ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠬᠦᠴᠢᠷᠳᠡᠢ ᠣᠯᠠᠨ ᠢᠶᠠᠨ ᠲᠤᠰᠠᠯᠠᠨ ᠠᠷᠠᠳ ᠤᠨ ᠲᠦᠯᠦᠭᠡ ᠦᠢᠯᠡᠴᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2023/11/30
       ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠬᠦᠴᠢᠷᠳᠡᠢ ᠣᠯᠠᠨ ᠢᠶᠠᠨ ᠲᠤᠰᠠᠯᠠᠨ ᠠᠷᠠᠳ ᠤᠨ ᠲᠦᠯᠦᠭᠡ ᠦᠢᠯᠡᠴᠢᠯᠡᠵᠦ ᠪᠠᠶᠢᠨ᠎ᠠ                                                   ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ︽ᠰᠢᠨ᠎ᠡ ᠦᠵᠡᠯ ᠰᠠᠨᠠᠭ᠎ᠠ ᠶᠢ ᠰᠤᠷᠤᠯᠴᠠᠵᠤ᠂ ᠨᠠᠮᠴᠢ ᠴᠢᠨᠠᠷ ᠢ ᠴᠢᠩᠭᠠᠳᠬᠠᠨ᠂ ᠦᠢᠯᠡᠳᠦᠯᠭᠡ ᠶᠢ ᠴᠢᠬᠤᠯᠠᠴᠢᠯᠠᠵᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠰᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠭᠤᠯᠤᠨ᠂ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯᠯᠠᠭ᠎ᠠ ᠶᠢ ᠤᠯᠠᠮ ᠪᠠᠶᠠᠯᠢᠠᠠᠵᠢᠭᠤᠯᠤᠨ ᠣᠯᠠᠨ ᠲᠦᠮᠡᠨ ᠲᠠᠢ ᠬᠠᠷᠢᠯᠴᠠᠬᠤ ᠪᠠ ᠦᠢᠯᠡᠴᠢᠯᠡᠬᠦ ᠠᠭᠤᠯᠭ᠎ᠠ ᠬᠡᠯᠪᠡᠷᠢ ᠶᠢ ᠦᠷᠭᠡᠳᠬᠡᠵᠦ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠦᠨᠳᠦᠰᠦᠨ ᠱᠠᠲᠤᠨ ᠳᠤ ᠭᠦᠨᠵᠡᠭᠡᠶᠢᠷᠡᠬᠦ ᠶᠢ ᠬᠥᠲᠥᠯᠥᠨ ᠵᠢᠯᠤᠭᠤᠳᠴᠤ᠂ ᠣᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠨ ᠥᠭᠴᠦ ᠪᠠᠶᠢᠨ᠎ᠠ᠃
   ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠷᠢᠶᠠᠯᠠᠭ᠎ᠠ ᠳᠣᠣᠷ᠎ᠠ᠂ ᠠᠷᠠᠳ ᠤᠨ ᠲᠦᠯᠦᠭᠡᠯᠡᠭᠴᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠨᠢ ᠣᠯᠠᠨ ᠲᠦᠮᠡᠨ ᠤ ᠠᠮᠤᠷ ᠲᠦᠪᠰᠢᠨ ᠪᠠ ᠬᠦᠴᠢᠷ ᠵᠣᠪᠠᠭᠤᠷᠢ ᠶᠢ ᠠᠩᠬᠠᠷᠤᠨ ᠬᠠᠯᠠᠮᠵᠢᠯᠠᠵᠦ᠂ ᠰᠣᠩᠭᠤᠭᠤᠯᠢ ᠶᠢᠨ ᠠᠷᠠᠳ ᠢ ᠭᠥᠯᠢᠶᠡᠨ ᠠᠪᠬᠤ᠂ ᠣᠯᠠᠨ ᠲᠦᠮᠡᠨ ᠢ ᠰᠤᠷᠪᠤᠯᠵᠢᠯᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠣᠯᠠᠨ ᠲᠦᠮᠡᠨ ᠤ ᠬᠦᠰᠡᠯ ᠰᠠᠨᠠᠯ ᠢ ᠣᠶᠢᠯᠠᠭᠠᠨ ᠰᠢᠢᠳᠪᠦᠷᠢᠯᠡᠨ ᠦᠭᠴᠦ ᠪᠠᠶᠢᠨ᠎ᠠ᠃ 11 ᠰᠠᠷ᠎ᠠ ᠶᠢᠨ 21 ᠤ ᠡᠳᠦᠷ᠂ ᠲᠤᠰ ᠲᠦᠯᠦᠭᠡᠯᠡᠭᠴᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠨᠢ ︽ᠠᠷᠠᠳ ᠤᠨ ᠬᠦᠰᠡᠯᠳᠡ ᠪᠠᠷ ᠠᠵᠢᠯ ᠡᠭᠦᠷᠭᠡ ᠪᠠᠨ ᠬᠦᠢᠴᠡᠳᠬᠡᠬᠦ︾ ᠡᠪᠦᠯ ᠤᠨ ᠤᠯᠠᠷᠢᠯ ᠤᠨ ᠠᠵᠢᠯᠯᠠᠭ᠎ᠠ ᠶᠢ ᠦᠷᠨᠢᠬᠦᠯᠦᠨ ᠪᠠᠯᠭᠠᠷ ᠨᠡᠶᠢᠭᠡᠮ ᠲᠣᠭᠤᠷᠢᠭ ᠤᠨ ᠠᠮᠢᠳᠤᠷᠠᠯ ᠬᠦᠴᠢᠷᠲᠡᠢ ᠡᠷᠦᠬᠡ ᠪᠠᠷ ᠲᠤᠭᠤᠷᠢᠨ ᠦᠵᠡᠵᠦ ᠪᠠᠶᠢᠳᠠᠯ ᠤᠶᠢᠯᠠᠭᠠᠪᠠ᠃
    ᠬᠤᠰᠢᠭᠤᠨ ᠤ ᠠᠷᠠᠳ ᠤᠨ ᠲᠥᠯᠥᠭᠡᠯᠡᠭᠴᠢ ᠦ᠋ ᠯᠢ ᠵᠢᠶᠧ ᠣᠯᠠᠨ ᠲᠦᠮᠡᠨ ᠢ ᠰᠤᠷᠪᠤᠯᠵᠢᠯᠠᠬᠤ ᠲᠤᠮᠳᠠ ᠲᠠᠷᠢᠬᠢᠨ ᠡᠪᠡᠳᠴᠢᠨ ᠳᠤ ᠨᠡᠷᠪᠡᠭᠳᠡᠵᠦ ᠶᠠᠪᠤᠵᠤ ᠰᠠᠭᠤᠬᠤ ᠳᠤ ᠲᠦᠭᠦᠮ ᠦᠭᠡᠢ ᠪᠤᠯᠤᠭᠰᠠᠨ ᠮᠦᠷᠳᠡᠭᠡᠨ ᠴᠡᠪᠡᠷᠯᠡᠭᠡᠨ ᠤ ᠠᠵᠢᠯ ᠤᠨ ᠬᠦᠯᠦᠰᠦᠨ ᠤᠯᠭᠤᠮᠵᠢ ᠪᠠᠷ ᠠᠮᠢᠳᠤᠷᠠᠯ ᠢᠶᠠᠨ ᠠᠷᠭᠠᠴᠠᠭᠠᠵᠦ ᠪᠠᠶᠢᠭᠰᠠᠨ ᠬᠦᠴᠢᠷᠳᠡᠢ ᠡᠷᠦᠬᠡ ᠳᠤ ᠬᠦᠷᠪᠡ᠃ ᠡᠶᠢᠨᠬᠦ ᠲᠡᠷᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠳᠤ ᠪᠠᠨ ᠲᠤᠰᠬᠠᠵᠤ᠂ ᠤᠯᠠᠨ ᠢᠶᠠᠷ ᠢᠶᠠᠨ ᠮᠦᠩᠭᠦ ᠲᠦᠭᠦᠷᠢᠭ ᠬᠠᠨᠳᠢᠪᠯᠠᠨ ᠴᠤᠭᠯᠠᠭᠤᠯᠵᠤ᠂ ᠴᠠᠬᠢᠯᠭᠠᠨ ᠬᠦᠴᠦᠨ ᠤ ᠰᠢᠰᠲ᠋ᠧᠮ ᠤᠨ ᠠᠷᠠᠳ ᠤᠨ ᠲᠦᠯᠦᠭᠡᠯᠡᠭᠴᠢ ᠶᠢᠨ ᠵᠤᠬᠢᠴᠠᠭᠤᠯᠭ᠎ᠠ ᠪᠠᠷ ᠭᠤᠷᠪᠠᠨ ᠹᠠᠰ ᠤᠨ ᠴᠠᠬᠢᠯᠭᠠᠨ ᠨᠡᠪᠲᠡᠷᠡᠭᠦᠯᠬᠦ ᠪᠠᠷ ᠪᠤᠯᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠠᠷᠠᠳ ᠤᠨ ᠲᠥᠯᠥᠭᠡᠯᠡᠭᠴᠢ ᠨᠢ ᠬᠠᠷᠢᠯᠴᠠᠬᠤ ᠪᠠᠷ ᠲᠠᠮᠵᠢᠨ ᠴᠢᠨᠠᠷ ᠰᠠᠶᠢᠲᠠᠢ᠂ ᠦᠨ᠎ᠡ ᠬᠠᠩᠰᠢ ᠲᠤᠬᠢᠷᠠᠮᠵᠢᠳᠠᠢ ᠴᠠᠬᠢᠯᠭᠠᠨ ᠭᠦᠸᠧᠯᠦ ᠬᠤᠳᠠᠯᠳᠤᠨ ᠤᠷᠤᠭᠤᠯᠵᠤ᠂ ᠣᠬᠤᠷᠬᠠᠨ ᠬᠡᠳᠦᠨ ᠡᠳᠦᠷ ᠲᠤ ᠬᠠᠮᠳᠤ ᠣᠯᠠᠨ ᠤ ᠴᠢᠷᠮᠠᠶᠢᠯᠭ᠎ᠠ ᠪᠠᠷ ᠡᠳᠡᠨᠡᠶᠢᠬᠢᠨ ᠳᠤ ᠴᠠᠬᠢᠯᠭᠠᠨ ᠲᠤᠯᠠᠭᠠᠯᠭ᠎ᠠ ᠤᠠᠠᠰᠠᠷᠠᠨ ᠦᠭᠪᠡ᠃
   ᠰᠣᠷᠪᠤᠯᠵᠢᠯᠠᠭ᠎ᠠ᠄ ︽ᠬᠤᠰᠢᠭᠤᠨ ᠤ ᠠᠷᠠᠳ ᠤᠨ ᠲᠥᠯᠥᠭᠡᠯᠡᠭᠴᠢ᠂ ᠬᠤᠰᠢᠭᠤᠨ ᠤ ᠨᠠᠮ ᠤᠨ ᠰᠤᠷᠭᠠᠭᠤᠯᠢ ᠶᠢᠨ ᠪᠠᠭᠰᠢ ᠦ᠋ ᠯᠢ ᠵᠢᠶᠧ --- 11 ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ ᠴᠠᠬᠢᠯᠭᠠᠨ ᠲᠤᠯᠠᠭᠠᠯᠭ᠎ᠠ ᠶᠢ ᠲᠤᠬᠢᠷᠠᠭᠤᠯᠵᠤ ᠪᠠᠷᠠᠵᠠᠢ᠂ ᠰᠠᠭᠤᠭᠠᠯᠢ ᠡᠷᠦᠬᠡ ᠶᠢᠨ ᠬᠠᠯᠠᠭᠤᠨ ᠲᠤᠯᠠᠭᠠᠨ ᠡᠪᠦᠯᠵᠢᠬᠦ ᠪᠤᠯᠤᠭᠰᠠᠨ ᠳᠤ ᠤᠯᠠᠨ ᠢᠶᠠᠷ ᠢᠶᠠᠨ ᠮᠠᠰᠢ ᠪᠠᠶᠠᠷᠯᠠᠪᠠ᠃ ᠪᠢ ᠪᠠᠰᠠ ᠲᠦᠯᠦᠭᠡᠯᠡᠭᠴᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠡᠰᠢᠬᠦᠨ ᠪᠤᠯᠤᠭᠰᠠᠨ ᠳᠠᠭᠠᠨ ᠮᠠᠰᠢ ᠤᠮᠤᠠᠠᠰᠢᠵᠦ ᠪᠠᠶᠢᠨ᠎ᠠ᠂ ︽ᠪᠢ ᠪᠤᠯ ᠠᠷᠠᠳ ᠤᠨ ᠲᠦᠯᠦᠭᠡᠯᠡᠭᠴᠢ᠂ ᠪᠢ ᠲᠠᠨ ᠳᠤ ᠬᠠᠮᠵᠢᠶ᠎ᠠ︾ ᠡᠨᠡᠬᠦ ᠤᠶᠢᠯᠠᠭᠠᠭᠳᠠᠬᠤᠨ ᠳᠤ ᠠᠷᠠᠳ ᠨᠠᠮᠠᠢᠢ ᠰᠤᠩᠭᠤᠵᠤ ᠲᠦᠯᠦᠭᠡᠯᠡᠭᠴᠢ ᠪᠤᠯᠭᠠᠭᠰᠠᠨ ᠪᠤᠯᠬᠤᠷ ᠪᠢ ᠠᠷᠠᠳ ᠤᠨ ᠲᠦᠯᠦᠭᠡ ᠲᠦᠯᠦᠭᠡᠯᠡᠭᠴᠢ ᠪᠤᠯᠤᠨ᠎ᠠ ᠬᠡᠬᠦ ᠬᠦᠨᠵᠡᠭᠡᠢ ᠤᠳᠬ᠎ᠠ ᠠᠭᠤᠯᠤᠠᠠᠳᠠᠵᠦ ᠪᠠᠶᠢᠨ᠎ᠠ᠂ ᠬᠤᠶᠢᠰᠢᠳᠠ ᠠᠷᠠᠳ ᠤᠯᠠᠨ ᠤ ᠬᠦᠰᠡᠯ ᠪᠤᠳᠤᠯ ᠢ ᠦᠷᠭᠦᠯᠵᠢᠯᠡᠨ ᠠᠩᠬᠠᠷᠤᠨ ᠤᠶᠢᠯᠠᠭᠠᠵᠦ ᠲᠦᠯᠦᠭᠡᠯᠡᠭᠴᠢ ᠶᠢᠨ ᠰᠠᠶᠢᠨ ᠳᠤᠷ᠎ᠠ ᠶᠢᠨ ᠦᠢᠯᠡᠴᠢᠯᠡᠭᠡ ᠪᠠᠨ ᠰᠠᠶᠢᠳᠤᠷ ᠬᠢᠨ᠎ᠡ  ︾    ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠨᠢ 2021 ᠣᠨ ᠳᠤ ᠪᠠᠶᠢᠭᠤᠯᠤᠭᠳᠠᠭᠰᠠᠨ ᠠᠴᠠ ᠨᠠᠰᠢ᠂ ︽ᠠᠷᠠᠳ ᠤᠨ ᠰᠤᠩᠭᠤᠭᠰᠠᠨ ᠲᠥᠯᠥᠭᠡᠯᠡᠭᠴᠢ᠂ ᠠᠷᠠᠳ ᠤᠨ ᠢᠶᠠᠨ ᠰᠠᠶᠢᠨ ᠲᠥᠯᠥᠭᠡᠯᠡᠭᠴᠢ ᠪᠤᠯᠤᠨ᠎ᠠ︾ ᠬᠡᠬᠦ ᠵᠣᠷᠢᠯᠲᠠ ᠶᠢ ᠢᠳᠡᠪᠬᠢᠲᠡᠢ ᠦᠢᠯᠡᠳᠦᠯᠭᠡᠵᠢᠭᠦᠯᠵᠦ᠂ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠬᠦᠷᠲᠡᠯ᠎ᠡ ᠠᠷᠠᠳ ᠲᠦᠮᠡᠨ ᠳᠤ ᠦᠢᠯᠡᠴᠢᠯᠡᠬᠦ ᠪᠠᠷᠢᠮᠳᠠᠯᠠᠯ ᠢ ᠵᠠᠯᠭᠠᠮᠵᠢᠯᠠᠨ ᠦᠷᠭᠦᠯᠵᠢᠯᠡᠭᠦᠯᠵᠦ᠂ ︽ᠠᠷᠠᠳ ᠤᠨ ᠬᠦᠰᠡᠯᠳᠡ ᠪᠠᠷ ᠠᠵᠢᠯ ᠡᠭᠦᠷᠭᠡ ᠪᠠᠨ ᠬᠦᠢᠴᠡᠳᠬᠡᠬᠦ︾ ᠶᠢ ᠰᠠᠶᠢᠲᠤᠷ ᠪᠡᠶᠡᠯᠡᠭᠦᠯᠵᠦ᠂ ᠠᠷᠠᠳ ᠤᠯᠠᠨ ᠤ ᠬᠦᠴᠢᠷ ᠵᠤᠪᠠᠭᠤᠷᠢ᠂ ᠬᠦᠰᠡᠯ ᠰᠠᠨᠠᠯ ᠢ ᠴᠢᠷᠮᠠᠶᠢᠨ ᠰᠢᠢᠳᠪᠦᠷᠢᠯᠡᠵᠦ ᠢᠷᠡᠪᠡ᠃ ᠣᠳᠣ ᠪᠣᠯᠲᠠᠯ᠎ᠠ᠂ ᠨᠡᠶᠢᠲᠡ ᠳᠣᠯᠣᠭᠠᠨ ᠲᠦᠮᠡ ᠭᠠᠷᠤᠢ ᠲᠥᠭᠦᠷᠢᠭ ᠤᠨ ᠬᠠᠨᠳᠢᠪ ᠤᠨ ᠮᠥᠩᠭᠦ ᠪᠠ ᠡᠳ᠋ ᠪᠣᠳᠠᠰ ᠬᠠᠨᠳᠢᠪᠯᠠᠵᠦ᠂ ᠬᠤᠪᠢ ᠪᠠᠷ ᠢᠶᠠᠨ ᠪᠤᠶᠤ ᠬᠠᠮᠳᠤ ᠢᠶᠠᠷ ᠨᠡᠶᠢᠯᠡᠵᠦ ᠦᠮᠦᠭ ᠲᠦᠰᠢᠭ ᠦᠭᠡᠢ ᠨᠠᠰᠤᠲᠠᠨ᠂ ᠦᠨᠦᠴᠢᠨ ᠦᠷᠦᠭᠡᠰᠦᠨ ᠬᠡᠦᠬᠡᠳ᠂ ᠬᠦᠴᠢᠷᠳᠡᠯ ᠳᠤ ᠲᠤᠯᠭᠠᠷᠠᠭᠰᠠᠨ ᠬᠥᠮᠥᠰ᠂ ᠵᠡᠮᠳᠡᠭ ᠲᠤᠷᠤᠢ ᠬᠦᠮᠦᠰ ᠲᠤ ᠬᠠᠪᠰᠤᠷᠤᠮᠵᠢ ᠲᠡᠮᠵᠢᠯᠭᠡ ᠤᠯᠠᠨᠳᠠ ᠦᠵᠡᠭᠦᠯᠦᠭᠰᠡᠨ ᠤ ᠬᠠᠮᠳᠤ᠂ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠬᠠᠤᠯᠢ ᠴᠠᠭᠠᠵᠠ ᠶᠢ ᠲᠦᠭᠡᠮᠡᠯᠵᠢᠭᠦᠯᠬᠦ᠂ ᠠᠵᠢᠯ ᠣᠯᠭᠤᠯᠲᠠ ᠶᠢᠨ ᠵᠢᠯᠣᠭᠤᠳᠤᠯᠭ᠎ᠠ ᠬᠢᠬᠦ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠠᠷᠠᠳ ᠲᠦᠮᠡᠨ ᠢ ᠳᠡᠭᠡᠳᠦᠯᠡᠬᠦ ᠤᠯᠠᠮᠵᠢᠯᠠᠯ ᠢᠶᠠᠨ ᠪᠠᠳᠠᠷᠠᠭᠤᠯᠤᠨ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ︽ᠠᠷᠠᠳ ᠤᠨ ᠬᠦᠰᠡᠯᠳᠡ ᠪᠠᠷ ᠠᠵᠢᠯ ᠡᠭᠦᠷᠭᠡ ᠪᠠᠨ ᠬᠦᠢᠴᠡᠳᠬᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠲᠡᠮᠳᠡᠭ ᠢ ᠡᠭᠦᠳᠦᠨ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢ ᠶᠢᠨ ᠴᠤᠭ ᠵᠢᠪᠬᠤᠭ᠎ᠠ ᠶᠢ ᠢᠯᠡᠷᠡᠭᠦᠯᠦᠭᠰᠡᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号