ᠪᠠᠶᠠᠠᠬᠤᠩᠭᠤᠷ ᠭᠠᠴᠠᠭ᠎ᠠ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠰᠠᠶᠢᠳᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2023/11/30
     ᠪᠠᠶᠠᠠᠬᠤᠩᠭᠤᠷ ᠭᠠᠴᠠᠭ᠎ᠠ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠰᠠᠶᠢᠳᠤᠷ ᠬᠢᠵᠦ ᠪᠠᠶᠢᠨ᠎ᠠ                                         ᠪᠠᠷᠠᠭᠤᠨ ᠦᠵᠦᠮᠦᠴᠢᠨ ᠬᠤᠰᠢᠭᠤᠨ ᠤ ᠵᠢᠷ ᠤᠨ ᠭᠤᠤᠯ ᠪᠠᠯᠭᠠᠰᠤᠨ ᠤ ᠪᠠᠶᠠᠠᠬᠤᠩᠭᠤᠷ ᠭᠠᠴᠠᠭ᠎ᠠ ᠨᠢ ᠣᠯᠠᠨ ᠲᠦᠮᠡᠨ ᠲᠠᠢ ᠢᠳᠡᠪᠬᠢᠳᠡᠢ ᠬᠠᠷᠢᠯᠴᠠᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠬᠦ ᠪᠠᠷ ᠠᠵᠢᠯ ᠤᠨ ᠬᠠᠷᠠᠯᠳᠠ ᠪᠠᠨ ᠪᠤᠯᠭᠠᠵᠦ᠂ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠩᠭᠢ ᠪᠠᠶᠢᠭᠤᠯᠤᠨ ᠮᠠᠯᠴᠢᠨ ᠲᠦᠮᠡᠨ ᠳᠤ ᠦᠢᠯᠡᠴᠢᠯᠡᠵᠦ ᠪᠠᠶᠢᠨ᠎ᠠ᠃ᠣᠶᠢᠷ᠎ᠠ ᠳᠤ᠂ ᠪᠠᠶᠠᠠᠬᠤᠩᠭᠤᠷ ᠭᠠᠴᠠᠭᠠᠨ ᠤ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠩᠭᠢ ᠨᠢ ᠪᠠᠷᠠᠭᠤᠨ ᠦᠵᠦᠮᠦᠴᠢᠨ ᠬᠤᠰᠢᠭᠤᠨ ᠤ ᠭᠤᠷᠪᠠᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠤᠨ ᠤᠷᠤᠯᠳᠤᠭᠠᠨ ᠳᠤ ᠤᠯᠤᠭᠰᠠᠨ ᠱᠠᠩᠨᠠᠯ ᠤᠨ ᠮᠦᠩᠭᠦ 1500 ᠲᠥᠭᠦᠷᠢᠭ ᠢᠶᠠᠨ ᠪᠠᠭ᠎ᠠ ᠰᠤᠷᠭᠠᠭᠤᠯᠢ ᠶᠢᠨ ᠰᠤᠷᠤᠭᠴᠢ ᠳᠤ ᠬᠠᠨᠳᠢᠪᠯᠠᠨ ᠡᠷᠳᠡᠮ ᠨᠤᠮ ᠰᠠᠶᠢᠨ ᠰᠤᠷᠴᠤ ᠤᠯᠤᠰ ᠦᠨᠳᠦᠰᠦᠳᠡᠨ ᠳᠡᠭᠡᠨ ᠬᠦᠴᠦᠨ ᠵᠢᠳᠬᠦᠯ ᠢᠶᠠᠨ ᠡᠷᠭᠦᠬᠦ ᠶᠢ ᠵᠤᠷᠢᠭᠵᠢᠭᠤᠯᠪᠠ᠃ ᠡᠭᠦᠨ ᠤ ᠬᠠᠮᠳᠤ᠂ ᠦᠢᠯᠡᠴᠢᠯᠡᠭᠡᠨ ᠤ ᠠᠩᠭᠢ ᠶᠢᠨ ᠭᠡᠰᠢᠭᠳᠡᠯᠭᠡᠷ᠂ ᠲᠦᠷᠭᠡᠨ ᠵᠡᠷᠭᠡ ᠳᠥᠷᠪᠡᠨ ᠭᠡᠰᠢᠭᠦᠨ ᠨᠢ ᠲᠣᠰ ᠭᠠᠴᠠᠭᠠᠨ ᠤ ᠮᠠᠯᠴᠢᠨ ᠰᠡᠴᠡᠨ ᠤ ᠬᠢᠨ ᠳᠤ ᠢᠷᠡᠵᠦ ᠦᠬᠡᠷ ᠳᠤᠨᠢ ᠬᠤᠷᠣᠬᠠᠢ ᠬᠥᠭᠡᠭᠡᠬᠦ ᠲᠠᠷᠢᠯᠭ᠎ᠠ ᠬᠢᠵᠦ ᠦᠭᠪᠡ᠃   ᠰᠤᠷᠪᠤᠯᠵᠢᠯᠠᠭ᠎ᠠ᠄ ᠮᠠᠯᠴᠢᠨ ᠰᠡᠴᠡᠨ᠄ ︽ᠲᠠᠷᠢᠯᠭ᠎ᠠ ᠶᠢᠨ ᠡᠮ ᠢᠶᠠᠨ ᠬᠤᠳᠠᠯᠳᠤᠵᠤ ᠠᠪᠴᠢᠷᠠᠴᠢᠬᠠᠭᠠᠳ ᠬᠦᠮᠦᠨ ᠬᠦᠴᠦᠨ ᠬᠦᠷᠦᠯᠴᠡᠬᠦ ᠦᠭᠡᠢ ᠪᠤᠯᠬᠤᠷ ᠬᠤᠶᠢᠰᠢᠯᠠᠭᠤᠯᠵᠤ ᠪᠠᠶᠢᠭᠰᠠᠨ᠂ ᠦᠨᠦᠳᠦᠷ 45 ᠦᠬᠡᠷ ᠲᠤ ᠪᠦᠬᠦᠨ ᠳᠤᠨᠢ ᠲᠠᠷᠢᠯᠭ᠎ᠠ ᠬᠢᠯᠭᠡᠴᠢᠬᠡᠯ᠎ᠡ᠂ ᠨᠢᠭᠡ ᠶᠡᠭᠡ ᠠᠵᠢᠯ ᠲᠠᠭᠤᠰᠤᠯ᠎ᠠ᠂ ᠮᠠᠰᠢ ᠰᠠᠶᠢᠨ ᠪᠤᠯᠤᠯ᠎ᠠ  ︾ ᠭᠡᠯ᠎ᠡ᠃   ᠪᠠᠶᠠᠠᠬᠤᠩᠭᠤᠷ ᠭᠠᠴᠠᠭ᠎ᠠ ᠨᠢ 2023 ᠣᠨ ᠤ 2 ᠰᠠᠷ᠎ᠠ ᠳᠤ ᠵᠤᠬᠢᠬᠤ ᠬᠡᠮᠵᠢᠶᠡᠨ ᠤ ᠲᠤᠬᠠᠶᠢᠯᠠᠭᠰᠠᠨ ᠠᠵᠢᠯ ᠤᠨ ᠮᠡᠷᠭᠡᠵᠢᠯ ᠡᠵᠡᠮᠰᠢᠭᠰᠡᠨ 10 ᠨᠡᠷ᠎ᠡ ᠵᠠᠯᠠᠭᠤ ᠮᠠᠯᠴᠢᠨ ᠢᠶᠠᠷ ᠪᠦᠷᠢᠯᠳᠦᠭᠰᠡᠨ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠩᠭᠢ ᠶᠢ ᠪᠠᠶᠢᠭᠤᠯᠵᠤ᠂ ᠮᠠᠯᠴᠢᠳ ᠲᠤ ᠦᠬᠡᠷ ᠮᠠᠯ ᠤᠨ ᠲᠡᠵᠢᠭᠡᠨ ᠠᠷᠠᠴᠢᠯᠠᠭ᠎ᠠ ᠪᠠ ᠭᠠᠷ ᠭᠡᠭᠡᠯᠳᠦᠭᠦᠯᠭᠡ ᠶᠢᠨ ᠮᠡᠷᠭᠡᠵᠢᠯ ᠢ ᠲᠦᠭᠡᠮᠡᠯᠵᠢᠬᠦᠯᠬᠦ᠂ ᠢᠴᠡᠭᠡᠯ ᠦᠷ᠎ᠡ ᠶᠢᠨ ᠰᠢᠩᠭᠡᠨ ᠬᠠᠳᠠᠭᠠᠯᠠᠵᠦ ᠬᠦᠷᠭᠡᠬᠦ᠂ ᠬᠢᠵᠢᠭ ᠭᠡᠮ ᠢ ᠰᠡᠷᠭᠡᠶᠢᠯᠡᠬᠦ᠂ ᠡᠪᠡᠰᠦ ᠬᠠᠳᠤᠵᠤ ᠨᠥᠭᠡᠴᠡᠯᠡᠬᠦ᠂ ᠤᠩᠭᠠᠰᠤ ᠨᠣᠣᠰᠣ ᠬᠠᠶᠢᠴᠢᠯᠠᠬᠤ ᠵᠡᠷᠭᠡ ᠮᠠᠯ ᠠᠵᠤ ᠠᠬᠤᠢ ᠶᠢᠨ ᠠᠵᠢᠯ ᠳᠤ  ᠬᠠᠮᠵᠢᠯᠴᠠᠵᠦ ᠮᠠᠯᠴᠢᠳ ᠤᠨ ᠠᠵᠤ ᠠᠮᠢᠳᠤᠷᠠᠯ ᠳᠤ ᠲᠦᠭᠦᠮ ᠦᠵᠡᠭᠦᠯᠬᠦ ᠵᠤᠷᠢᠯᠳᠠ ᠪᠠᠷ ᠠᠵᠢᠯᠯᠠᠵᠦ ᠪᠠᠶᠢᠨ᠎ᠠ᠃    ᠰᠤᠷᠪᠤᠯᠵᠢᠯᠠᠭ᠎ᠠ᠄ ︽ᠪᠠᠶᠠᠠᠬᠤᠩᠭᠤᠷ ᠭᠠᠴᠠᠭᠠᠨ ᠤ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠩᠭᠢ ᠶᠢᠨ ᠭᠡᠰᠢᠭᠦᠨ ᠲᠦᠷᠭᠡᠨ--- ᠲᠠᠷᠠᠭᠠᠴᠢ ᠪᠠᠷ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠪᠠ ᠶᠠᠰᠤ ᠴᠢᠨᠠᠷ ᠢᠶᠠᠨ ᠤᠯᠠᠮ ᠰᠠᠶᠢᠵᠢᠷᠠᠭᠤᠯᠤᠨ᠂ ᠮᠠᠯᠵᠢᠬᠤ ᠦᠢᠯᠡᠳᠪᠦᠷᠢᠯᠡᠯ᠂ ᠮᠠᠯᠴᠢᠳ ᠤᠨ ᠠᠵᠤ ᠠᠮᠢᠳᠤᠷᠠᠯ ᠪᠠ ᠤᠷᠴᠢᠨ ᠠᠬᠤᠢ ᠶᠢ ᠬᠠᠮᠠᠭᠠᠯᠠᠬᠤ ᠵᠡᠷᠭᠡ ᠲᠠᠯ᠎ᠠ ᠶᠢᠨ ᠦᠢᠯᠡᠴᠢᠯᠡᠭᠡ ᠪᠠᠨ ᠴᠢᠩᠭᠠᠳᠬᠠᠵᠤ ᠮᠠᠯᠴᠢᠨ ᠲᠦᠮᠡᠨ ᠳᠡᠭᠡᠨ ᠲᠤᠰᠠ ᠲᠡᠮ ᠬᠦᠷᠭᠡᠬᠦ  ᠪᠠᠷ ᠴᠢᠷᠮᠠᠶᠢᠨ᠎ᠠ︾ ᠭᠡᠯ᠎ᠡ᠃    ᠪᠠᠶᠠᠠᠬᠤᠩᠭᠤᠷ ᠭᠠᠴᠠᠭᠠᠨ ᠤ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠩᠭᠢ ᠶᠢᠨ ᠬᠢᠨ ᠮᠣᠩᠭᠤᠯ ᠮᠣᠷᠢᠨ ᠤ ᠵᠣᠷᠢᠭ ᠰᠠᠨᠠᠭ᠎ᠠ ᠪᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠴᠤᠭ ᠵᠢᠪᠬᠤᠭ᠎ᠠ ᠶᠢ ᠪᠠᠳᠠᠷᠠᠭᠤᠯᠤᠨ  ᠦᠢᠯᠡᠴᠢᠯᠡᠭᠡᠨ ᠤ ᠠᠵᠢᠯ ᠦᠢᠯᠡᠰ ᠲᠡᠭᠡᠨ ᠢᠳᠡᠪᠬᠢᠯᠡᠨ ᠤᠷᠤᠯᠴᠠᠵᠦ ᠢᠷᠡᠪᠡ᠃ ᠲᠤᠰ ᠦᠢᠯᠡᠴᠢᠯᠡᠭᠡᠨ ᠤ ᠠᠩᠭᠢ ᠨᠢ ᠭᠠᠴᠠᠭᠠᠨ ᠤ ᠠᠯᠪᠠᠨ ᠭᠡᠷ ᠲᠡᠭᠡᠨ ᠢᠴᠡᠭᠡᠯ ᠦᠷ᠎ᠡ ᠶᠢᠨ ᠬᠡᠭᠡᠯᠳᠦᠭᠦᠯᠭᠡ ᠳᠤ ᠬᠡᠷᠡᠭᠰᠡᠬᠦ ᠠᠽᠤᠲ ᠬᠠᠳᠠᠭᠠᠯᠠᠬᠤ ᠦᠷᠳᠡᠭᠡ ᠪᠠᠶᠢᠭᠤᠯᠵᠤ᠂ ᠵᠢᠷ ᠤᠨ ᠭᠤᠤᠯ ᠪᠠᠯᠭᠠᠰᠤᠨ ᠤ ᠪᠠᠶᠠᠠᠬᠤᠩᠭᠤᠷ ᠭᠠᠴᠠᠭ᠎ᠠ ᠂ ᠭᠤᠷᠪᠠᠨᠪᠤᠯᠠᠭ ᠭᠠᠴᠠᠭ᠎ᠠ᠂ ᠪᠠᠶᠠᠠᠭᠤᠤᠯ ᠭᠠᠴᠠᠭ᠎ᠠ ᠵᠡᠷᠭᠡ ᠵᠢᠷᠭᠤᠭᠠᠨ ᠭᠠᠴᠠᠭ᠎ᠠ ᠳᠤ ᠦᠨ᠎ᠡ ᠲᠦᠯᠦᠪᠦᠷᠢ ᠦᠭᠡᠢ ᠬᠠᠩᠭᠠᠬᠤ ᠪᠤᠶᠤ ᠮᠠᠯᠴᠢᠳ ᠲᠤ ᠵᠠᠬ᠎ᠠ ᠳᠡᠯᠭᠡᠭᠦᠷ ᠤᠨ ᠦᠨ᠎ᠡ ᠠᠴᠠ ᠳᠣᠣᠷ᠎ᠠ ᠪᠠᠷ ᠭᠡᠭᠡᠯᠳᠦᠭᠦᠯᠭᠡ ᠬᠢᠬᠦ ᠦᠢᠯᠡᠴᠢᠯᠡᠭᠡ ᠬᠠᠩᠭᠠᠵᠦ ᠪᠠᠶᠢᠨ᠎ᠠ᠃ ᠡᠭᠦᠨ ᠤ ᠬᠠᠮᠲᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠢ ᠦᠷᠨᠢᠭᠦᠯᠵᠦ᠂ ᠬᠡᠰᠢᠭᠦᠳ ᠢᠶᠠᠨ ᠵᠣᠬᠢᠶᠠᠨ ᠪᠠᠶᠢᠭᠤᠯᠤᠨ ᠡᠭᠦᠯᠳᠡᠷ ᠤᠨ ᠦᠬᠡᠷ ᠲᠡᠵᠢᠭᠡᠨ ᠠᠷᠠᠴᠢᠯᠠᠬᠤ ᠪᠠ ᠭᠡᠭᠡᠯᠳᠦᠭᠦᠯᠭᠡ ᠶᠢᠨ ᠮᠡᠷᠭᠡᠵᠢᠯ ᠤᠨ ᠭᠠᠷ ᠳᠡᠪᠲᠡᠷ ᠨᠠᠶᠢᠷᠠᠭᠤᠯᠵᠤ᠂ ᠬᠠᠶᠠᠭᠳᠠᠮᠠᠯ ᠲᠡᠮᠦᠷ ᠢᠶᠠᠷ ᠬᠦᠳᠡᠭᠡ ᠨᠤᠳᠤᠭ  ᠲᠤ ᠬᠡᠷᠡᠭᠰᠡᠬᠦ ᠲᠦᠭᠦᠮ ᠠᠪᠰᠠᠷ ᠬᠤᠭ ᠤᠨ ᠰᠠᠪᠠ ᠶᠢᠨ ᠵᠢᠶᠠᠰᠠ ᠬᠢᠵᠦ ᠭᠠᠴᠠᠭᠠᠨ ᠤ ᠪᠠᠨ ᠮᠠᠯᠵᠢᠬᠤ ᠡᠷᠦᠬᠡ ᠳᠤ ᠬᠦᠷᠭᠡᠵᠦ ᠰᠢᠨ᠎ᠡ ᠮᠠᠯᠵᠢᠬᠤ ᠤᠷᠤᠨ ᠤ ᠪᠦᠳᠦᠭᠡᠨ ᠪᠠᠶᠢᠭᠤᠯᠤᠯᠳᠠ ᠳᠤ ᠭᠠᠪᠰᠢᠭᠠᠶᠢᠯᠠᠨ ᠤᠷᠤᠯᠴᠠᠵᠦ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ  ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号