠢᠯ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ | ᠬᠦᠨᠳᠦ ᠡᠭᠦᠷᠭᠡ ᠶᠢ ᠡᠭᠦᠷᠭᠡᠯᠡᠬᠦ ᠪᠠᠷ ᠳᠠᠮᠵᠢᠭᠤᠯᠤᠨ ᠦᠯᠢᠭᠡᠷ ᠳᠠᠭᠤᠷᠢᠶᠠᠯ ᠪᠣᠯᠵᠤ᠂ ᠪᠣᠳᠠᠲᠠᠢ ᠦᠢᠯᠡ ᠠᠵᠢᠯᠯᠠᠭ᠎ᠠ | ᠪᠠᠷ ᠢᠶᠠᠨ ᠠᠷᠠᠳ ᠲᠦᠮᠡᠨ ᠳᠤ ᠦᠢᠯᠡᠴᠢᠯᠡᠨ ᠤᠭ ᠵᠣᠷᠢᠯᠲᠠ ᠪᠠᠨ ᠦᠢᠯᠡᠳᠦᠯᠭᠡᠵᠢᠭᠦᠯᠵᠦ ᠪᠣᠢ᠃ | | ᠬᠠᠮᠲᠤᠷᠠᠭᠰᠠᠨ ᠦᠢᠯᠡᠴᠢᠯᠡᠵᠦ ᠬᠤᠯᠪᠤᠭᠠᠯᠠᠨ ᠬᠥᠳᠡᠯᠦᠯᠴᠡᠵᠦ᠂ ᠬᠦᠴᠦ ᠪᠠᠨ ᠬᠠᠮᠲᠤᠳᠬᠠᠨ ᠬᠠᠷᠢᠯᠴᠠᠨ | ᠨᠡᠪᠲᠡᠷᠡᠯᠴᠡᠬᠦ ᠶᠢ ᠪᠠᠲᠤᠯᠠᠪᠠ᠃ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠴᠠᠭᠳᠠᠭ᠎ᠠ᠂ | ᠠᠷᠠᠴᠢᠯᠠᠨ ᠬᠠᠮᠠᠭᠠᠯᠠᠬᠤ ᠲᠥᠪ᠂ ᠰᠦᠢᠳᠬᠡᠯ ᠬᠤᠷᠢᠶᠠᠵᠤ ᠡᠵᠡᠩᠨᠡᠬᠦ ᠵᠡᠷᠭᠡ ᠰᠠᠯᠠᠭ᠎ᠠ ᠮᠥᠴᠢᠷ ᠯᠦᠭᠡ ᠬᠠᠮᠲᠤᠷᠠᠨ | ᠦᠢᠯᠡᠴᠢᠯᠡᠵᠦ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤᠪᠠᠷ ᠬᠤᠪᠢᠶᠠᠯᠴᠠᠬᠤ | ᠲᠣᠭᠲᠠᠴᠠ ᠶᠢ ᠪᠠᠶᠢᠭᠤᠯᠤᠨ᠂ ᠴᠠᠭ ᠠᠭᠤᠷ ᠤᠨ ᠪᠠᠶᠢᠳᠠᠯ ᠵᠢᠴᠢ ᠬᠠᠷᠢᠶ᠎ᠠ ᠣᠷᠣᠨ ᠤ ᠵᠠᠰᠠᠮᠠᠯ ᠵᠠᠮ ᠤᠨ ᠪᠠᠶᠢᠳᠠᠯ ᠢ | ᠴᠠᠭ ᠲᠤᠬᠠᠢ ᠳᠤᠨᠢ ᠡᠵᠡᠮᠰᠢᠵᠦ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠴᠢᠩᠭᠠᠳᠬᠠᠨ᠂ ᠵᠠᠮ ᠤᠨ | ᠪᠠᠶᠢᠳᠠᠯ ᠤᠨ ᠮᠡᠳᠡᠭᠡ ᠵᠠᠩᠭᠢ ᠶᠢ ᠨᠡᠶᠢᠲᠡᠯᠡᠵᠦ᠂ ᠲᠡᠷᠭᠡ ᠤᠨᠤᠭ᠎ᠠ ᠡᠮᠬᠢ ᠵᠢᠷᠤᠮ ᠲᠠᠢ ᠨᠡᠪᠲᠡᠷᠡᠬᠦ ᠶᠢ | ᠵᠢᠯᠤᠭᠤᠳᠬᠤ ᠶᠢᠨ ᠬᠠᠮᠲᠤ ᠵᠢᠯᠣᠭᠤᠴᠢ ᠪᠠ ᠠᠶᠠᠨᠴᠢᠲᠠᠳ ᠲᠤ ᠵᠠᠰᠠᠮᠠᠯ ᠵᠠᠮ ᠤᠨ ᠪᠠᠶᠢᠳᠠᠯ ᠢ ᠠᠩᠬᠠᠷᠴᠤ᠂ ᠲᠡᠷᠭᠡ | ᠵᠢᠯᠤᠭᠤᠳᠬᠤ ᠳᠠᠭᠠᠨ ᠠᠮᠤᠷ ᠲᠦᠪᠰᠢᠨ ᠢ ᠰᠠᠶᠢᠲᠤᠷ ᠠᠩᠬᠠᠷᠬᠤ ᠶᠢ ᠰᠠᠨᠠᠭᠤᠯᠵᠤ ᠪᠣᠢ᠃ | | |