ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/30
ᠦᠵᠡᠯ ᠰᠠᠨᠠᠭ᠎ᠠ ᠶᠢ ᠰᠤᠷᠤᠯᠴᠠᠵᠤ ᠨᠠᠮᠴᠢ ᠴᠢᠨᠠᠷ ᠢ ᠴᠢᠩᠭᠠᠳᠬᠠᠵᠤ ᠦᠢᠯᠡᠳᠦᠯᠭᠡ ᠶᠢ ᠴᠢᠬᠤᠯᠠᠴᠢᠯᠠᠵᠤ ᠰᠢᠨ᠎ᠡ ᠭᠠᠪᠢᠶ᠎ᠠ ᠪᠠᠶᠢᠭᠤᠯᠰᠤᠭᠠᠢ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ                         11 ᠰᠠᠷ᠎ᠠ ᠶᠢᠨ 23 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂  ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠮᠥᠩᠭᠦᠨᠱᠠ ᠬᠤᠷᠠᠯ ᠡᠷᠭᠢᠯᠡᠨ ᠶᠠᠷᠢᠶ᠎ᠠ ᠲᠠᠯᠪᠢᠵᠤ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂  ᠬᠤᠰᠢᠭᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠪᠠ ᠠᠯᠪᠠᠨ ᠭᠡᠷ ᠤᠨ ᠠᠵᠢᠯᠲᠠᠳ ᠬᠤᠷᠠᠯ ᠳᠤ ᠣᠷᠣᠯᠴᠠᠵᠠᠢ᠃   ᠬᠤᠷᠠᠯ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠬᠠᠮᠤᠭ ᠤᠨ ᠰᠢᠨ᠎ᠡ ᠴᠢᠬᠤᠯᠠ ᠶᠠᠷᠢᠶ᠎ᠠ ᠪᠣᠯᠣᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠰᠢᠭᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠶᠡᠷᠦᠩᠬᠡᠢ ᠪᠠᠶᠢᠳᠠᠯ ᠤᠨ ᠬᠠᠷᠢᠭᠤ ᠮᠡᠳᠡᠭᠦᠯᠦᠯᠲᠡ ᠪᠣᠯᠣᠨ ᠡᠯ᠎ᠡ ᠲᠤᠰᠬᠠᠢ ᠠᠵᠢᠯᠯᠠᠬᠤ ᠳᠤᠭᠤᠶᠢᠯᠠᠩ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠣᠯ ᠰᠡᠳᠦᠪᠲᠦ ᠬᠥᠮᠦᠵᠢᠯ ᠤᠨ ᠴᠡᠭᠴᠡᠯᠡᠨ ᠰᠠᠶᠢᠵᠢᠷᠠᠭᠤᠯᠵᠤ ᠵᠠᠰᠠᠬᠤ ᠶᠠᠪᠤᠳᠠᠯ ᠢ ᠬᠢᠨᠠᠨ ᠵᠥᠪᠯᠡᠭᠰᠡᠨ ᠪᠥᠭᠡᠳ ᠭᠤᠣᠯᠳᠠᠯᠭ᠎ᠠ ᠲᠠᠢ ᠠᠵᠢᠯ  ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃  ᠬᠤᠷᠠᠯ ᠠᠴᠠ ᠴᠢᠬᠤᠯᠠᠴᠢᠯᠠᠭᠰᠠᠨ ᠨᠢ᠄   ᠪᠦᠭᠦ ᠬᠤᠰᠢᠭᠤᠨ ᠤ ᠭᠤᠣᠯ ᠰᠡᠳᠦᠪᠲᠦ ᠰᠤᠷᠭᠠᠨ ᠬᠥᠮᠦᠵᠢᠯ ᠨᠢ ᠶᠠᠭ ᠰᠠᠶᠢᠬᠠᠨ ᠭᠦᠨᠵᠡᠭᠡᠶᠢᠷᠡᠭᠦᠯᠦᠨ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠠᠭᠠᠨ ᠪᠠᠶᠢᠨ᠎ᠠ᠂ ᠡᠶᠢᠮᠦ ᠠᠴᠠ ᠡᠷᠬᠡᠪᠰᠢ ᠴᠠᠭ ᠬᠤᠭᠤᠴᠠᠭ᠎ᠠ  ᠶᠢ ᠡᠵᠡᠮᠳᠡᠵᠦ᠂ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠪᠠᠨ ᠦᠷᠭᠦᠯᠵᠢᠯᠡᠨ  ᠴᠢᠩᠭᠠᠳᠬᠠᠨ ᠪᠣᠳᠠᠲᠠᠶᠢᠵᠢᠭᠤᠯᠵᠤ᠂ ᠪᠠᠷᠢᠮᠵᠢᠶ᠎ᠠ ᠬᠠᠷᠠᠯᠲᠠ ᠱᠠᠭᠠᠷᠳᠠᠯᠭ᠎ᠠ ᠪᠣᠯᠣᠨ ᠭᠤᠣᠯᠳᠠᠯᠭ᠎ᠠ ᠲᠠᠢ ᠡᠭᠦᠷᠭᠡ ᠲᠠᠢ ᠬᠠᠷᠭᠤᠭᠤᠯᠵᠤ᠂ ᠣᠳᠣᠬᠠᠨ ᠤ ᠭᠤᠣᠯ ᠰᠡᠳᠦᠪᠲᠦ ᠬᠥᠮᠦᠵᠢᠯ ᠢ ᠠᠬᠢᠭᠤᠯᠵᠤ ᠪᠠᠶᠢᠭ᠎ᠠ ᠪᠠᠶᠢᠳᠠᠯ ᠪᠣᠯᠣᠨ ᠵᠥᠷᠢᠶ᠎ᠡ᠂ ᠬᠦᠷᠦᠯᠴᠡᠬᠦ ᠦᠭᠡᠢ ᠲᠠᠯ᠎ᠠ ᠶᠢ ᠪᠦᠬᠦ ᠲᠠᠯ᠎ᠠ ᠪᠠᠷ ᠬᠢᠨᠠᠨ ᠦᠵᠡᠵᠦ᠂ ᠤᠨᠤᠯ ᠤᠨ ᠰᠤᠷᠤᠯᠴᠠᠯᠭ᠎ᠠ ᠪᠣᠯᠣᠨ ᠰᠤᠷᠤᠯᠴᠠᠬᠤ ᠬᠡᠷᠡᠭᠯᠡᠬᠦ ᠶᠢ ᠤᠶᠠᠯᠳᠤᠭᠤᠯᠬᠤ ᠶᠢ ᠴᠢᠩᠭᠠᠳᠬᠠᠬᠤ ᠳᠡᠭᠡᠷ᠎ᠡ ᠬᠦᠴᠦ ᠲᠠᠯᠪᠢᠵᠤ᠂ ᠪᠠᠶᠢᠴᠠᠭᠠᠨ ᠰᠤᠳᠤᠯᠤᠯᠲᠠ ᠪᠣᠯᠣᠨ ᠦᠷ᠎ᠡ ᠪᠦᠲᠦᠭᠡᠯ ᠢ ᠤᠶᠠᠯᠳᠤᠭᠤᠯᠬᠤ ᠶᠢ ᠭᠦᠨᠵᠡᠭᠡᠢ ᠪᠥᠭᠡᠳ ᠪᠣᠳᠠᠲᠠᠢ ᠪᠠᠷ ᠠᠬᠢᠭᠤᠯᠵᠤ᠂ ᠡᠯ᠎ᠡ ᠵᠦᠢᠯ ᠤᠨ ᠠᠰᠠᠭᠤᠳᠠᠯ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠴᠢᠩᠭ᠎ᠠ ᠪᠣᠳᠠᠲᠠᠢ ᠰᠠᠶᠢᠲᠤᠷ ᠠᠳᠬᠤᠬᠤ ᠬᠡᠷᠡᠭᠲᠡᠢ᠃ ᠪᠥᠬᠦ ᠬᠤᠰᠢᠭᠤᠨ ᠤ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠲᠤᠰᠬᠠᠢ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠤᠨ᠂ ︽ᠠᠷᠠᠳ ᠲᠦᠮᠡᠨ ᠤ ᠬᠦᠰᠡᠯ ᠱᠠᠭᠠᠷᠳᠠᠯᠭ᠎ᠠ ᠶᠢᠨ ᠲᠥᠯᠥᠭᠡ ᠦᠢᠯᠡᠴᠢᠯᠡᠬᠦ︾ ᠲᠣᠭᠲᠠᠴᠠ ᠶᠢ ᠯᠠᠪᠳᠠᠭᠤᠨ ᠢᠶᠠᠷ ᠠᠬᠢᠭᠤᠯᠵᠤ᠂ ᠨᠢᠭᠡ ᠪᠦᠯᠦᠭ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠪᠠ ᠣᠯᠠᠨ ᠲᠦᠮᠡᠨ ᠤ ᠲᠤᠰᠬᠠᠯ ᠶᠡᠬᠡᠲᠡᠢ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠠᠵᠢᠯ ᠤᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠤᠯᠤᠰ ᠲᠥᠷᠥᠴᠢ ᠴᠢᠨᠠᠷ᠂ ᠲᠥᠪ ᠴᠢᠩᠭ᠎ᠠ ᠴᠢᠨᠠᠷ ᠢ ᠴᠢᠨᠠᠭᠰᠢᠳᠠ ᠴᠢᠩᠭᠠᠳᠬᠠᠵᠤ᠂ ᠬᠡᠯᠪᠡᠷᠢᠴᠢ ᠦᠵᠡᠯ ᠢ ᠡᠷᠡᠰ ᠰᠡᠷᠭᠡᠶᠢᠯᠡᠵᠦ᠂  ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ  ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号