︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠰᠢᠯᠢ ᠶᠢᠨ | ᠭᠤᠣᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠪᠠᠷᠠᠭᠤᠨ ᠦᠵᠦᠮᠦᠴᠢᠨ ᠬᠤᠰᠢᠭᠤᠨ ᠳᠤ | ᠭᠦᠨᠵᠡᠭᠡᠶᠢᠷᠡᠵᠦ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠵᠠᠢ | | ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠬᠢᠭᠰᠡᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠤᠰᠠᠲᠠ᠂ ᠠᠶᠢᠮᠠᠭ ᠤᠨ ᠨᠠᠮ ᠤᠨ ᠬᠤᠷᠢᠶᠠᠨ ᠤ | ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 11 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ | ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠰᠢᠯᠢ ᠶᠢᠨ ᠭᠤᠣᠯ ᠤᠨ | ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠬᠦᠨ᠂ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ | ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠦᠨᠡᠨᠴᠢ ᠪᠠᠷᠠᠭᠤᠨ ᠦᠵᠦᠮᠦᠴᠢᠨ ᠬᠤᠰᠢᠭᠤᠨ ᠳᠤ | ᠭᠦᠨᠵᠡᠭᠡᠶᠢᠷᠡᠨ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠵᠠᠢ᠃ ᠬᠤᠰᠢᠭᠤ ᠨᠠᠮ ᠤᠨ ᠬᠤᠷᠢᠶᠠᠨ ᠤ | ᠱᠦᠵᠢ ᠮᠦᠩᠭᠦᠨᠱᠠ ᠤᠬᠠᠭᠤᠯᠤᠨ ᠲᠠᠶᠢᠯᠪᠤᠷᠢᠯᠠᠬᠤ ᠬᠤᠷᠠᠯ ᠢ ᠡᠷᠭᠢᠯᠡᠬᠦ ᠶᠢᠨ ᠬᠠᠮᠲᠤ ᠶᠠᠷᠢᠶ᠎ᠠ ᠲᠠᠯᠪᠢᠵᠠᠢ᠃ | ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ ᠭᠡᠰᠢᠭᠦᠨ᠂ ᠡᠯ᠎ᠡ | ᠰᠤᠮᠤ ᠪᠠᠯᠭᠠᠰᠤᠨ ᠤ ᠨᠠᠮ ᠤᠨ ᠬᠤᠷᠢᠶᠠᠨ ᠤ ᠭᠤᠣᠯ ᠬᠠᠷᠢᠭᠤᠴᠠᠯᠭᠠᠲᠠᠨ᠂ ᠬᠤᠰᠢᠭᠤ ᠬᠠᠷᠢᠶ᠎ᠠ ᠡᠯ᠎ᠡ ᠰᠠᠯᠠᠭ᠎ᠠ | ᠮᠥᠴᠢᠷ᠂ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠬᠤᠰᠢᠭᠤ ︽ᠠᠯᠲᠠᠨ ᠬᠠᠶᠢᠷᠠᠭᠤᠴᠠᠢ︾ ᠭᠤᠣᠯ | ᠰᠡᠳᠦᠪᠲᠦ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠥᠬᠦ ᠭᠡᠰᠢᠭᠦᠨ ᠵᠢᠴᠢ ᠬᠤᠰᠢᠭᠤ ᠨᠠᠮ ᠤᠨ ᠬᠤᠷᠢᠶᠠᠨ ᠤ | ᠨᠠᠮ ᠤᠨ ᠰᠤᠷᠭᠠᠭᠤᠯᠢ ᠶᠢᠨ ᠪᠥᠬᠦ ᠪᠠᠭᠰᠢ ᠨᠠᠷ ᠨᠡᠶᠢᠲᠡ 180 ᠭᠠᠷᠤᠢ ᠬᠥᠮᠥᠨ ᠲᠤᠰᠬᠠᠢ ᠲᠠᠶᠢᠯᠤᠮᠵᠢ ᠶᠢ | ᠰᠣᠨᠣᠰᠪᠠ᠃ | ᠦᠨᠡᠨᠴᠢ ︽︿ᠲᠠᠪᠤᠨ ᠥᠭᠦᠯᠡᠪᠦᠷᠢ﹀ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠪᠠᠲᠤ ᠴᠡᠭᠡᠵᠢᠯᠡᠵᠦ᠂ ᠨᠠᠮ ᠪᠠ | ᠤᠯᠤᠰ ᠤᠨ ᠥᠪᠥᠷ ᠮᠣᠩᠭᠤᠯ ᠳᠠᠬᠢ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠭᠦᠨᠵᠡᠭᠡᠢ ᠣᠶᠢᠯᠠᠭᠠᠵᠤ᠂ | ᠨᠠᠮ ᠳᠠᠭᠠᠨ ᠬᠠᠨᠳᠤᠬᠤ᠂ ᠲᠥᠪ ᠲᠤ ᠬᠠᠨᠳᠤᠬᠤ ᠤᠯᠤᠰ ᠲᠦᠷᠦ ᠶᠢᠨ ᠡᠷᠡᠰ ᠰᠢᠭᠤᠷᠬᠠᠢ ᠤᠪᠤᠷ ᠶᠢ ᠲᠠᠰᠤᠷᠠᠯᠳᠡ | ᠦᠭᠡᠢ ᠢᠯᠡᠷᠡᠭᠦᠯᠬᠦ ᠬᠡᠷᠡᠭᠲᠡᠢ︾ ᠭᠡᠬᠦ ᠰᠡᠳᠦᠪ ᠢᠶᠠᠷ ᠭᠤᠤᠯ ᠰᠡᠳᠦᠪᠲᠦ ᠲᠤᠰᠬᠠᠢ ᠲᠠᠶᠢᠯᠤᠮᠵᠢ ᠬᠢᠬᠦ ᠶᠢᠨ ᠬᠠᠮᠳᠤ | ︽ᠲᠠᠪᠤᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠵᠢᠴᠢ ᠰᠢ ᠶᠢᠨ ᠫᠢᠩ ᠶᠡᠷᠦᠩᠬᠡᠢ ᠱᠦᠵᠢ ᠶᠢᠨ | ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠣᠯᠣᠨ ᠬᠦᠰᠡᠯ ᠨᠠᠶᠢᠳᠠᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ | ︽ᠰᠠᠨᠠᠯ︾ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠡᠵᠡᠮᠳᠡᠨ᠂ ᠠᠴᠢᠯᠠᠯᠲᠤ ᠰᠡᠳᠬᠢᠯ ᠪᠠ | ᠤᠷᠤᠭᠰᠢᠯᠠᠨ ᠲᠠᠪᠰᠢᠬᠤ ᠵᠣᠷᠢᠭ ᠢᠶᠠᠷ ︽ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠡᠷᠭᠡ ᠳᠥᠷᠪᠡᠨ | ᠲᠠᠯ᠎ᠠ ᠪᠠᠷ ᠭᠦᠨᠵᠡᠭᠡᠢ ᠪᠥᠭᠡᠳ ᠣᠶᠢᠯᠠᠭᠠᠮᠵᠢᠲᠠᠢ᠂ ᠪᠥᠬᠦ ᠲᠠᠯ᠎ᠠ ᠪᠠᠷ ᠰᠢᠰᠲ᠋ᠧᠮ ᠲᠠᠢ ᠲᠠᠶᠢᠯᠤᠮᠵᠢ ᠬᠢᠵᠦ᠂ ᠤᠯᠤᠰ | ᠲᠥᠷᠥ ᠶᠢᠨ ᠥᠨᠳᠥᠷᠴᠡ ᠲᠠᠢ ᠮᠥᠷᠲᠡᠭᠡᠨ ᠣᠨᠣᠯ ᠤᠨ ᠭᠦᠨᠴᠡ ᠲᠠᠢ᠂ ᠮᠠᠰᠢ ᠴᠢᠩᠭ᠎ᠠ ᠲᠥᠷᠥ ᠶᠢᠨ ᠪᠣᠳᠣᠯᠭ᠎ᠠ ᠂ | ᠣᠨᠣᠯ ᠤᠨ ᠴᠢᠨᠠᠷ ᠪᠠ ᠦᠢᠯᠡᠳᠦᠯᠭᠡ ᠶᠢᠨ ᠵᠢᠯᠤᠭᠤᠳᠬᠤ ᠴᠢᠨᠠᠷ ᠲᠠᠢ ᠪᠠᠶᠢᠵᠤ᠂ ᠪᠥᠬᠦ ᠬᠤᠰᠢᠭᠤᠨ ᠤ ᠺᠠᠳ᠋ᠷ ᠣᠯᠠᠨ | ᠲᠦᠮᠡᠨ ᠳᠤ ᠨᠢᠭᠡ ᠤᠳᠠᠭᠠᠨ ᠤ ᠭᠦᠨ ᠭᠦᠨᠵᠡᠭᠡᠢ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ | ᠪᠦᠷᠢᠨ ᠬᠦᠢᠴᠡᠳ ᠲᠠᠶᠢᠯᠪᠤᠷᠢᠯᠠᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠄ | ᠪᠦᠬᠦ ᠬᠤᠰᠢᠭᠤ ᠪᠠᠷ ᠢᠶᠠᠨ ︽ᠲᠠᠪᠤᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠢ | ᠣᠶᠢᠯᠠᠭᠠᠨ ᠡᠵᠡᠮᠰᠢᠵᠦ᠂ ᠨᠠᠮ ᠤᠨ ᠠᠴᠢ ᠶᠢ ᠴᠠᠭ ᠢᠮᠠᠭᠲᠠ ᠮᠠᠷᠲᠠᠵᠤ ᠪᠣᠯᠬᠤ ᠦᠭᠡᠢ᠂ ᠨᠠᠮ ᠤᠨ ᠦᠭᠡ ᠶᠢ | ᠴᠤᠴᠠᠯᠲᠠ ᠦᠭᠡᠢ ᠰᠣᠨᠣᠰᠴᠤ᠂ ᠡᠷᠡᠰ ᠭᠤᠶᠢᠪᠢᠰᠢ ᠦᠭᠡᠢ ᠪᠠᠷ ᠨᠠᠮ ᠢᠶᠠᠨ ᠳᠠᠭᠠᠵᠤ᠂ ᠰᠢ ᠶᠢᠨ ᠫᠢᠩ ᠶᠡᠷᠦᠩᠬᠡᠢ | ᠱᠦᠵᠢ ᠶᠢᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠠ ᠬᠦᠰᠡᠯ ᠨᠠᠶᠢᠳᠠᠯᠭ᠎ᠠ ᠶᠢ ᠭᠦᠨᠵᠡᠭᠡᠢ ᠣᠶᠢᠯᠠᠭᠠᠨ ᠂ | ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ | ᠪᠣᠳᠠᠲᠠᠢ ᠳᠤ ᠨᠠᠶᠢᠳᠠᠪᠤᠷᠢᠵᠢᠭᠤᠯᠵᠤ᠂ ᠠᠴᠢᠯᠠᠯᠲᠤ ᠰᠡᠳᠬᠢᠯᠭᠡ ᠪᠠ ᠡᠷᠡᠯᠬᠡᠭᠯᠡᠨ ᠤᠷᠤᠭᠰᠢᠯᠠᠬᠤ ᠵᠣᠷᠢᠭ ᠰᠠᠨᠠᠭ᠎ᠠ ᠪᠠᠷ | ︽ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ︽ᠨᠠᠮ ᠤᠨ ᠠᠴᠢ ᠶᠢ | ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ | ᠦᠢᠯᠡᠳᠦᠯᠭᠡ ᠶᠢᠨ ᠠᠵᠢᠯᠯᠠᠭ᠎ᠠ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠬᠤᠰᠢᠭᠤᠨ ᠤ | ᠥᠷᠭᠡᠨ ᠣᠯᠠᠨ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠲᠥᠪ ᠬᠤᠷᠢᠶᠠᠨ ᠤ | ᠬᠠᠶᠢᠷ᠎ᠠ ᠬᠠᠯᠠᠮᠵᠢ ᠶᠢ ᠭᠦᠨᠵᠡᠭᠡᠢ ᠣᠶᠢᠯᠠᠭᠠᠭᠤᠯᠵᠤ᠂ ︽ᠰᠠᠨᠠᠯ︾ ᠢ ᠨᠡᠶᠢᠲᠡᠯᠡᠭᠰᠡᠨ ᠠᠴᠠ ᠪᠢᠳᠡᠨ ᠳᠤ ᠠᠪᠴᠢᠷᠠᠭᠰᠠᠨ | ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠭᠦᠨᠵᠡᠭᠡᠢ ᠣᠶᠢᠯᠠᠭᠠᠭᠤᠯᠵᠤ᠂ ᠢᠲᠡᠭᠡᠯ | ᠵᠣᠷᠢᠭ ᠢᠶᠠᠨ ᠤᠯᠠᠮ ᠪᠠᠲᠤᠳᠬᠠᠨ᠂ ᠪᠣᠳᠠᠲᠠᠢ ᠠᠵᠢᠯᠯᠠᠵᠤ᠂ ᠡᠯ᠎ᠡ ᠵᠦᠢᠯ ᠤᠨ ᠠᠵᠢᠯ ᠦᠢᠯᠡᠰ ᠤᠨ ᠰᠢᠨ᠎ᠡ | ᠪᠠᠶᠢᠳᠠᠯ ᠢ ᠡᠭᠦᠳᠬᠦ ᠶᠢ ᠠᠬᠢᠭᠤᠯᠬᠤ ᠭᠡᠷᠡᠭᠳᠠᠢ ᠭᠡᠵᠠᠢ᠃ | ᠬᠤᠷᠠᠯ ᠠᠴᠠ ᠱᠠᠭᠠᠷᠳᠠᠭᠰᠠᠨ ᠨᠢ᠄ | ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠭᠤᠣᠯ ᠰᠡᠳᠦᠪᠲᠦ | ᠤᠬᠠᠭᠤᠯᠤᠨ ᠲᠠᠶᠢᠯᠪᠤᠷᠢᠯᠠᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠪᠥᠬᠦ ᠬᠤᠰᠢᠭᠤᠨ ᠳᠤ ᠬᠦᠰᠡᠯ ᠨᠠᠶᠢᠳᠠᠯᠭ᠎ᠠ ᠶᠢ | ᠪᠠᠲᠤ ᠴᠡᠭᠡᠵᠢᠯᠡᠵᠦ᠂ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ | ᠪᠣᠯᠭᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ | ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠡᠨᠡᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ | ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠵᠠᠮ ᠢᠶᠠᠷ ᠡᠷᠡᠰ ᠵᠠᠮᠨᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠢᠳᠡᠪᠬᠢᠲᠡᠢ ᠠᠭᠤᠰᠤᠯᠴᠠᠬᠤ | ᠪᠠ ᠦᠢᠯᠡᠴᠢᠯᠡᠵᠦ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠦᠷᠦ ᠶᠢᠨ | ᠶᠠᠪᠤᠳᠠᠯ ᠤᠨ ᠬᠤᠷᠢᠶᠠᠨ ᠤ ︽ᠰᠠᠨᠠᠯ︾ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠯᠠᠪᠳᠠᠭᠤᠨ | ᠪᠠᠲᠤᠲᠠᠢ ᠠᠬᠢᠭᠤᠯᠬᠤ ᠬᠡᠷᠡᠭᠲᠡᠢ ᠭᠡᠵᠠᠢ᠃ | ᠲᠤᠰ ᠡᠳᠦᠷ ᠤᠨ ᠦᠳᠡ ᠶᠢᠨ ᠬᠤᠶᠢᠨ᠎ᠠ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ | ᠨᠠᠮ ᠢᠶᠠᠨ ᠲᠠᠭᠠᠬᠤ︾ ᠰᠢᠯᠢ ᠶᠢᠨ ᠭᠤᠣᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠬᠦᠨ᠂᠂ | ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠦᠨᠡᠨᠴᠢ | ᠨᠠᠮ ᠤᠨ ᠭᠠᠳᠠᠨᠠᠬᠢ ᠲᠥᠯᠥᠭᠡᠯᠡᠭᠴᠢ ᠬᠥᠮᠥᠰ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ | |