ᠪᠥᠬᠦ ᠠᠶᠢᠮᠠᠭ ᠤᠨ ᠬᠠᠤᠯᠢ ᠴᠠᠭᠠᠵᠠ ᠶᠢᠨ ᠦᠨᠳᠦᠰᠦᠨ ᠱᠠᠲᠤᠨ ᠤ ᠪᠦᠲᠦᠭᠡᠨ ᠪᠠᠶᠢᠭᠤᠯᠤᠯᠲᠠ ᠶᠢᠨ | ᠲᠤᠭᠤᠷᠢᠨ ᠰᠤᠷᠤᠯᠴᠠᠯᠭ᠎ᠠ ᠵᠢᠴᠢ ᠬᠡᠪ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠬᠤᠷᠠᠯ ᠪᠠᠷᠠᠭᠤᠨ | ᠦᠵᠦᠮᠦᠴᠢᠨ ᠬᠤᠰᠢᠭᠤᠨ ᠳᠤ ᠶᠠᠪᠤᠭᠳᠠᠪᠠ | | 11 ᠰᠠᠷ᠎ᠠ ᠶᠢᠨ 22-24 ᠤ ᠡᠳᠦᠷ ᠪᠤᠯᠳᠠᠯ᠎ᠠ᠂ ᠪᠥᠬᠦ ᠠᠶᠢᠮᠠᠭ ᠤᠨ ᠬᠠᠤᠯᠢ ᠴᠠᠭᠠᠵᠠ ᠶᠢᠨ ᠦᠨᠳᠦᠰᠦᠨ | ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠤᠭᠤᠷᠢᠨ ᠰᠤᠷᠤᠯᠴᠠᠯᠭ᠎ᠠ ᠵᠢᠴᠢ ᠬᠡᠪ ᠴᠢᠳᠠᠪᠤᠷᠢ ᠶᠢ | ᠳᠡᠭᠡᠭᠰᠢᠯᠡᠭᠦᠯᠬᠦ ᠪᠣᠯᠪᠠᠰᠤᠷᠠᠯ ᠤᠨ ᠬᠤᠷᠠᠯ ᠪᠠᠷᠠᠭᠤᠨ ᠦᠵᠦᠮᠦᠴᠢᠨ ᠬᠤᠰᠢᠭᠤᠨ ᠳᠤ ᠶᠠᠪᠤᠭᠳᠠᠪᠠ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠮᠦᠩᠭᠦᠨᠱᠠ ᠶᠠᠷᠢᠶᠠᠨ ᠳᠠᠭᠠᠨ᠂ ᠣᠶᠢᠷ᠎ᠠ ᠶᠢᠨ ᠵᠢᠯ ᠳᠤ᠂ | ᠪᠠᠷᠠᠭᠤᠨ ᠦᠵᠦᠮᠦᠴᠢᠨ ᠬᠤᠰᠢᠭᠤ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ | ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠠᠶᠢᠮᠠᠭ ᠤᠨ ᠨᠠᠮ ᠤᠨ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠶᠢᠨ ᠲᠤᠭᠤᠷᠢᠨ ᠳᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠪᠤᠴᠠ ᠳᠤ᠂ | ᠬᠠᠤᠯᠢ ᠶᠣᠰᠣᠭᠠᠷ ᠵᠠᠰᠠᠬᠤ ᠶᠢ ︽ᠠᠷᠠᠳ ᠲᠤ ᠠᠰᠢᠭ ᠬᠦᠷᠳᠡᠭᠡᠨ ᠲᠣᠭᠲᠠᠭᠤᠨ ᠢ ᠬᠠᠮᠠᠭᠠᠯᠠᠵᠦ ᠬᠥᠭᠵᠢᠯ ᠢ | ᠪᠠᠳᠤᠯᠠᠬᠤ︾ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠵᠢᠯ ᠪᠣᠯᠭᠠᠨ ᠠᠳᠬᠤᠬᠤ ᠪᠠ ᠰᠢᠯᠢᠳᠡᠭ | ᠲᠣᠣᠷᠵᠢᠭᠤᠯᠤᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ ᠶᠢ ᠪᠠᠷᠢᠮᠳᠠᠯᠠᠨ᠂ ᠠᠷᠠᠳ ᠤᠨ | ᠵᠣᠪᠠᠨᠢᠯ ᠢ ᠠᠷᠢᠯᠭᠠᠬᠤ ᠪᠠᠷ ᠭᠤᠣᠯᠳᠠᠯᠭ᠎ᠠ ᠪᠣᠯᠭᠠᠬᠤ ᠪᠠ ᠬᠤᠷᠢᠭ᠎ᠠ ᠱᠤᠭᠤᠮ ᠢ ᠪᠠᠲᠤ ᠰᠠᠬᠢᠬᠤ ᠪᠠᠷ ᠦᠨᠳᠦᠰᠦ | ᠪᠣᠯᠭᠠᠬᠤ ᠶᠢ ᠪᠠᠷᠢᠮᠲᠠᠯᠠᠵᠤ᠂ ᠨᠡᠶᠢᠭᠡᠮ ᠤᠨ ᠵᠠᠰᠠᠯᠲᠠ ᠶᠢᠨ ᠡᠯ᠎ᠡ ᠲᠠᠯ᠎ᠠ ᠶᠢᠨ ᠠᠵᠢᠯ ᠢ ᠢᠳᠡᠪᠬᠢᠲᠡᠢ ᠠᠬᠢᠭᠤᠯᠵᠤ᠂ ︽ | ᠲᠦᠷᠪᠡᠨ ᠦᠷᠳᠡᠭᠡ ᠨᠢᠭᠡ ᠲᠢᠩᠬᠢᠮ︾᠂ ︽ᠬᠥᠨᠳᠡᠯᠡᠨ ᠠᠴᠠ ᠲᠠᠰᠤᠯᠬᠤ + ᠡᠶᠡᠳᠡᠭᠦᠯᠭᠡ + ᠬᠠᠤᠯᠢ ᠴᠠᠭᠠᠵᠠ︾᠂ | ︽ᠵᠠᠬᠢᠳᠠᠯ ᠰᠣᠷᠪᠤᠯᠵᠢᠯᠠᠭ᠎ᠠ + ᠡᠶᠡᠳᠡᠭᠦᠯᠭᠡ + ᠬᠠᠤᠯᠢ ᠴᠠᠭᠠᠵᠠ︾᠂ ︽ᠠᠷᠠᠳ ᠤᠨ ᠡᠶᠡᠳᠡᠭᠦᠯᠭᠡ + ᠵᠠᠰᠠᠭ | ᠵᠠᠬᠢᠷᠭᠠᠨ ᠤ ᠡᠶᠡᠳᠡᠭᠦᠯᠭᠡ + ᠬᠠᠤᠯᠢ ᠴᠠᠭᠠᠵᠠ ᠶᠢᠨ ᠡᠶᠡᠳᠡᠭᠦᠯᠭᠡ︾ ᠵᠡᠷᠭᠡ ᠬᠤᠯᠪᠤᠭᠠᠯᠠᠭᠰᠠᠨ ᠲᠣᠭᠲᠠᠴᠠ ᠶᠢ | ᠪᠠᠶᠢᠭᠤᠯᠤᠨ ᠨᠡᠶᠢᠭᠡᠮ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠨ᠎ᠡ ᠲᠤᠠᠠᠳᠠᠯᠴᠠᠭᠠ ᠶᠢ | ᠪᠠᠶᠢᠭᠤᠯᠤᠭᠰᠠᠨ ᠪᠠᠶᠢᠨ᠎ᠠ ᠭᠡᠵᠡᠢ᠃ | ᠲᠣᠰ ᠤᠳᠠᠭᠠᠨ ᠤ ᠪᠣᠯᠪᠠᠰᠤᠷᠠᠯ ᠳᠤ ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠤ ᠬᠠᠤᠯᠢ ᠴᠠᠭᠠᠵᠠ ᠶᠢᠨ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠤᠯᠤᠨ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠠᠵᠢᠯᠲᠠᠨ | ᠨᠡᠶᠢᠲᠡ 120 ᠭᠠᠷᠤᠢ ᠬᠥᠮᠥᠨ ᠤᠷᠤᠯᠴᠠᠵᠦ᠂ ᠲᠤᠬᠠᠶᠢᠯᠠᠭᠰᠠᠨ ᠠᠵᠢᠯ ᠤᠨ ᠬᠢᠴᠢᠶᠡᠯᠯᠡᠭᠡ ᠪᠠ ᠲᠤᠬᠠᠢ ᠶᠢᠨ ᠭᠠᠵᠠᠷ | ᠲᠤᠨᠢ ᠲᠣᠭᠤᠷᠢᠨ ᠦᠵᠡᠬᠦ ᠬᠡᠯᠪᠡᠷᠢ ᠪᠠᠷ ᠶᠠᠪᠤᠭᠳᠠᠭᠤᠯᠤᠨ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ | ᠲᠢᠩᠬᠢᠮ ᠤᠨ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ | ᠸᠠᠩ ᠶᠦᠩ ᠰᠢᠶᠠᠨ᠂ ᠰᠢᠯᠢ ᠶᠢᠨ ᠬᠤᠳᠠ ᠶᠢᠨ ᠬᠠᠤᠯᠢ ᠴᠠᠭᠠᠵᠠ ᠶᠢᠨ ᠡᠶᠡᠳᠡᠭᠦᠯᠦᠭᠡ ᠶᠢᠨ ᠲᠥᠪ ᠤᠨ ᠡᠷᠬᠢᠯᠡᠭᠴᠢ | ᠬᠠᠨ ᠶᠠ ᠵᠢᠤᠸᠠᠨ᠂ ᠰᠢᠯᠢ ᠶᠢᠨ ᠬᠤᠳᠠ ᠶᠢᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠭᠴᠢ ᠲᠠᠷᠤᠭ᠎ᠠ | ᠰᠡᠷᠭᠦᠯᠡᠩ ᠠᠴᠠ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠭ᠎ᠠ ᠶᠢᠨ ᠣᠨᠣᠯ ᠪᠠ ᠪᠣᠳᠠᠲᠤ ᠠᠵᠢᠯ᠂ ᠠᠷᠠᠳ ᠤᠨ | ᠡᠶᠡᠳᠡᠭᠦᠯᠭᠡ ᠶᠢᠨ ᠳᠠᠪᠠᠭᠤᠯᠢᠭ ᠪᠠ ᠤᠷ᠎ᠠ ᠮᠡᠷᠭᠡᠵᠢᠯ᠂ ᠲᠤᠬᠠᠶᠢᠯᠠᠭᠰᠠᠨ ᠠᠵᠢᠯ ᠤᠨ ᠦᠢᠯᠡᠳᠦᠯᠭᠡ ᠪᠠ ᠪᠢᠴᠢᠭ | ᠮᠠᠲ᠋ᠧᠷᠢᠶᠠᠯ ᠤᠨ ᠲᠤᠭᠤᠷᠢᠨ ᠳᠤ ᠲᠠᠶᠢᠯᠤᠮᠵᠢ ᠬᠢᠪᠡ᠃ | ︵ᠰᠤᠷᠪᠤᠯᠵᠢᠯᠠᠭ᠎ᠠ᠄ ᠡᠷᠢᠶᠡᠨ ᠬᠤᠳᠠ ᠶᠢᠨ ᠬᠠᠤᠯᠢ ᠴᠠᠭᠠᠵᠠ ᠶᠢᠨ ᠲᠤᠪᠴᠢᠶᠠᠨ ᠤ ᠠᠵᠢᠯᠳᠠᠨ ᠯᠢᠶᠠᠩ ᠳ᠋ᠧᠩ | ᠭᠤᠸᠠᠩ --- ᠡᠨᠡ ᠤᠳᠠᠭ᠎ᠠ ᠲᠤᠭᠤᠷᠢᠨ ᠰᠤᠷᠤᠯᠴᠠᠬᠤ ᠪᠠᠷ ᠲᠠᠮᠵᠢᠨ ᠲᠠᠷᠢᠬᠦᠨ ᠤ ᠠᠷᠭ᠎ᠠ ᠲᠤᠷᠰᠢᠯᠭ᠎ᠠ ᠶᠢ ᠰᠤᠷᠴᠤ | ᠤᠶᠢᠯᠠᠭᠠᠬᠤ ᠪᠠᠷ ᠢᠷᠡᠵᠡᠢ᠂ ᠬᠠᠤᠯᠢ ᠴᠠᠭᠠᠵᠠ ᠶᠢᠨ ᠠᠵᠢᠯᠳᠠᠨ ᠪᠤᠯᠤᠭᠰᠠᠨ ᠤ ᠬᠤᠪᠢ ᠳᠤ ᠠᠵᠢᠯ ᠲᠤᠮᠳᠠᠬᠢ | ᠤᠶᠢᠯᠠᠭᠠᠬᠤ ᠦᠭᠡᠢ ᠪᠤᠶᠤ ᠬᠦᠷᠦᠯᠴᠡᠬᠦ ᠦᠭᠡᠢ ᠲᠠᠯ᠎ᠠ ᠪᠠᠨ ᠤᠯᠵᠤ ᠨᠦᠬᠦᠪᠦᠷᠢᠯᠡᠯᠡ᠂ ᠪᠠᠷᠠᠭᠤᠨ ᠦᠵᠦᠮᠦᠴᠢᠨ ᠤ | ᠮᠠᠰᠢ ᠤᠯᠠᠨ ᠰᠢᠨᠡᠴᠢᠯᠡᠯᠳᠡ ᠲᠠᠢ ᠵᠦᠢᠯ ᠢ ᠰᠤᠷᠤᠯᠴᠠᠬᠤ ᠴᠢᠬᠤᠯᠠ ᠲᠠᠢ ᠪᠠᠶᠢᠨ᠎ᠠ ︶ | ᠬᠤᠷᠠᠯ ᠳᠤ ᠣᠷᠣᠯᠴᠠᠭᠰᠠᠳ ᠨᠢ ᠪᠠᠰᠠ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠠᠬᠠᠭᠠᠯᠭ᠎ᠠ ᠰᠤᠮᠤᠨ ᠤ ︽ | ᠦᠷᠳᠡᠭᠡᠴᠢᠯᠡᠭᠰᠡᠨ ᠮᠠᠶ᠋ᠢᠭ︾ ᠤᠨ ᠵᠥᠷᠢᠴᠡᠯ ᠵᠢᠭᠤᠷᠠᠭᠠᠨ ᠢ ᠰᠢᠢᠳᠪᠦᠷᠢᠯᠡᠬᠦ ᠲᠥᠪ᠂ ︽ᠨᠡᠭᠦᠳᠡᠯ ᠡᠶᠡᠳᠡᠭᠦᠯᠭᠡ ᠶᠢᠨ | ᠭᠡᠷ︾᠂ 99 ᠨᠤᠮᠧᠷᠳᠤ ᠥᠷᠲᠡᠭᠡ᠂ ᠪᠠᠯᠭᠠᠷᠭᠤᠤᠯ ᠪᠠᠯᠭᠠᠰᠤᠨ ᠤ ᠬᠠᠤᠯᠢ ᠴᠠᠭᠠᠵᠠ ᠶᠢᠨ ᠦᠷᠳᠡᠭᠡ᠂ ︽ᠳᠥᠷᠪᠡᠨ | ᠦᠷᠳᠡᠭᠡ ᠨᠢᠭᠡ ᠲᠢᠩᠬᠢᠮ︾ ᠤᠨ ᠬᠤᠯᠪᠤᠭᠠᠯᠠᠨ ᠵᠤᠬᠢᠴᠠᠭᠤᠯᠬᠤ ᠲᠠᠰᠤᠭ᠂ ᠪᠠᠷᠠᠭᠤᠨ ᠦᠵᠦᠮᠦᠴᠢᠨ ᠬᠤᠰᠢᠭᠤᠨ ᠤ | ︽ᠦᠷᠳᠡᠭᠡᠴᠢᠯᠡᠭᠰᠡᠨ ᠮᠠᠶ᠋ᠢᠭ︾ ᠤᠨ ᠵᠥᠷᠢᠴᠡᠯ ᠵᠢᠭᠤᠷᠠᠭᠠᠨ ᠢ ᠰᠢᠢᠳᠪᠦᠷᠢᠯᠡᠬᠦ ᠲᠥᠪ ᠪᠤᠯᠤᠨ ᠬᠤᠰᠢᠭᠤᠨ ᠤ | ᠬᠠᠤᠯᠢ ᠴᠠᠭᠠᠵᠠ ᠶᠢᠨ ᠲᠣᠪᠴᠢᠶ᠎ᠠ ᠶᠢᠨ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠲᠥᠪ᠂ ᠰᠢᠭᠦᠬᠦ | ᠬᠤᠷᠢᠶᠠᠨ ᠳᠤ ᠰᠠᠭᠤᠭ᠎ᠠ ᠠᠷᠠᠳ ᠤᠨ ᠡᠶᠡᠳᠡᠭᠦᠯᠭᠡ ᠶᠢᠨ ᠠᠵᠢᠯ ᠤᠨ ᠲᠠᠰᠤᠭ ᠵᠡᠷᠭᠡ ᠭᠠᠵᠠᠷ ᠢᠶᠠᠷ ᠲᠣᠭᠤᠷᠢᠨ | ᠦᠵᠡᠭᠰᠡᠨ ᠤ ᠬᠠᠮᠲᠤ᠂ ᠬᠠᠤᠯᠢ ᠴᠠᠭᠠᠵᠠ ᠶᠢᠨ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ | ᠠᠵᠢᠯ ᠤᠨ ᠦᠷ᠎ᠡ ᠪᠦᠳᠦᠭᠡᠯ ᠪᠠ ᠲᠤᠷᠰᠢᠯᠭ᠎ᠠ ᠪᠠᠨ ᠰᠤᠳᠤᠯᠤᠨ ᠰᠤᠯᠢᠯᠴᠠᠭᠰᠠᠨ ᠪᠠᠶᠢᠨ᠎ᠠ᠃ | | |