ᠪᠠᠷᠠᠭᠤᠨ ᠦᠵᠦᠮᠦᠴᠢᠨ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠬᠤᠶᠠᠳᠤᠭᠠᠷ ᠬᠤᠭᠤᠴᠠᠭᠠᠨ ᠤ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠡᠭᠡᠰᠦ ᠦᠰᠦᠷᠬᠦ ᠤᠷᠤᠯᠳᠤᠭᠠᠨᠡᠷᠬᠢᠯᠡᠪᠡ | | ᠶᠣᠰᠣ ᠰᠤᠷᠲᠠᠬᠤᠨ ᠢᠶᠠᠷ ᠬᠦᠮᠦᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠬᠡᠪ ᠴᠢᠨᠠᠷ ᠤᠨ ᠰᠤᠷᠭᠠᠨ ᠬᠥᠮᠦᠵᠢᠯ ᠢ ᠶᠡᠬᠡᠪᠡᠷ ᠬᠡᠷᠡᠭᠵᠢᠭᠦᠯᠦᠨ᠂ ᠰᠢᠨ᠎ᠡ ᠴᠠᠭ ᠦᠶ᠎ᠡ ᠶᠢᠨ | ᠰᠤᠷᠭᠠᠭᠤᠯᠢ ᠶᠢᠨ ᠪᠡᠶ᠎ᠡ ᠲᠠᠮᠢᠷ ᠤᠨ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠰᠤᠷᠤᠭᠴᠢᠳ ᠤᠨ ᠶᠡᠷᠦᠩᠬᠡᠢ ᠬᠡᠪ | ᠴᠢᠨᠠᠷ ᠢ ᠬᠦᠴᠦᠯᠡᠨ ᠳᠡᠭᠡᠭᠰᠢᠯᠡᠭᠦᠯᠬᠦ ᠶᠢᠨ ᠲᠤᠰᠠᠳᠠ᠂ 2023 ᠣᠨ ᠤ 11 ᠰᠠᠷ᠎ᠠ ᠶᠢᠨ 23 ᠤ ᠡᠳᠦᠷ᠂ ᠪᠥᠬᠦ | ᠬᠤᠰᠢᠭᠤᠨ ᠤ ᠬᠤᠶᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠡᠭᠡᠰᠦ | ᠦᠰᠦᠷᠬᠦ ᠤᠷᠤᠯᠳᠤᠭᠠᠨ ᠢ ᠨᠢᠭᠡᠳᠦᠭᠡᠷ ᠪᠠᠭ᠎ᠠ ᠰᠤᠷᠭᠠᠭᠤᠯᠢ ᠳᠤ ᠠᠮᠵᠢᠯᠲᠠ ᠲᠠᠢ ᠶᠠᠪᠤᠭᠳᠠᠭᠤᠯᠪᠠ᠃ | | ᠲᠤᠰ ᠤᠳᠠᠭᠠᠨ ᠤ ᠤᠷᠤᠯᠳᠤᠭᠠᠨ ᠨᠢ ᠡᠯ᠎ᠡ ᠰᠤᠷᠭᠠᠭᠤᠯᠢ ᠶᠢᠨ ᠰᠤᠷᠭᠠᠭᠤᠯᠢ ᠶᠢᠨ ᠳᠡᠰ ᠤᠨ ᠬᠤᠯᠪᠣᠭᠠᠲᠤ | ᠤᠷᠤᠯᠳᠤᠭᠠᠨ ᠤ ᠰᠠᠭᠤᠷᠢᠨ ᠳᠡᠭᠡᠷ᠎ᠡ ᠶᠠᠪᠤᠭᠳᠠᠵᠤ᠂ ᠰᠤᠷᠭᠠᠭᠤᠯᠢ ᠶᠢᠨ ᠳᠡᠰ ᠤᠨ ᠤᠷᠤᠯᠳᠤᠭᠠᠨ ᠳᠤ ᠰᠢᠯᠭᠠᠷᠠᠭᠰᠠᠨ | ᠰᠢᠯᠢᠳᠡᠭ ᠠᠩᠭᠢ ᠶᠢ ᠰᠣᠩᠭᠤᠨ ᠣᠷᠣᠯᠴᠠᠭᠤᠯᠤᠭᠰᠠᠨ ᠪᠠᠶᠢᠨ᠎ᠠ᠃ ᠤᠷᠤᠯᠳᠤᠭᠠᠨ ᠤ ᠠᠭᠤᠯᠭ᠎ᠠ ᠨᠢ ᠪᠠᠭ᠎ᠠ | ᠰᠤᠷᠭᠠᠭᠤᠯᠢ ᠶᠢᠨ ᠳᠤᠭᠤᠶᠢᠯᠠᠩ ᠳᠤ ᠨᠠᠰᠤᠨ ᠤ ᠬᠤᠪᠢᠶᠠᠷᠢ ᠪᠠᠷ ᠨᠢ 30 ᠰᠧᠺᠦ᠋ᠨ᠋ᠳ᠋ ᠲᠤ ᠰᠢᠭᠤᠳ ᠦᠰᠦᠷᠬᠦ᠂ | 30 ᠰᠧᠺᠦ᠋ᠨ᠋ᠳ᠋ ᠲᠤ ᠠᠯᠤᠰᠯᠠᠵᠤ ᠰᠣᠯᠪᠢᠴᠠᠭᠤᠯᠤᠨ ᠦᠰᠦᠷᠬᠦ᠂ ᠠᠷᠪᠠᠨ ᠬᠥᠮᠥᠨ ᠨᠢᠭᠡ ᠮᠢᠨᠦ᠋ᠲ ᠲᠤ ᠤᠷᠲᠤ | ᠳᠡᠭᠡᠰᠦ ᠪᠠᠷ ︽8︾ ᠦᠰᠦᠭ ᠤᠨ ᠬᠡᠯᠪᠡᠷᠢ ᠪᠠᠷ ᠦᠰᠦᠷᠬᠦ᠂ ᠬᠠᠮᠲᠤ ᠶᠢᠨ ᠤᠷᠠᠨ ᠦᠰᠦᠷᠦᠯᠲᠡ ᠵᠡᠷᠭᠡ ᠳᠥᠷᠪᠡᠨ | ᠵᠦᠢᠯ ᠢ ᠲᠣᠬᠢᠷᠠᠭᠤᠯᠪᠠ᠃ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠳᠤ ᠬᠠᠮᠲᠤ ᠶᠢᠨ ᠤᠷᠠᠨ ᠦᠰᠦᠷᠦᠯᠲᠡ ᠶᠢᠨ | ᠤᠷᠤᠯᠳᠤᠭᠠᠨ ᠤ ᠵᠦᠢᠯ ᠢ ᠲᠣᠬᠢᠷᠠᠭᠤᠯᠤᠭᠰᠠᠨ ᠦᠭᠡᠢ᠃ ᠳᠤᠮᠳᠠᠳᠤ ᠪᠠᠭ᠎ᠠ ᠰᠤᠷᠭᠠᠭᠤᠯᠢ ᠶᠢᠨ 630 ᠭᠠᠷᠤᠢ | ᠰᠤᠷᠤᠭᠴᠢ ᠲᠤᠰ ᠤᠳᠠᠭᠠᠨ ᠤ ᠤᠷᠤᠯᠳᠤᠭᠠᠨ ᠳᠤ ᠣᠷᠣᠯᠴᠠᠵᠠᠢ᠃ | | ᠬᠤᠷᠴᠠ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠤᠷᠤᠯᠳᠤᠭᠠᠨ ᠤ ᠳ᠋ᠦᠩ ᠳᠤ᠂ ᠠᠩᠬ᠎ᠠ ᠵᠡᠷᠭᠡ ᠶᠢᠨ | ᠬᠤᠶᠠᠳᠤᠭᠠᠷ ᠳᠤᠮᠳᠠᠳᠤ ᠰᠤᠷᠭᠠᠭᠤᠯᠢ ᠶᠢᠨ 276 ᠠᠩᠭᠢ ᠨᠢ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ | ᠬᠠᠮᠲᠤ ᠶᠢᠨ ᠤᠷᠠᠨ ᠦᠰᠦᠷᠦᠯᠲᠡ ᠶᠢᠨ ᠤᠷᠤᠯᠳᠤᠭᠠᠨ ᠳᠤ ᠲᠡᠷᠢᠭᠦᠯᠡᠵᠦ᠂ ᠠᠩᠬ᠎ᠠ ᠵᠡᠷᠭᠡ ᠵᠢᠨᠨᠢᠭᠡᠳᠦᠭᠡᠷ | ᠳᠤᠮᠳᠠᠳᠤ ᠰᠤᠷᠭᠠᠭᠤᠯᠢ ᠶᠢᠨ 332 ᠠᠩᠭᠢ᠂ 338 ᠠᠩᠭᠢ ᠨᠢ ᠲᠣᠰ ᠲᠣᠰ ᠬᠤᠶᠠᠳᠤᠭᠠᠷ᠂ ᠭᠤᠷᠪᠠᠳᠤᠭᠠᠷ | ᠨᠡᠷ᠎ᠡ ᠳᠤ ᠲᠣᠳᠣᠷᠠᠪᠠ᠃ ᠨᠢᠭᠡᠳᠦᠭᠡᠷ ᠪᠠᠭ᠎ᠠ ᠰᠤᠷᠭᠠᠭᠤᠯᠢ ᠶᠢᠨ 5 ᠳ᠋ᠤᠭᠠᠷ ᠣᠨ ᠤ 6 ᠳ᠋ᠤᠭᠠᠷ ᠠᠩᠭᠢ᠂ 6 ᠳ᠋ᠤᠭᠠᠷ | ᠣᠨ ᠤ 4 ᠳ᠋ᠦ᠋ᠭᠡᠷᠠᠩᠭᠢ᠂ 4 ᠳ᠋ᠦ᠋ᠭᠡᠷ ᠣᠨ ᠤ 3 ᠳ᠋ᠤᠭᠠᠷ ᠠᠩᠭᠢ ᠨᠢ ᠪᠠᠭ᠎ᠠ ᠰᠤᠷᠭᠠᠭᠤᠯᠢ ᠶᠢᠨ ᠳᠤᠭᠤᠶᠢᠯᠠᠩ | ᠤᠨ ᠬᠠᠮᠲᠤ ᠶᠢᠨ ᠤᠷᠠᠨ ᠦᠰᠦᠷᠦᠯᠲᠡ ᠶᠢᠨ ᠤᠷᠤᠯᠳᠤᠭᠠᠨ ᠤ ᠡᠮᠦᠨ᠎ᠡ ᠭᠤᠷᠪᠠᠨ ᠨᠡᠷ᠎ᠡ ᠳᠤ ᠲᠣᠳᠣᠷᠠᠵᠠᠢ᠃ | ᠨᠢᠭᠡᠳᠦᠭᠡᠷ ᠪᠠᠭ᠎ᠠ ᠰᠤᠷᠭᠠᠭᠤᠯᠢ ᠶᠢᠨ 6 ᠳ᠋ᠤᠭᠠᠷ ᠣᠨ ᠤ 5 ᠳ᠋ᠤᠭᠠᠷ ᠠᠩᠭᠢ᠂ ᠭᠤᠷᠪᠠᠳᠤᠭᠠᠷ ᠪᠠᠭ᠎ᠠ | ᠰᠤᠷᠭᠠᠭᠤᠯᠢ ᠶᠢᠨ 6 ᠳ᠋ᠤᠭᠠᠷ ᠣᠨ ᠤ 2 ᠳ᠋ᠤᠭᠠᠷ ᠠᠩᠭᠢ᠂ ᠳᠥᠷᠪᠡᠳᠦᠭᠡᠷ ᠪᠠᠭ᠎ᠠ ᠰᠤᠷᠭᠠᠭᠤᠯᠢ ᠶᠢᠨ 6 ᠳ᠋ᠤᠭᠠᠷ | ᠣᠨ ᠤ 2 ᠳ᠋ᠤᠭᠠᠷ ᠠᠩᠭᠢ ᠨᠢ ᠲᠣᠰ ᠲᠣᠰ 10 ᠬᠥᠮᠥᠨ ᠨᠢᠭᠡ ᠮᠢᠨᠦ᠋ᠲ ᠲᠤ ︽8︾ ᠥᠰᠥᠭ ᠤᠨ | ᠬᠡᠯᠪᠡᠷᠢ ᠪᠠᠷ ᠦᠰᠦᠷᠬᠦ ᠤᠷᠤᠯᠳᠤᠭᠠᠨ ᠤ ᠡᠮᠦᠨ᠎ᠡ ᠭᠤᠷᠪᠠᠨ ᠨᠡᠷ᠎ᠡ ᠳᠤ ᠲᠣᠳᠣᠷᠠᠪᠠ᠃ ᠭᠤᠷᠪᠠᠳᠤᠭᠠᠷ ᠪᠠᠭ᠎ᠠ | ᠰᠤᠷᠭᠠᠭᠤᠯᠢ ᠶᠢᠨ 2 ᠳ᠋ᠤᠭᠠᠷ ᠣᠨ ᠤ 3 ᠳ᠋ᠤᠭᠠᠷ ᠠᠩᠭᠢ᠂ ᠨᠢᠭᠡᠳᠦᠭᠡᠷ ᠪᠠᠭ᠎ᠠ ᠰᠤᠷᠭᠠᠭᠤᠯᠢ ᠶᠢᠨ 2 ᠳ᠋ᠤᠭᠠᠷ ᠣᠨ ᠤ | 6 ᠳ᠋ᠤᠭᠠᠷ ᠠᠩᠭᠢ᠂ ᠬᠤᠶᠠᠳᠤᠭᠠᠷ ᠪᠠᠭ᠎ᠠ ᠰᠤᠷᠭᠠᠭᠤᠯᠢ ᠶᠢᠨ 2 ᠳ᠋ᠤᠭᠠᠷ ᠣᠨ ᠤ 2 ᠳ᠋ᠤᠭᠠᠷ ᠠᠩᠭᠢ ᠲᠣᠰ ᠲᠣᠰ | 30 ᠰᠧᠺᠦ᠋ᠨ᠋ᠳ᠋ ᠲᠤ ᠰᠢᠭᠤᠳ ᠦᠰᠦᠷᠬᠦ ᠤᠷᠤᠯᠳᠤᠭᠠᠨ ᠤ ᠡᠮᠦᠨ᠎ᠡ ᠭᠤᠷᠪᠠ ᠳᠤ ᠲᠣᠳᠣᠷᠠᠪᠠ᠃ ᠨᠢᠭᠡᠳᠦᠭᠡᠷ ᠪᠠᠭ᠎ᠠ | ᠰᠤᠷᠭᠠᠭᠤᠯᠢ ᠶᠢᠨ 4 ᠳ᠋ᠦ᠋ᠭᠡᠷ ᠣᠨ ᠤ 6 ᠳ᠋ᠤᠭᠠᠷ ᠠᠩᠭᠢ᠂ ᠬᠤᠶᠠᠳᠤᠭᠠᠷ ᠪᠠᠭ᠎ᠠ ᠰᠤᠷᠭᠠᠭᠤᠯᠢ ᠶᠢᠨ 3 ᠳ᠋ᠤᠭᠠᠷ | ᠣᠨ ᠤ 3 ᠳ᠋ᠤᠭᠠᠷ ᠠᠩᠭᠢ᠂ ᠭᠤᠷᠪᠠᠳᠤᠭᠠᠷ ᠪᠠᠭ᠎ᠠ ᠰᠤᠷᠭᠠᠭᠤᠯᠢ ᠶᠢᠨ 3 ᠳ᠋ᠤᠭᠠᠷ ᠣᠨ ᠤ 3 ᠳ᠋ᠤᠭᠠᠷ ᠠᠩᠭᠢ ᠲᠤᠰ | ᠲᠤᠰ 30 ᠰᠧᠺᠦ᠋ᠨ᠋ᠳ᠋ ᠲᠤ ᠠᠯᠤᠰᠯᠠᠵᠤ ᠰᠣᠯᠪᠢᠴᠠᠭᠤᠯᠤᠨ ᠦᠰᠦᠷᠬᠦ ᠤᠷᠤᠯᠳᠤᠭᠠᠨ ᠤ ᠡᠮᠦᠨ᠎ᠡ ᠭᠤᠷᠪᠠ ᠳᠤ | ᠲᠣᠳᠣᠷᠠᠭᠰᠠᠨ ᠪᠠᠶᠢᠨ᠎ᠠ᠃ ᠶᠢᠨ ᠴᠦᠨ ᠬᠤᠸᠠ᠂ ᠰᠠᠷᠠᠭᠤᠯᠴᠡᠴᠡᠭᠵᠡᠷᠭᠡ 10 ᠭᠠᠷᠤᠢ ᠪᠠᠭᠰᠢ ᠰᠢᠯᠢᠳᠡᠭ | ᠰᠤᠷᠭᠠᠭᠴᠢ ᠶᠢᠨ ᠢᠷᠠᠭᠤ ᠠᠯᠳᠠᠷ ᠢ ᠭᠥᠷᠳᠡᠪᠡ᠃ | | ᠡᠯ᠎ᠡ ᠲᠥᠯᠥᠭᠡᠯᠡᠭᠴᠢᠳ ᠤᠨ ᠠᠩᠭᠢ ᠶᠢᠨ ᠤᠷᠤᠯᠳᠤᠭᠠᠨ ᠳᠤ ᠣᠷᠣᠯᠴᠠᠭᠰᠠᠨ ᠰᠤᠷᠤᠭᠴᠢᠳ ᠢᠳᠡᠪᠬᠢᠲᠡᠢ | ᠪᠣᠯᠪᠠᠰᠤᠷᠠᠵᠤ᠂ ᠨᠠᠷᠢᠨ ᠬᠢᠨᠠᠮᠠᠭᠠᠢ ᠤᠷᠤᠯᠳᠤᠨ᠂ ᠰᠢᠯᠢᠳᠡᠭ ᠬᠢᠷᠢ ᠪᠦᠲᠦᠮᠵᠢ ᠣᠯᠬᠤ ᠶᠢᠨ ᠬᠠᠮᠲᠤ᠂ ᠪᠥᠬᠦ | ᠬᠤᠰᠢᠭᠤᠨ ᠤ ᠵᠠᠯᠠᠭᠤᠴᠤᠳ ᠪᠠᠭᠠᠴᠤᠳ ᠤᠨ ᠪᠣᠯᠪᠠᠰᠤᠨ᠂ ᠢᠳᠡᠪᠬᠢᠲᠡᠢ᠂ ᠡᠷᠡᠭᠦᠯ᠂ ᠥᠭᠡᠳᠡᠷᠬᠡᠭ ᠣᠶᠤᠨ | ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ︽ | ᠪᠡᠶ᠎ᠡ ᠲᠠᠮᠢᠷ ᠢ ᠡᠷᠬᠢᠮᠯᠡᠵᠦ ᠡᠷᠡᠭᠦᠯ ᠴᠢᠭᠢᠷᠠᠭ᠂ ᠪᠠᠶᠠᠷ ᠬᠥᠷ ᠲᠠᠢ ᠥᠭᠰᠥᠨ ᠪᠣᠶᠢᠵᠢᠬᠤ︾ ᠪᠡᠶ᠎ᠡ ᠶᠢᠨ ᠲᠠᠮᠢᠷ ᠤᠨ | ᠬᠠᠯᠠᠭᠤᠨ ᠥᠷᠨᠢᠯᠲᠡ ᠶᠢ ᠤᠯᠠᠮ ᠨᠢᠭᠡ ᠠᠯᠬᠤᠮ ᠥᠷᠨᠢᠭᠦᠯᠵᠦ᠂ ᠡᠯ᠎ᠡ ᠰᠤᠷᠭᠠᠭᠤᠯᠢ ᠶᠢᠨ ᠪᠡᠶ᠎ᠡ ᠲᠠᠮᠢᠷ ᠤᠨ | ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠪᠠ᠃ | | |