︽ᠤᠳᠬ᠎ᠠ ᠤᠷᠠᠯᠢᠭ ᠢᠶᠠᠷ ᠤᠮᠠᠷᠠᠲᠦ ᠬᠢᠯᠢ ᠪᠠᠨ ᠴᠢᠮᠡᠬᠦᠢ︾ ᠰᠢᠯᠢ ᠶᠢᠨ ᠭᠤᠣᠯ ᠠᠶᠢᠮᠠᠭ ᠤᠨ ᠵᠣᠬᠢᠶᠠᠯᠴᠢᠳ ᠤᠨ ᠵᠣᠬᠢᠶᠠᠨ ᠪᠥᠲᠦᠭᠡᠬᠦ ᠰᠤᠯᠢᠯᠴᠠᠭᠠᠨ ᠤ ᠬᠤᠷᠠᠯ ᠵᠢᠴᠢ ︽ᠰᠢᠯᠢ ᠶᠢᠨ ᠭᠤᠣᠯ︾ ᠰᠡᠳᠬᠦᠯ ᠤᠨ ᠵ᠊​‍ᠣᠬᠢᠶᠠᠨ ᠪᠥᠲᠦᠭᠡᠯᠭᠡ ᠲᠠᠷᠬᠠᠭᠠᠯᠭ᠎ᠠ ᠶᠢᠨ ᠦᠷᠭᠦᠭᠡ ᠶᠢᠨ  ᠫᠠᠶᠢᠰᠠ  ᠢᠯᠡᠷᠬᠡᠶᠢᠯᠡᠯ ᠣᠯᠭᠤᠬᠤ ᠶᠣᠰᠤᠯᠠᠯ ᠪᠠᠷᠠᠭᠤᠨ ᠦᠵᠦᠮᠦᠴᠢᠨ ᠬᠤᠰᠢᠭᠤᠨ ᠳᠤ  ᠠᠮᠵᠢᠯᠲᠠ ᠲᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2023/11/30
     ︽ᠤᠳᠬ᠎ᠠ ᠤᠷᠠᠯᠢᠭ ᠢᠶᠠᠷ ᠤᠮᠠᠷᠠᠲᠦ ᠬᠢᠯᠢ ᠪᠠᠨ ᠴᠢᠮᠡᠬᠦᠢ︾ ᠰᠢᠯᠢ ᠶᠢᠨ ᠭᠤᠣᠯ ᠠᠶᠢᠮᠠᠭ ᠤᠨ ᠵᠣᠬᠢᠶᠠᠯᠴᠢᠳ ᠤᠨ ᠵᠣᠬᠢᠶᠠᠨ ᠪᠥᠲᠦᠭᠡᠬᠦ ᠰᠤᠯᠢᠯᠴᠠᠭᠠᠨ ᠤ ᠬᠤᠷᠠᠯ ᠵᠢᠴᠢ ︽ᠰᠢᠯᠢ ᠶᠢᠨ ᠭᠤᠣᠯ︾ ᠰᠡᠳᠬᠦᠯ ᠤᠨ ᠵᠣᠬᠢᠶᠠᠨ ᠪᠥᠲᠦᠭᠡᠯᠭᠡ ᠲᠠᠷᠬᠠᠭᠠᠯᠭ᠎ᠠ ᠶᠢᠨ ᠦᠷᠭᠦᠭᠡ ᠶᠢᠨ  ᠫᠠᠶᠢᠰᠠ  ᠢᠯᠡᠷᠬᠡᠶᠢᠯᠡᠯ ᠣᠯᠭᠤᠬᠤ ᠶᠣᠰᠤᠯᠠᠯ ᠪᠠᠷᠠᠭᠤᠨ ᠦᠵᠦᠮᠦᠴᠢᠨ ᠬᠤᠰᠢᠭᠤᠨ ᠳᠤ  ᠠᠮᠵᠢᠯᠲᠠ ᠲᠠᠢ ᠶᠠᠪᠤᠭᠳᠠᠯ᠎ᠠ                                                                      2023 ᠣᠨ ᠤ 11 ᠰᠠᠷ᠎ᠠ ᠶᠢᠨ 21 ᠤ ᠡᠳᠦᠷ ᠪᠣᠯ ᠶᠡᠷᠦᠩᠬᠡᠢ ᠱᠦᠵᠢ ᠰᠢ ᠶᠢᠨ ᠫᠢᠩ ᠤᠯᠠᠭᠠᠨᠮᠥ᠋ᠴᠢᠷ ᠤᠨ ᠭᠡᠰᠢᠭᠦᠳ ᠲᠤ ᠬᠠᠷᠢᠭᠤ ᠵᠠᠬᠢᠳᠠᠯ ᠪᠢᠴᠢᠭᠰᠡᠨ 6 ᠵᠢᠯ ᠤᠨ ᠣᠶ ᠪᠣᠯᠣᠨ᠎ᠠ᠃   ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠵᠣᠬᠢᠶᠠᠯᠴᠢ ᠵᠢᠴᠢ ᠤᠳᠬ᠎ᠠ ᠵᠣᠬᠢᠶᠠᠯ ᠤᠨ ᠰᠢᠨ᠎ᠡ ᠬᠥᠮᠥᠨ ᠢ ᠢᠯᠡᠷᠡᠭᠦᠯᠬᠦ ᠪᠠ ᠬᠥᠮᠥᠵᠢᠭᠦᠯᠬᠦ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠠᠮᠢᠵᠢᠷᠠᠯ ᠤᠨ ᠬᠦᠴᠦᠨ ᠲᠡᠭᠦᠯᠳᠡᠷ ᠵᠣᠬᠢᠶᠠᠯᠴᠢᠳ ᠤᠨ ᠡᠩᠨᠡᠭᠡ   ᠶᠢ ᠳᠡᠯᠭᠡᠨ ᠦᠵᠡᠭᠦᠯᠵᠦ᠂ ᠰᠠᠶᠢᠨ ᠰᠠᠶᠢᠬᠠᠨ ᠤᠳᠬ᠎ᠠ ᠵᠣᠬᠢᠶᠠᠯ ᠤᠨ ᠵᠣᠬᠢᠶᠠᠨ ᠪᠦᠲᠦᠭᠡᠬᠦ ᠠᠭᠤᠷ ᠠᠮᠢᠰᠬᠤᠯ ᠢ ᠪᠤᠶ ᠪᠣᠯᠭᠠᠵᠤ᠂ ᠤᠳᠬ᠎ᠠ ᠵᠣᠬᠢᠶᠠᠯ ᠤᠨ ᠴᠢᠳᠠᠪᠤᠷᠢᠲᠠᠨ ᠤ ᠪᠤᠶᠢᠵᠢᠯᠲᠠ ᠶᠢ ᠠᠬᠢᠭᠤᠯᠵᠤ᠂ ᠥᠷᠭᠡᠨ ᠣᠯᠠᠨ ᠤᠳᠬ᠎ᠠ ᠵᠣᠬᠢᠶᠠᠯ ᠳᠤ ᠪᠠᠭ᠋ᠠᠲᠠᠢ ᠵᠣᠬᠢᠶᠠᠯᠴᠢᠳ ᠲᠤ ᠨᠡᠩ ᠣᠯᠠᠨ ᠵᠣᠬᠢᠶᠠᠨ ᠪᠦᠲᠦᠭᠡᠯᠭᠡ   ᠶᠢᠨ ᠪᠣᠷᠣ ᠮᠠᠲ᠋ᠧᠷᠢᠶᠠᠯ ᠪᠠ ᠣᠶᠤᠨ ᠰᠠᠨᠠᠭᠠᠨ ᠤ ᠰᠢᠮ᠎ᠡ ᠲᠡᠵᠢᠭᠡᠯ ᠬᠠᠩᠭᠠᠵᠤ᠂ ᠦᠨᠳᠦᠰᠦᠨ ᠱᠠᠲᠤᠨ ᠤ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠬᠡᠷᠡᠭᠴᠡᠭᠡ  ᠶᠢ ᠬᠠᠩᠭᠠᠬᠤ ᠪᠠ ᠪᠠᠶᠠᠯᠢᠭᠵᠢᠭᠤᠯᠵᠤ᠂ ︽ᠤᠮᠠᠷᠠᠲᠤ ᠶᠢᠨ ᠰᠣᠶᠣᠯ︾ ᠤᠨ ᠨᠡᠷᠡᠲᠦ ᠲᠡᠮᠳᠡᠭ ᠢ ᠡᠭᠦᠳᠬᠦ ᠳᠤ ᠬᠦᠴᠦᠨ ᠴᠢᠳᠠᠯ ᠢᠶᠠᠨ ᠡᠷᠭᠦᠵᠦ᠂ ᠮᠠᠨ ᠤ ᠠᠶᠢᠮᠠᠭ ᠤᠨ ᠰᠣᠶᠣᠯ ᠤᠳᠬ᠎ᠠ ᠤᠷᠠᠯᠢᠭ ᠤᠨ ᠦᠢᠯᠡᠰ ᠤᠨ ᠴᠡᠴᠡᠭᠯᠡᠨ ᠬᠥᠭᠵᠢᠬᠦ ᠪᠠ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ  ᠠᠬᠢᠭᠤᠯᠬᠤ ᠶᠢᠨ ᠳᠤᠰᠠᠳᠠ᠂ 11  ᠳ᠋ᠦ᠋ᠭᠡᠷ ᠰᠠᠷ᠎ᠠ ᠶᠢᠨ 21 ᠤ ᠡᠳᠦᠷ᠂ ᠰᠢᠯᠢ ᠶᠢᠨ ᠭᠤᠣᠯ ᠠᠶᠢᠮᠠᠭ ᠤᠨ ᠤᠳᠬ᠎ᠠ ᠤᠷᠠᠯᠢᠭ ᠤᠨ  ᠬᠢᠨ ᠤ ᠬᠤᠯᠪᠣᠭ᠎ᠠ ᠠᠴᠠ ᠭᠤᠣᠯᠯᠠᠨ ᠡᠷᠭᠢᠯᠡᠵᠦ᠂ ᠰᠢᠯᠢ ᠶᠢᠨ ᠭᠤᠣᠯ ᠠᠶᠢᠮᠠᠭ ᠤᠨ ᠤᠳᠬ᠎ᠠ ᠤᠷᠠᠯᠢᠭ ᠤᠨ ᠵᠣᠬᠢᠶᠠᠨ ᠪᠥᠲᠦᠭᠡᠯᠭᠡ ᠶᠢᠨ ᠬᠦᠭᠵᠢᠭᠦᠯᠦᠯᠲᠡ ᠶᠢᠨ ᠲᠥᠪ᠂ ᠪᠠᠷᠠᠭᠤᠨ ᠦᠵᠦᠮᠦᠴᠢᠨ ᠬᠤᠰᠢᠭᠤᠨ ᠤ ᠤᠳᠬ᠎ᠠ ᠤᠷᠠᠯᠢᠭ ᠤᠨ  ᠬᠢᠨ ᠤ ᠬᠤᠯᠪᠣᠭ᠎ᠠ ᠪᠠ ᠭᠤᠷᠤᠬᠠᠨ ᠪᠠᠯᠭᠠᠰᠤᠨ ᠤ ᠲᠤᠯᠭ᠎ᠠ ᠭᠠᠴᠠᠭ᠎ᠠ ᠠᠴᠠ ᠳᠠᠭᠠᠭᠠᠴᠢᠯᠠᠨ ᠡᠷᠭᠢᠯᠡᠭᠰᠡᠨ  ︽ᠤᠳᠬ᠎ᠠ ᠤᠷᠠᠯᠢᠭ ᠢᠶᠠᠷ ᠤᠮᠠᠷᠠᠲᠦ ᠬᠢᠯᠢ ᠪᠠᠨ ᠴᠢᠮᠡᠬᠦᠢ︾ ᠰᠢᠯᠢ ᠶᠢᠨ ᠭᠤᠣᠯ ᠠᠶᠢᠮᠠᠭ ᠤᠨ ᠵᠣᠬᠢᠶᠠᠯᠴᠢᠳ ᠤᠨ ᠵᠣᠬᠢᠶᠠᠨ ᠪᠥᠲᠦᠭᠡᠬᠦ ᠰᠤᠯᠢᠯᠴᠠᠭᠠᠨ ᠤ ᠬᠤᠷᠠᠯ ᠵᠢᠴᠢ ︽ᠰᠢᠯᠢ ᠶᠢᠨ ᠭᠤᠣᠯ︾ ᠰᠡᠳᠬᠦᠯ ᠤᠨ ᠵᠣᠬᠢᠶᠠᠨ ᠪᠥᠲᠦᠭᠡᠯᠭᠡ ᠲᠠᠷᠬᠠᠭᠠᠯᠭ᠎ᠠ ᠶᠢᠨ ᠦᠷᠭᠦᠭᠡ ᠶᠢᠨ  ᠫᠠᠶᠢᠰᠠ  ᠢᠯᠡᠷᠬᠡᠶᠢᠯᠡᠯ ᠣᠯᠭᠤᠬᠤ ᠶᠣᠰᠤᠯᠠᠯ ᠪᠠᠷᠠᠭᠤᠨ ᠦᠵᠦᠮᠦᠴᠢᠨ ᠬᠤᠰᠢᠭᠤᠨ ᠳᠤ  ᠠᠮᠵᠢᠯᠲᠠ ᠲᠠᠢ ᠶᠠᠪᠤᠭᠳᠠᠵᠤ ᠦᠨᠳᠦᠷᠯᠡᠯ᠎ᠡ᠃   11 ᠳ᠋ᠦ᠋ᠭᠡᠷ ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂  ︽ᠰᠢᠯᠢ ᠶᠢᠨ ᠭᠤᠣᠯ︾ ᠰᠡᠳᠬᠦᠯ ᠤᠨ ᠵᠣᠬᠢᠶᠠᠨ ᠪᠥᠲᠦᠭᠡᠯᠭᠡ ᠲᠠᠷᠬᠠᠭᠠᠯᠭ᠎ᠠ ᠶᠢᠨ ᠦᠷᠭᠦᠭᠡ ᠶᠢᠨ  ᠫᠠᠶᠢᠰᠠ ᠢᠯᠡᠷᠬᠡᠶᠢᠯᠡᠯ ᠣᠯᠭᠤᠬᠤ ᠶᠣᠰᠤᠯᠠᠯ ᠪᠠᠷᠠᠭᠤᠨ ᠦᠵᠦᠮᠦᠴᠢᠨ ᠬᠤᠰᠢᠭᠤᠨ ᠤ ᠭᠤᠷᠣᠬᠠᠨ ᠪᠠᠯᠭᠠᠰᠤᠨ ᠤ ᠲᠤᠯᠭ᠎ᠠ ᠭᠠᠴᠠᠭᠠᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠶᠠᠪᠤᠭᠳᠠᠵᠠᠢ᠃ ︽ᠰᠢᠯᠢ ᠶᠢᠨ ᠭᠤᠣᠯ︾ ᠰᠡᠳᠬᠦᠯ ᠪᠣᠯ ᠤᠮᠠᠷᠠᠲᠤ ᠬᠢᠯᠢ ᠶᠢᠨ ᠰᠣᠶᠣᠯ ᠢ ᠤᠯᠠᠮᠵᠢᠯᠠᠨ ᠪᠠᠳᠠᠷᠠᠭᠤᠯᠬᠤ ᠴᠢᠬᠤᠯᠠ ᠠᠴᠢᠶᠠᠯᠠᠪᠤᠷᠢ᠂ ᠣᠳᠣᠬᠢᠴᠢᠯᠠᠭᠰᠠᠨ ᠰᠢᠯᠢ ᠶᠢᠨ ᠭᠤᠣᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠴᠢᠬᠤᠯᠠ ᠬᠦᠴᠦᠨ ᠪᠤᠯᠤᠨ᠎ᠠ᠃ ᠪᠠᠷᠠᠭᠤᠨ ᠦᠵᠦᠮᠦᠴᠢᠨ ᠬᠤᠰᠢᠭᠤᠨ ᠳᠤ ︽ᠰᠢᠯᠢ ᠶᠢᠨ ᠭᠤᠣᠯ︾ ᠰᠡᠳᠬᠦᠯ ᠤᠨ ᠵᠣᠬᠢᠶᠠᠨ ᠪᠥᠲᠦᠭᠡᠯᠭᠡ ᠲᠠᠷᠬᠠᠭᠠᠯᠭ᠎ᠠ ᠶᠢᠨ ᠦᠷᠭᠦᠭᠡ ᠪᠠᠶᠢᠭᠤᠯᠬᠤ ᠨᠢ ᠭᠠᠵᠠᠷ ᠣᠷᠣᠨ ᠤ ᠰᠣᠶᠣᠯ ᠤᠳᠬ᠎ᠠ ᠤᠷᠠᠯᠢᠭ ᠤᠨ ᠳᠠᠪᠠᠭᠤᠯᠢᠭ ᠢ ᠪᠠᠳᠠᠷᠠᠭᠤᠯᠬᠤ᠂ ᠣᠨᠴᠠᠯᠢᠭᠲᠤ ᠰᠣᠶᠣᠯ ᠤᠨ ᠨᠠᠷᠠᠲᠤ ᠲᠥᠷᠥᠯ  ᠲᠡᠮᠳᠡᠭ ᠢ  ᠡᠭᠦᠳᠬᠦ᠂ ᠦᠨᠳᠦᠰᠦᠨ ᠱᠠᠲᠤᠨ ᠤ ᠤᠳᠬ᠎ᠠ ᠵᠣᠬᠢᠶᠠᠯ ᠤᠨ ᠴᠡᠴᠡᠭᠯᠡᠯ ᠬᠦᠭᠵᠢᠯ ᠢ ᠠᠬᠢᠭᠤᠯᠬᠤ ᠦᠢᠯᠡᠳᠦᠯ  ᠦᠵᠡᠭᠦᠯᠬᠦ ᠪᠤᠯᠤᠨ᠎ᠠ  ᠃    11 ᠰᠠᠷ᠎ᠠ ᠶᠢᠨ 21 ᠤ ᠦᠳᠡ ᠶᠢᠨ ᠬᠤᠶᠢᠨ᠎ᠠ᠂ ᠪᠠᠷᠠᠭᠤᠨ ᠦᠵᠦᠮᠦᠴᠢᠨ ᠬᠤᠰᠢᠭᠤᠨ ᠳᠤ ︽ᠤᠳᠬ᠎ᠠ ᠤᠷᠠᠯᠢᠭ ᠢᠶᠠᠷ ᠤᠮᠠᠷᠠᠲᠦ ᠬᠢᠯᠢ ᠪᠠᠨ ᠴᠢᠮᠡᠬᠦᠢ︾  ᠰᠢᠯᠢ ᠶᠢᠨ ᠭᠤᠤᠯ ᠠᠶᠢᠮᠠᠭ ᠤᠨ ᠵᠣᠬᠢᠶᠠᠯᠴᠢᠳ ᠤᠨ ᠵᠣᠬᠢᠶᠠᠨ ᠪᠦᠲᠦᠭᠡᠬᠦ ᠰᠤᠯᠢᠯᠴᠠᠭᠠᠨ ᠤ ᠬᠤᠷᠠᠯ ᠬᠢᠪᠡ᠃  ᠰᠣᠯᠢᠯᠴᠠᠭᠠᠨ ᠤ ᠬᠤᠷᠠᠯ ᠲᠡᠭᠦᠰᠦᠭᠰᠡᠨ ᠤ ᠳᠠᠷᠠᠭ᠎ᠠ᠂ ᠲᠤᠰᠬᠠᠢ ᠰᠡᠳᠦᠪ ᠢᠶᠠᠷ ᠬᠢᠴᠢᠶᠡᠯᠯᠡᠵᠡᠢ  ᠃ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ ᠤᠨ ᠭᠡᠰᠢᠭᠦᠨ᠂ ᠤᠯᠤᠰ ᠤᠨ ᠨᠢᠭᠡᠳᠦᠭᠡᠷ ᠳᠡᠰ ᠤᠨ ᠵᠣᠬᠢᠶᠠᠨ ᠪᠦᠲᠦᠭᠡᠭᠴᠢ᠂ ︽ᠫ᠊᠂ ᠴᠣᠭᠲᠤᠨᠠᠷᠠᠨ ᠤᠳᠬ᠎ᠠ ᠵᠣᠬᠢᠶᠠᠯ ᠤᠨ ᠵᠣᠬᠢᠶᠠᠨ ᠪᠦᠲᠦᠭᠡᠯᠭᠡ   ᠶᠢᠨ ᠠᠵᠢᠯ ᠤᠨ ᠲᠠᠰᠤᠭ︾ ᠤᠨ ᠳᠠᠭᠠᠭᠤᠯᠤᠭᠴᠢ ᠫ᠊᠂ ᠴᠣᠭᠲᠤᠨᠠᠷᠠᠨ ︽ᠤᠳᠬ᠎ᠠ ᠵᠣᠬᠢᠶᠠᠯ ᠤᠨ ᠲᠡᠦᠬᠡᠨ ᠡᠭᠦᠷᠭᠡᠲᠦ ᠰᠡᠳᠬᠢᠯᠭᠡ ᠪᠠ ᠴᠠᠭ ᠦᠶ᠎ᠡ   ᠶᠢᠨ ᠬᠠᠷᠢᠭᠤᠴᠠᠯᠭᠠᠲᠤ ᠰᠡᠳᠬᠢᠯᠭᠡ   ᠶᠢᠨ ᠲᠤᠬᠠᠢ ᠰᠡᠷᠡᠯ ᠪᠠ ᠣᠶᠤᠨ ᠤ ᠠᠭᠤᠰᠤᠯᠴᠠᠯ ᠤᠨ ᠲᠤᠬᠠᠢ ᠶᠠᠷᠢᠪᠠᠯ᠂ ᠪᠠᠶᠢᠭᠠᠯᠢ ᠪᠣᠯᠣᠨ ᠨᠡᠶᠢᠭᠡᠮ ᠤᠨ ᠠᠭᠤᠰᠤᠯᠴᠠᠯ ᠢᠶᠠᠷ ᠵᠢᠱᠢᠶᠡᠯᠡᠶ᠎ᠡ︾ ᠭᠡᠬᠦ ᠲᠤᠰᠬᠠᠢ ᠰᠡᠳᠦᠪᠲᠦ ᠲᠠᠶᠢᠯᠤᠮᠵᠢ ᠬᠢᠬᠦ ᠶᠢᠨ ᠬᠠᠮᠲᠤ᠂ ︽ᠰᠢᠯᠢ ᠶᠢᠨ ᠭᠤᠣᠯ︾ ᠤᠨ ᠤᠳᠬ᠎ᠠ ᠤᠷᠠᠯᠢᠭ ᠤᠨ ᠬᠢᠴᠢᠶᠡᠯ ᠤᠨ ᠲᠠᠩᠬᠢᠮ ᠤᠨ ᠬᠡᠯᠪᠡᠷᠢ ᠪᠠᠷ ᠬᠢᠴᠢᠶᠡᠯ ᠣᠷᠣᠵᠠᠢ᠃ ᠲᠡᠷᠡ ᠪᠠᠷ ᠰᠣᠩᠭᠤᠳᠠᠭ ᠪᠦᠲᠦᠭᠡᠯ ᠵᠢᠴᠢ ᠥᠪᠡᠷ ᠤᠨ ᠵᠣᠬᠢᠶᠠᠨ ᠪᠦᠲᠦᠭᠡᠯᠭᠡ   ᠶᠢᠨ ᠦᠢᠯᠡᠳᠦᠯᠭᠡ ᠲᠠᠢ ᠪᠠᠨ ᠤᠶᠠᠯᠳᠤᠭᠤᠯᠤᠨ᠂ ᠪᠠᠶᠢᠭᠠᠯᠢ ᠪᠠ ᠨᠡᠶᠢᠭᠡᠮ ᠤᠨ ᠬᠠᠷᠠᠭᠠᠰᠤ᠂ ᠰᠡᠷᠡᠯ ᠪᠠ ᠣᠶᠤᠨᠴᠢ ᠴᠢᠨᠠᠷ ᠤᠨ ᠡᠭᠦᠳᠡᠨ ᠠᠴᠠ ᠤᠳᠬ᠎ᠠ ᠵᠣᠬᠢᠶᠠᠯ ᠤᠨ ᠡᠭᠦᠷᠭᠡ ᠬᠠᠷᠢᠭᠤᠴᠠᠯᠭ᠎ᠠ   ᠶᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠪᠤᠷᠢᠯᠠᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号