︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ U ᠰᠢᠷᠢᠰ | ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠡᠬᠢᠯᠡᠪᠡ | | 11 ᠰᠠᠷ᠎ᠠ ᠶᠢᠨ 25 ᠤ ᠡᠳᠦᠷ᠂ 2023 ᠣᠨ ᠤ ᠪᠠᠷᠠᠭᠤᠨ ᠦᠵᠦᠮᠦᠴᠢᠨ ᠬᠤᠰᠢᠭᠤᠨ ᠤ ︽ᠳᠤᠮᠳᠠᠳᠤ | ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ U ᠰᠢᠷᠢᠰ ᠬᠥᠯ ᠪᠥᠮᠪᠦᠭᠡ ᠶᠢᠨ | ᠬᠤᠯᠪᠣᠭᠠᠲᠤ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠪᠠᠷᠠᠭᠤᠨ ᠦᠵᠦᠮᠦᠴᠢᠨ ᠬᠤᠰᠢᠭᠤᠨ ᠤ ᠨᠢᠭᠡᠳᠦᠭᠡᠷ ᠪᠠᠭ᠎ᠠ | ᠰᠤᠷᠭᠠᠭᠤᠯᠢ ᠶᠢᠨ ᠲᠠᠮᠢᠷ ᠤᠨ ᠣᠷᠳᠣᠨ ᠳᠤ ᠶᠠᠪᠤᠭᠳᠠᠪᠠ᠃ | | ᠳᠠᠷᠠᠭ᠎ᠠ ᠨᠢᠭᠡ ᠰᠠᠷ᠎ᠠ ᠣᠷᠴᠢᠮ ᠤᠨ ᠬᠢᠴᠢᠶᠡᠯ ᠤᠨ ᠴᠢᠯᠦᠭᠡᠨ ᠤ ᠬᠤᠭᠤᠴᠠᠭᠠᠨ ᠳᠤ᠂ ᠪᠥᠬᠦ ᠬᠤᠰᠢᠭᠤᠨ ᠤ | ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ 480 ᠨᠡᠷᠡᠰ ᠬᠥᠯ ᠪᠥᠮᠪᠦᠭᠡ ᠶᠢᠨ ᠪᠢᠴᠢᠬᠠᠨ ᠲᠠᠮᠢᠷᠴᠢᠳ | ᠳᠣᠯᠤᠭ᠎ᠠ ᠠᠴᠠ ᠠᠷᠪᠠᠨ ᠲᠠᠪᠤ ᠨᠠᠰᠤᠨ ᠤ ᠬᠤᠭᠤᠷᠤᠨᠳᠤ 15 ᠤᠷᠤᠯᠳᠤᠭᠠᠨ ᠤ ᠳᠤᠭᠤᠶᠢᠯᠠᠩ ᠤᠨ ᠢᠯᠭᠠᠯ ᠢᠶᠠᠷ | 90 ᠲᠠᠯᠠᠪᠠᠢ ᠤᠷᠤᠯᠳᠤᠭᠠᠨ ᠳᠤ ᠣᠷᠣᠯᠴᠠᠬᠤ ᠪᠤᠯᠤᠨ᠎ᠠ᠃ | | ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠦ᠋ ᡁᠢ ᠴᠢᠶᠠᠩ ᠤᠷᠤᠯᠳᠤᠭᠠᠨ | ᠡᠬᠢᠯᠡᠭᠰᠡᠨ ᠢ ᠵᠠᠷᠯᠠᠪᠠ | | ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠣᠳᠬᠠᠨᠪᠠᠭᠠᠲᠣᠷ ᠪᠦᠮᠪᠦᠭᠡ ᠶᠢ | ᠢᠰᠭᠦᠯᠵᠦ ᠤᠷᠣᠯᠳᠣᠭᠠᠨ ᠡᠬᠢᠯᠡᠪᠡ | | ᠣᠶᠢᠷ᠎ᠠ ᠶᠢᠨ ᠵᠢᠯ ᠠᠴᠠ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠂ ᠵᠠᠰᠠᠭ ᠤᠨ | ᠣᠷᠳᠣᠨ ᠠᠴᠠ ᠵᠠᠯᠠᠭᠤᠴᠤᠳ ᠪᠠᠭᠠᠴᠤᠳ ᠤᠨ ᠬᠥᠯ ᠪᠥᠮᠪᠥᠭᠡᠨ ᠬᠥᠳᠡᠯᠭᠡᠭᠡᠨ ᠢ ᠬᠥᠭᠵᠢᠭᠦᠯᠬᠦ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠶᠡᠭᠡ ᠬᠡᠮᠵᠢᠶᠡᠨ ᠤ ᠬᠥᠮᠥᠨ ᠤ ᠬᠦᠴᠦ ᠪᠣᠳᠠᠰ ᠤᠨ ᠬᠦᠴᠦ ᠣᠷᠣᠭᠤᠯᠤᠨ ᠬᠥᠯ | ᠪᠥᠮᠪᠦᠭᠡ ᠶᠢᠨ ᠬᠥᠳᠡᠯᠭᠡᠭᠡᠨ ᠤ ᠬᠥᠭᠵᠢᠯᠲᠡ ᠶᠢ ᠳᠡᠮᠵᠢᠵᠦ᠂ ᠰᠠᠭᠤᠷᠢ ᠲᠥᠬᠦᠭᠡᠷᠦᠮᠵᠢ ᠶᠢᠨ ᠬᠠᠮᠠᠭᠠᠯᠠᠯᠲᠠ | ᠬᠠᠮᠢᠶᠠᠷᠤᠯᠲᠠ ᠶᠢ ᠲᠠᠰᠤᠷᠠᠯᠳᠡ ᠦᠭᠡᠢ ᠴᠢᠩᠭᠠᠳᠬᠠᠵᠤ᠂ ᠬᠥᠯ ᠪᠥᠮᠪᠦᠭᠡᠨ ᠬᠥᠳᠡᠯᠭᠡᠭᠡᠨ ᠢ ᠳᠡᠯᠭᠡᠷᠡᠭᠦᠯᠦᠨ | ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠪᠠ᠃ ᠲᠤᠰ ᠤᠳᠠᠭᠠᠨ ᠤ U ᠰᠢᠷᠢᠰ ᠬᠥᠯ ᠪᠥᠮᠪᠦᠭᠡ ᠶᠢᠨ ᠬᠤᠯᠪᠣᠭᠠᠲᠤ | ᠤᠷᠤᠯᠳᠤᠭᠠᠨ ᠢ ᠪᠦᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠲᠦᠭᠡᠮᠡᠯᠵᠢᠭᠦᠯᠵᠦ᠂ ᠬᠥᠯ ᠪᠥᠮᠪᠦᠭᠡ ᠶᠢᠨ | ᠬᠥᠳᠡᠯᠭᠡᠭᠡᠨ ᠢ ᠳᠡᠯᠭᠡᠷᠡᠭᠦᠯᠦᠨ᠂ ᠵᠠᠯᠠᠭᠤᠴᠤᠳ ᠪᠠᠭᠠᠴᠣᠳ ᠤᠨ ᠴᠤᠭ ᠵᠢᠪᠬᠤᠭ᠎ᠠ ᠶᠢ ᠳᠡᠯᠭᠡᠨ ᠦᠵᠡᠭᠦᠯᠵᠦ᠂ | ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠠᠬᠢᠭᠤᠯᠵᠤ᠂ ᠪᠥᠬᠦ ᠬᠤᠰᠢᠭᠤᠨ ᠤ ᠪᠡᠶ᠎ᠡ ᠶᠢᠨ | ᠲᠠᠮᠢᠷ ᠤᠨ ᠦᠢᠯᠡᠰ ᠤᠨ ᠬᠥᠭᠵᠢᠯᠲᠡ ᠪᠠ ᠬᠡᠪ ᠴᠢᠨᠠᠷ ᠤᠨ ᠰᠤᠷᠭᠠᠨ ᠬᠥᠮᠦᠵᠢᠯ ᠢ ᠵᠡᠷᠭᠡᠪᠡᠷ ᠠᠬᠢᠭᠤᠯᠬᠤ ᠶᠢ | ᠪᠠᠲᠣᠳᠬᠠᠵᠤ᠂ ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠤᠳ ᠪᠠ ᠵᠣᠷᠢᠭ ᠰᠠᠨᠠᠭ᠎ᠠ ᠶᠢ ᠴᠢᠩᠭᠠᠳᠬᠠᠨ᠂ ᠬᠥᠯ | ᠪᠥᠮᠪᠦᠭᠡᠨ ᠬᠥᠳᠡᠯᠭᠡᠭᠡᠨ ᠤ ᠤᠷ᠎ᠠ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠰᠢᠶᠠᠨ ᠤ ᠬᠡᠪᠴᠢᠶᠡᠨ ᠤ | ᠬᠥᠯ ᠪᠥᠮᠪᠦᠭᠡ ᠶᠢ ᠳᠡᠯᠭᠡᠷᠡᠭᠦᠯᠬᠦ ᠪᠠᠷ ᠭᠠᠷᠳᠠᠴᠠ ᠪᠣᠯᠭᠠᠨ᠂ ᠬᠥᠯ ᠪᠥᠮᠪᠦᠭᠡ ᠶᠢᠨ ᠪᠡᠯᠡᠳᠬᠡᠯ ᠴᠢᠳᠠᠪᠤᠷᠢᠲᠠᠨ ᠢ | ᠬᠥᠮᠥᠵᠢᠭᠦᠯᠬᠦ ᠪᠠᠷ ᠬᠠᠷᠠᠯᠲᠠ ᠪᠣᠯᠭᠠᠨ᠂ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠮᠠᠨ ᠤ ᠬᠤᠰᠢᠭᠤᠨ ᠤ ᠬᠥᠯ | ᠪᠥᠮᠪᠦᠭᠡᠨ ᠦᠢᠯᠡᠰ ᠤᠨ ᠥᠷᠨᠢᠩᠭᠦᠢ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠵᠣᠷᠢᠯᠭ᠎ᠠ ᠠᠴᠠ ᠡᠷᠬᠢᠯᠡᠨ | ᠶᠠᠪᠤᠭᠳᠠᠭᠤᠯᠪᠠ᠃ |