ᠪᠠᠷᠠᠭᠤᠨ ᠦᠵᠦᠮᠦᠴᠢᠨ ᠬᠤᠰᠢᠭᠤᠨ ᠤ ︽ᠦᠵᠦᠮᠦᠴᠢᠨ ᠤᠷᠲᠤ ᠶᠢᠨ ᠳᠠᠭᠤᠤ︾ ᠶᠢᠨ ᠤᠯᠤᠰ ᠤᠨ ᠲᠠᠰ ᠤᠨ ᠤᠯᠠᠮᠵᠢᠯᠠᠭᠴᠢ ᠰᠡᠴᠡᠨᠭᠡᠷᠡᠯ ︽2023 ᠬᠠᠲᠤᠨ ᠭᠤᠣᠯ ᠤᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠰᠬᠦᠯᠡᠩ︾ ᠤᠨ ᠠᠵᠢᠯᠯᠠᠭ᠎ᠠ ᠳᠤ ᠤᠷᠢᠯᠭ᠎ᠠ ᠬᠦᠯᠢᠶᠡᠨ ᠣᠷᠣᠯᠴᠠᠪᠠ
ᠨᠡᠶᠢᠲᠡᠯᠡᠭᠰᠡᠨ ᠴᠠᠭ᠄
2023/11/30
ᠪᠠᠷᠠᠭᠤᠨ ᠦᠵᠦᠮᠦᠴᠢᠨ ᠬᠤᠰᠢᠭᠤᠨ ᠤ ︽ᠦᠵᠦᠮᠦᠴᠢᠨ ᠤᠷᠲᠤ ᠶᠢᠨ ᠳᠠᠭᠤᠤ︾ ᠶᠢᠨᠤᠯᠤᠰ ᠤᠨ ᠲᠠᠰ ᠤᠨ ᠤᠯᠠᠮᠵᠢᠯᠠᠭᠴᠢ ᠰᠡᠴᠡᠨᠭᠡᠷᠡᠯ ︽2023 ᠬᠠᠲᠤᠨ ᠭᠤᠣᠯ ᠤᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠰᠬᠦᠯᠡᠩ︾ ᠤᠨ ᠠᠵᠢᠯᠯᠠᠭ᠎ᠠ ᠳᠤ ᠤᠷᠢᠯᠭ᠎ᠠ ᠬᠦᠯᠢᠶᠡᠨ ᠣᠷᠣᠯᠴᠠᠪᠠ                                         ᠰᠢ ᠶᠢᠨ ᠫᠢᠩ ᠶᠡᠷᠦᠩᠬᠡᠢ ᠱᠦᠵᠢ ᠶᠢᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠲᠤᠨ ᠭᠤᠣᠯ ᠤᠨ ᠰᠣᠶᠣᠯ ᠤᠨ ᠥᠪ ᠤᠨ ᠰᠢᠰᠲ᠋ᠧᠮ ᠤᠨ ᠬᠠᠮᠠᠭᠠᠯᠠᠯᠲᠠ ᠶᠢ ᠠᠬᠢᠭᠤᠯᠵᠤ᠂ ᠬᠠᠲᠤᠨ ᠭᠤᠣᠯ ᠤᠨ ᠰᠣᠶᠣᠯ ᠤᠨ ᠲᠡᠦᠬᠡ ᠰᠣᠶᠣᠯ ᠤᠨ ᠠᠭᠤᠯᠤᠭᠳᠠᠬᠤᠨ ᠪᠠ ᠴᠠᠭ ᠦᠶ᠎ᠡ ᠶᠢᠨ ᠦᠨ᠎ᠡ ᠥᠷᠲᠡᠭ ᠢ ᠭᠦᠨᠵᠡᠭᠡᠢ ᠠᠭᠤᠳᠠᠯᠤᠨ᠂ ᠬᠠᠲᠤᠨ ᠭᠤᠣᠯ ᠤᠨ ᠰᠢᠯᠢᠳᠡᠭ ᠤᠯᠠᠮᠵᠢᠯᠠᠯᠲᠤ ᠰᠣᠶᠣᠯ ᠤᠨ ᠠᠮᠢᠵᠢᠷᠠᠯ ᠤᠨ ᠬᠦᠴᠦᠨ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠲᠡᠦᠬᠡ ᠰᠣᠶᠣᠯ ᠤᠨ ᠰᠤᠳᠠᠰᠤ ᠶᠢ ᠦᠷᠭᠦᠯᠵᠢᠯᠡᠭᠦᠯᠵᠦ᠂ ᠬᠠᠲᠤᠨ ᠭᠤᠣᠯ ᠤᠨ ᠥᠯᠢᠭᠡᠷ ᠢ ᠰᠠᠶᠢᠲᠤᠷ ᠤᠯᠠᠮᠵᠢᠯᠠᠬᠤ ᠶᠢᠨ ᠲᠤᠰᠠᠳᠠ᠂ ᠰᠣᠶᠣᠯ ᠪᠠ ᠵᠢᠭᠤᠯᠴᠢᠯᠠᠯ ᠤᠨ ᠶᠠᠮᠤᠨ ᠬᠢᠭᠡᠳ ᠱᠠᠨ ᠰᠢ ᠮᠤᠵᠢ ᠶᠢᠨ ᠠᠷᠠᠳ ᠤᠨ ᠵᠠᠰᠠᠭ ᠤᠨ ᠣᠷᠳᠣᠨ 2023 ᠣᠨ ᠤ 11 ᠰᠠᠷ᠎ᠠ ᠶᠢᠨ 6 ᠤ ᠡᠳᠦᠷ ᠠᠴᠠ 11 ᠤ ᠡᠳᠦᠷ ᠪᠣᠯᠲᠠᠯ᠎ᠠ ᠱᠠᠨ ᠰᠢ ᠮᠤᠵᠢ ᠶᠢᠨ ᠲᠠᠶᠢᠶᠤᠸᠠᠨ ᠬᠤᠲᠠ ᠳᠤ 2023 ᠬᠠᠲᠤᠨ ᠭᠤᠣᠯ ᠤᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠰᠬᠦᠯᠡᠩ ᠢ ᠬᠠᠮᠲᠤᠷᠠᠨ  ᠡᠷᠭᠢᠯᠡᠪᠡ᠃   ᠪᠠᠷᠠᠭᠤᠨ ᠦᠵᠦᠮᠦᠴᠢᠨ ᠬᠤᠰᠢᠭᠤᠨ ᠤ ︽ᠦᠵᠦᠮᠦᠴᠢᠨ ᠤᠷᠲᠤ ᠶᠢᠨ ᠳᠠᠭᠤᠤ︾ ᠶᠢᠨ ᠤᠯᠤᠰ ᠤᠨ ᠳᠡᠰ ᠤᠨ ᠤᠯᠠᠮᠵᠢᠯᠠᠭᠴᠢ ᠰᠡᠴᠡᠨᠭᠡᠷᠡᠯ ᠠᠵᠢᠯᠯᠠᠭ᠎ᠠ ᠶᠢ ᠭᠤᠣᠯᠯᠠᠨ ᠡᠷᠬᠢᠯᠡᠬᠦ ᠲᠠᠯ᠎ᠠ ᠶᠢᠨ ᠤᠷᠢᠯᠭ᠎ᠠ ᠪᠠᠷ ︽2023 ᠬᠠᠲᠤᠨ ᠭᠤᠣᠯ ᠤᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠰᠬᠦᠯᠡᠩ︾ ᠤᠨ ᠠᠵᠢᠯᠯᠠᠭ᠎ᠠ ᠳᠤ ᠣᠷᠣᠯᠴᠠᠨ᠂ ︽ᠳᠦᠭᠦᠷᠡᠩᠵᠠᠭᠠᠨ᠎ᠠ︾ ᠭᠡᠬᠦ ᠦᠵᠦᠮᠦᠴᠢᠨ ᠤᠷᠲᠤ ᠶᠢᠨ ᠳᠠᠭᠤᠤ ᠪᠠᠷ ᠢᠶᠠᠨ ᠦᠵᠡᠭᠴᠢᠳ ᠣᠯᠠᠨ ᠤ ᠰᠣᠨᠣᠷ ᠤᠨ ᠮᠢᠯᠢᠶᠠᠨ᠂  ᠲᠣᠭᠯᠠᠯᠲᠠ ᠶᠢᠨ ᠰᠢᠭᠤᠳ ᠨᠡᠪᠲᠡᠷᠡᠭᠦᠯᠭᠡ ᠶᠢ ᠨᠢ ᠬᠦᠯᠢᠶᠡᠨ ᠠᠪᠴᠤ ᠦᠵᠡᠭᠰᠡᠨ ᠳᠠᠷᠤᠮ  ᠤᠨ ᠲᠤᠭ᠎ᠠ  ᠨᠢ 20000 ᠶᠢ ᠳᠠᠪᠠᠵᠤ᠂ ᠮᠣᠩᠭᠤᠯ ᠦᠨᠳᠦᠰᠦᠲᠡᠨ ᠤ ᠤᠷᠲᠤ ᠶᠢᠨ ᠳᠠᠭᠤᠤ ︵ᠦᠵᠦᠮᠦᠴᠢᠨ ᠤᠷᠲᠤ ᠶᠢᠨ ᠳᠠᠭᠤᠤ︶ ᠶᠢᠨ ᠥᠪᠡᠷᠮᠢᠴᠡ ᠷᠢᠳᠢ ᠰᠢᠳᠢ ᠶᠢ ᠭᠠᠳᠠᠨ᠎ᠠ ᠮᠤᠵᠢ ᠣᠷᠣᠨ ᠤ ᠬᠥᠮᠥᠰ ᠲᠤ ᠳᠡᠯᠭᠡᠨ ᠦᠵᠡᠭᠦᠯᠵᠦ᠂ ᠬᠥᠮᠥᠰ ᠤᠨ ᠰᠡᠳᠬᠢᠯ ᠢ ᠳᠣᠭᠳᠣᠯᠤᠭᠤᠯᠵᠠᠢ᠃ ᠡᠭᠦᠨ ᠤ ᠬᠠᠮᠲᠤ ᠪᠠᠰᠠ ᠬᠠᠲᠤᠨ ᠭᠤᠣᠯ ᠤᠨ ᠰᠠᠪᠠ ᠭᠠᠵᠠᠷ ᠤᠨ ᠭᠠᠵᠠᠷ ᠣᠷᠣᠨ ᠤ ᠤᠯᠠᠮᠵᠢᠯᠠᠭᠴᠢᠳ ᠤᠨ ᠬᠤᠭᠤᠷᠣᠨᠳᠣᠬᠢ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠢ ᠠᠬᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠬᠠᠮᠠᠭᠠᠯᠠᠬᠤ ᠠᠵᠢᠯ ᠳᠤ ᠴᠢᠬᠤᠯᠠ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号