ᠨᠠᠮ ᠤᠨ ᠪᠠᠶᠢᠭᠤᠯᠤᠯᠲᠠ ᠪᠠᠷ ᠬᠥᠲᠥᠯᠥᠮᠵᠢ ᠪᠣᠯᠭᠠᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ  ᠦᠢᠯᠡᠳᠦᠯ ᠢᠶᠠᠨ ᠪᠠᠳᠠᠷᠠᠭᠤᠯᠤᠨ᠎ᠠ
ᠨᠡᠶᠢᠲᠡᠯᠡᠭᠰᠡᠨ ᠴᠠᠭ᠄
2023/11/30
ᠨᠠᠮ ᠤᠨ ᠪᠠᠶᠢᠭᠤᠯᠤᠯᠲᠠ ᠪᠠᠷ ᠬᠥᠲᠥᠯᠥᠮᠵᠢ ᠪᠣᠯᠭᠠᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ  ᠦᠢᠯᠡᠳᠦᠯ ᠢᠶᠠᠨ ᠪᠠᠳᠠᠷᠠᠭᠤᠯᠤᠨ᠎ᠠ                           11 ᠰᠠᠷ᠎ᠠ ᠶᠢᠨ 20 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ︽ᠵᠠᠭᠤᠨ ᠪᠦᠯᠬᠦᠮ ᠮᠢᠩᠭᠠᠨ ᠲᠠᠯᠠᠪᠤᠷ︾ ᠦᠨᠳᠦᠰᠦᠨ ᠱᠠᠲᠤᠨ ᠳᠤ ᠲᠣᠭᠯᠠᠬᠤ ᠦᠢᠯᠡᠴᠢᠯᠡᠭᠡᠨ ᠤ ᠠᠵᠢᠯᠯᠠᠭ᠎ᠠ ᠪᠠᠯᠭᠠᠷᠭᠤᠣᠯ ᠪᠠᠯᠭᠠᠰᠤᠨ ᠤ ᠬᠠᠭ᠋ᠠᠭᠤᠯᠠ ᠨᠡᠶᠢᠭᠡᠮ ᠲᠣᠭᠤᠷᠢᠭ ᠲᠤ ᠶᠠᠪᠤᠭᠳᠠᠵᠤ᠂ ᠤᠯᠠᠭᠠᠨᠮᠥ᠋ᠴᠢᠷ ᠤᠨ ᠭᠡᠰᠢᠭᠦᠳ ᠣᠯᠠᠨ ᠶᠠᠩᠵᠤ ᠶᠢᠨ ᠤᠷᠠᠨ ᠰᠠᠶᠢᠬᠠᠨ ᠤ ᠲᠣᠭᠯᠠᠯᠲᠠ ᠪᠠᠷ ᠢᠶᠠᠨ ᠨᠠᠮ ᠤᠨ ᠲᠠᠭᠤᠨ ᠪᠠ ᠬᠠᠶᠢᠷ᠎ᠠ ᠬᠠᠯᠠᠮᠵᠢ ᠶᠢ ᠦᠨᠳᠦᠰᠦᠨ ᠱᠠᠲᠤᠨ ᠤ ᠥᠷᠭᠡᠨ ᠣᠯᠠᠨ ᠲᠦᠮᠡᠨ ᠳᠤ ᠳᠠᠮᠵᠢᠭᠤᠯᠵᠠᠢ᠃   ᠠᠵᠢᠯᠯᠠᠭ᠎ᠠ ᠨᠢ ︽ᠥᠨᠢ ᠡᠭᠦᠷᠢᠳᠡ ᠶᠢᠨ ᠤᠯᠠᠭᠠᠨᠮᠥ᠋ᠴᠢᠷ︾ ᠳᠠᠭᠤᠨ ᠤ ᠢᠷᠠᠭᠤ ᠠᠶᠠᠰ ᠳᠤᠮᠳᠠ ᠬᠥᠰᠢᠭᠡ ᠪᠠᠨ ᠰᠡᠬᠦᠵᠦ᠂ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠨ ᠭᠤᠸ᠎ᠠ ᠠᠴᠠ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠢ ᠮᠠᠭᠲᠠᠨ ᠳᠠᠭᠤᠯᠠᠵᠤ᠂ ᠦᠶ᠎ᠡ ᠦᠶ᠎ᠡ ᠶᠢᠨ ᠤᠯᠠᠭᠠᠨᠮᠥ᠋ᠴᠢᠷ ᠤᠨ ᠭᠡᠰᠢᠭᠦᠳ ᠤᠨ ᠣᠯᠠᠨ ᠲᠦᠮᠡᠨ ᠤ ᠠᠮᠢᠳᠤᠷᠠᠯ ᠳᠤ ᠣᠶᠢᠷᠠᠳᠴᠤ᠂ ᠪᠦᠬᠦ ᠰᠡᠳᠬᠢᠯ ᠪᠦᠬᠦ ᠵᠣᠷᠢᠭ  ᠢᠶᠠᠷ ᠢᠶᠠᠨ ᠠᠷᠠᠳ ᠲᠦᠮᠡᠨ ᠳᠤ ᠦᠢᠯᠡᠴᠢᠯᠡᠭᠰᠡᠨ ᠦᠨᠡᠨ ᠦᠯᠢᠭᠡᠷ ᠢ ᠦᠵᠡᠭᠴᠢᠳ ᠣᠯᠠᠨ ᠳᠤ  ᠬᠠᠷᠠᠭᠤᠯᠪᠠ᠃    ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠨ   ᠭᠤᠸ᠎ᠠ᠄ᠥᠨᠥᠳᠥᠷ ᠮᠠᠨ ᠤ ᠤᠯᠠᠭᠠᠨᠮᠥᠴᠢᠷ ᠤᠨ ︽ᠵᠠᠭᠤᠨ ᠪᠦᠯᠬᠦᠮ ᠮᠢᠩᠭᠠᠨ ᠲᠠᠯᠠᠪᠤᠷ︾ ᠦᠨᠳᠦᠰᠦᠨ ᠱᠠᠲᠤᠨ ᠳᠤ ᠲᠣᠭᠯᠠᠬᠤ ᠠᠵᠢᠯᠯᠠᠭ᠎ᠠ ᠡᠬᠢᠯᠡᠵᠦ ᠪᠠᠶᠢᠨ᠎ᠠ᠃ ᠮᠢᠨᠤ ᠳᠠᠭᠤᠯᠠᠭᠰᠠᠨ ︽ᠥᠨᠢ ᠡᠭᠦᠷᠢᠳᠡ ᠶᠢᠨ ᠤᠯᠠᠭᠠᠨᠮᠥᠴᠢᠷ︾ ᠳᠠᠭᠤᠨ ᠳᠤ᠂ ᠮᠠᠨ ᠤ ᠤᠯᠠᠭᠠᠨᠮᠥᠴᠢᠷ ᠤᠨ ᠬᠢᠨ ᠤ ᠣᠯᠠᠨ ᠲᠦᠮᠡᠨ ᠤ ᠳᠤᠮᠳᠠ ᠭᠦᠨᠵᠡᠭᠡᠶᠢᠷᠡᠨ᠂ ᠲᠡᠳᠡᠨ ᠤ ᠠᠵᠢᠯ ᠠᠮᠢᠳᠤᠷᠠᠯ ᠲᠠᠢ ᠣᠶᠢᠷᠠᠳᠴᠤ᠂ ᠬᠡᠵᠢᠶᠡᠳᠡ ᠴᠥᠬᠦᠷᠡᠰᠢ ᠦᠭᠡᠢ ᠪᠠᠷ ᠠᠷᠠᠳ ᠲᠦᠮᠡᠨ ᠳᠤ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠦᠢᠯᠡᠴᠢᠯᠡᠳᠡᠭ ᠵᠣᠷᠢᠯᠲᠠ ᠶᠢ ᠢᠯᠡᠳᠬᠡᠭᠰᠡᠨ ᠪᠠᠶᠢᠨ᠎ᠠ᠃ ᠮᠠᠨ ᠤ ᠤᠯᠠᠭᠠᠨᠮᠥᠴᠢᠷ ᠤᠨ ᠬᠢᠨ ᠶᠡᠷᠦ ᠠᠴᠠ ᠡᠶᠢᠮᠦᠷᠬᠦ ᠰᠢᠭᠤᠳ ᠰᠢᠯᠤᠭᠤᠨ᠂ ᠣᠶᠢᠯᠠᠭᠠᠮᠵᠢᠲᠠᠢ ᠲᠣᠭᠯᠠᠯᠲᠠ ᠨᠤᠭᠤᠳ ᠢᠶᠠᠷ ᠢᠶᠠᠨ ᠲᠠᠯ᠎ᠠ ᠨᠤᠲᠤᠭ ᠤᠨ ᠦᠯᠢᠭᠡᠷ ᠢ ᠬᠦᠦᠷᠨᠢᠨ᠂ ᠨᠠᠮ ᠤᠨ ᠳᠠᠭᠤᠨ ᠬᠤᠭᠤᠯᠠᠢ ᠶᠢ ᠥᠷᠭᠡᠨ ᠣᠯᠠᠨ ᠲᠦᠮᠡᠨ ᠳᠡᠭᠡᠨ ᠳᠠᠮᠵᠢᠭᠤᠯᠤᠭᠰᠠᠭᠠᠷ ᠢᠷᠡᠭᠰᠡᠨ ᠶᠤᠮ᠃ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠰᠢ ᠶᠢᠨ ᠫᠢᠩ ᠶᠡᠷᠦᠩᠬᠡᠢ ᠱᠦᠵᠢ ᠶᠢᠨ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠤᠯᠠᠮᠵᠢᠯᠠᠯᠲᠤ ᠳᠠᠪᠠᠭᠤᠯᠢᠭ ᠢᠶᠠᠨ ᠪᠠᠷᠢᠮᠲᠠᠯᠠᠵᠤ᠂ ᠬᠥᠳᠡᠭᠡ  ᠣᠷᠣᠨ ᠤ ᠪᠣᠳᠠᠲᠤ ᠠᠮᠢᠳᠤᠷᠠᠯ ᠳᠤ ᠭᠦᠨᠵᠡᠭᠡᠶᠢᠷᠡᠵᠦ᠂ ᠦᠨᠳᠦᠰᠦᠲᠡᠨ ᠤ ᠭᠠᠵᠠᠷ ᠣᠷᠣᠨ ᠤ ᠣᠨᠴᠠᠯᠢᠭ ᠪᠠ ᠴᠠᠭ ᠦᠶ᠎ᠡ ᠶᠢᠨ ᠣᠨᠴᠠᠯᠢᠭ ᠲᠠᠢ᠂ ᠤᠯᠠᠭᠠᠨᠮᠥ᠋ᠴᠢᠷ ᠤᠨ ᠣᠨᠴᠠᠯᠢᠭ ᠲᠠᠢ ᠪᠠ ᠨᠡᠯᠢᠶᠡᠳ ᠥᠨᠳᠥᠷ ᠦᠵᠡᠯ ᠰᠠᠨᠠᠭ᠎ᠠ ᠪᠦᠬᠦᠢ ᠤᠷᠠᠯᠢᠭ ᠤᠨ ᠬᠢᠷᠢ ᠲᠦᠪᠰᠢᠨ ᠲᠠᠢ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠲᠣᠭᠯᠠᠯᠲᠠ ᠪᠦᠲᠦᠭᠡᠯ ᠤᠳ ᠢ ᠲᠠᠰᠤᠷᠠᠯᠲᠠ ᠦᠭᠡᠢ ᠵᠣᠬᠢᠶᠠᠨ ᠪᠦᠲᠦᠭᠡᠵᠦ᠂ ᠭᠤᠣᠯ ᠰᠡᠳᠦᠪᠲᠦ ᠬᠥᠮᠦᠵᠢᠯ ᠤᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠦᠨᠡᠨ ᠬᠦ ᠦᠨᠳᠦᠰᠦᠨ ᠱᠠᠲᠤᠨ ᠳᠤ ᠭᠦᠨᠵᠡᠭᠡᠶᠢᠷᠡᠭᠦᠯᠵᠦ᠂ ᠣᠯᠠᠨ ᠲᠦᠮᠡᠨ ᠤ ᠳᠤᠮᠳᠠ ᠭᠦᠨᠵᠡᠭᠡᠶᠢᠷᠡᠭᠦᠯᠦᠨ᠂ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ᠦᠢᠯᠡᠰ ᠢ ᠰᠢᠨ᠎ᠡ ᠠᠮᠢᠵᠢᠷᠠᠯ ᠤᠨ ᠬᠦᠴᠦᠨ  ᠲᠠᠢ ᠪᠣᠯᠭᠠᠭᠰᠠᠨ ᠪᠠᠶᠢᠨ᠎ᠠ᠃  ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥᠴᠢᠷ ᠤᠨ ᠳᠡᠳ᠋ ᠳᠠᠷᠤᠭ᠎ᠠ   ᠪᠠᠶᠠᠠᠨᠠᠮᠤᠷ᠄  ︽ᠡᠨᠡ ᠵᠢᠯ ᠪᠣᠯ ᠶᠡᠷᠦᠩᠬᠡᠢ ᠱᠦᠵᠢ ᠰᠢ ᠶᠢᠨ ᠫᠢᠩ ᠠᠴᠠ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠲᠤ ᠬᠠᠷᠢᠭᠤ ᠵᠠᠬᠢᠳᠠᠯ ᠢᠯᠡᠭᠡᠭᠰᠡᠨ ᠵᠢᠷᠭᠤᠭᠠᠨ ᠵᠢᠯ ᠤᠨ ᠣᠶ ᠪᠣᠯᠣᠨ᠎ᠠ᠃ ᠶᠡᠷᠦᠩᠬᠡᠢ ᠱᠦᠵᠢ ᠶᠢᠨ ᠬᠠᠷᠢᠭᠤ ᠵᠠᠬᠢᠳᠠᠯ ᠨᠢ ᠮᠠᠨ ᠤ ᠪᠦᠬᠦ ᠤᠯᠠᠭᠠᠨᠮᠥ᠋ᠴᠢᠷ ᠤᠨ ᠭᠡᠰᠢᠭᠦᠳ ᠢ ᠠᠮᠢᠳᠤᠷᠠᠯ ᠤᠨ ᠥᠩ ᠰᠢᠮᠡᠯᠢᠭ ᠬᠥᠷᠥᠰᠥᠨ ᠳᠤ ᠦᠨᠳᠦᠰᠦᠯᠡᠨ ᠤᠯᠠᠨ ᠲᠦᠮᠡᠨ ᠲᠠᠢ ᠣᠶᠢᠷᠠᠲᠤᠭᠰᠠᠨ ᠨᠡᠩ ᠤᠯᠠᠨ ᠰᠢᠯᠢᠳᠡᠭ ᠪᠦᠲᠦᠭᠡᠯ ᠢ ᠴᠢᠷᠮᠠᠶᠢᠨ ᠵᠣᠬᠢᠶᠠᠨ ᠪᠦᠲᠦᠭᠡᠵᠦ᠂ ᠥᠨᠢ ᠡᠭᠦᠷᠢᠳᠡ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠬᠤ ᠶᠢ ᠵᠣᠷᠢᠭᠵᠢᠭᠤᠯᠤᠭᠰᠠᠭᠠᠷ ᠢᠷᠡᠵᠠᠢ᠃ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠤᠨ ᠬᠢᠨ ᠢᠮᠠᠭᠲᠠ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠠᠷᠠᠳ ᠤᠯᠠᠨ ᠠᠴᠠ ᠬᠠᠮᠤᠭ ᠤᠨ ᠣᠶᠢᠷ᠎ᠠ ᠪᠠᠶᠢᠳᠠᠭ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠤᠯᠠᠨ ᠲᠦᠮᠡᠨ ᠤ ᠳᠤᠷ᠎ᠠ ᠰᠣᠨᠢᠷᠬᠠᠯ ᠳᠤ ᠨᠡᠶᠢᠴᠡᠭᠰᠡᠨ ᠠᠷᠭ᠎ᠠ ᠬᠡᠯᠪᠡᠷᠢ ᠪᠠᠷ ᠨᠠᠮ ᠤᠨ ᠲᠠᠭᠤᠨ ᠢ ᠤᠬᠠᠭᠤᠯᠵᠤ᠂ ᠭᠤᠣᠯ ᠰᠡᠳᠦᠪᠲᠦ ᠬᠥᠮᠦᠵᠢᠯ ᠤᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠦᠨᠳᠦᠰᠦᠨ ᠱᠠᠲᠤᠨ ᠳᠤ ᠦᠨᠡᠨᠬᠦ ᠭᠦᠨᠵᠡᠭᠡᠶᠢᠷᠡᠭᠦᠯᠦᠨ᠂ ᠤᠯᠠᠨ ᠲᠦᠮᠡᠨ ᠤ ᠳᠤᠮᠳᠠ ᠭᠦᠨᠵᠡᠭᠡᠶᠢᠷᠡᠭᠦᠯᠵᠡᠢ᠃ ᠡᠨᠡ ᠵᠢᠯ᠂ ᠮᠠᠨ ᠤ ᠪᠥᠬᠦ ᠭᠡᠰᠢᠭᠦᠳ ᠤᠷᠢᠳ ᠬᠤᠵᠢᠳ ᠤᠬᠠᠭᠤᠯᠭ᠎ᠠ ᠬᠥᠮᠦᠵᠢᠯ᠂ ᠲᠣᠬᠤᠨᠢᠭᠤᠯᠬᠤ ᠲᠣᠭᠯᠠᠯᠲᠠ ᠵᠡᠷᠭᠡ ᠠᠵᠢᠯᠯᠠᠭ᠎ᠠ ᠶᠢ ᠨᠡᠶᠢᠲᠡ 90 ᠭᠠᠷᠤᠢ ᠤᠳᠠᠭ᠎ᠠ ᠥᠷᠨᠢᠭᠦᠯᠵᠦ᠂ ᠳᠠᠭᠤᠤ ᠪᠥᠵᠢᠭᠲᠦ ᠵᠦᠴᠦᠭᠡ ︽ᠠᠵᠢᠨᠠᠢ ᠴᠠᠭᠠᠨ︾᠂ ︽ᠳᠥᠷᠪᠡᠨ ᠤᠯᠠᠷᠢᠯ ᠤᠨ ᠦᠵᠦᠮᠦᠴᠢᠨ︾ ᠵᠡᠷᠭᠡ ᠲᠣᠭᠯᠠᠯᠲᠠ ᠶᠢ ᠵᠣᠬᠢᠶᠠᠨ ᠪᠦᠲᠦᠭᠡᠪᠡ᠃ ᠡᠳᠡᠭᠡᠷ ᠤᠯᠠᠨ ᠬᠡᠯᠪᠡᠷᠢ ᠶᠢᠨ ᠤᠷᠠᠨ ᠰᠠᠶᠢᠬᠠᠨ ᠤ ᠲᠣᠭᠯᠠᠯᠲᠠ ᠪᠠᠷ ᠳᠠᠮᠵᠢᠭᠤᠯᠤᠨ᠂ ᠨᠠᠮ ᠤᠨ ᠲᠠᠭᠤᠨ ᠪᠣᠯᠣᠨ ᠬᠠᠶᠢᠷ᠎ᠠ ᠬᠠᠯᠠᠮᠵᠢ ᠶᠢ ᠦᠵᠦᠮᠦᠴᠢᠨ ᠤ ᠲᠠᠯ᠎ᠠ ᠨᠤᠲᠤᠭ ᠲᠤ ᠤᠯᠠᠮᠵᠢᠯᠠᠪᠠ︾ ᠭᠡᠯ᠎ᠡ  ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号