ᠬᠠᠯᠠᠮᠵᠢ ᠶᠢᠨ ᠰᠠᠶᠢᠬᠠᠨ ᠰᠡᠳᠬᠢᠯ ᠬᠠᠨᠳᠢᠪ ᠲᠤᠰᠠᠯᠠᠮᠵᠢ ᠶᠢᠨ ᠮᠦᠩᠭᠦ
ᠨᠡᠶᠢᠲᠡᠯᠡᠭᠰᠡᠨ ᠴᠠᠭ᠄
2023/11/30
      ᠬᠠᠯᠠᠮᠵᠢ ᠶᠢᠨ ᠰᠠᠶᠢᠬᠠᠨ ᠰᠡᠳᠬᠢᠯ ᠬᠠᠨᠳᠢᠪ ᠲᠤᠰᠠᠯᠠᠮᠵᠢ ᠶᠢᠨ ᠮᠦᠩᠭᠦ                     ᠦᠵᠦᠮᠦᠴᠢᠨ ᠨᠤᠲᠤᠭ ᠦᠪᠴᠢ  ᠪᠠᠷ ᠢᠶᠠᠨ ᠴᠠᠭᠠᠨ ᠴᠠᠰᠤᠨ  ᠳᠤ ᠬᠤᠴᠢᠭᠳᠠᠵᠤ᠂ ᠦᠩ ᠡᠪᠤᠯ ᠤᠨ ᠬᠦᠢᠲᠡᠨ ᠴᠠᠭ ᠢᠷᠡᠭᠰᠡᠨ ᠪᠠᠶᠢᠯ᠎ᠠ᠃   ᠲᠡᠭᠡᠬᠦ ᠳᠤ᠂ ᠪᠠᠷᠠᠭᠤᠨ ᠦᠵᠦᠮᠦᠴᠢᠨ ᠬᠤᠰᠢᠭᠤᠨ ᠤ  ᠤᠯᠠᠭᠠᠨᠬᠠᠭᠠᠯᠭ᠎ᠠ ᠰᠤᠮᠤᠨ ᠤ ᠠᠯᠪᠠᠨ ᠠᠰᠠᠷ ᠲᠤ ᠬᠠᠶᠢᠷ᠎ᠠ ᠬᠠᠯᠠᠮᠵᠢ ᠶᠢᠨ ᠳᠤᠯᠠᠭᠠᠨ ᠠᠭᠤᠷ ᠪᠢᠯᠬᠠᠵᠤ ᠪᠠᠶᠢᠪᠠ᠃  ᠤᠯᠠᠭᠠᠨᠬᠠᠭᠠᠯᠭ᠎ᠠ ᠰᠤᠮᠤᠨ ᠤ ᠨᠠᠮ ᠵᠠᠰᠠᠭ ᠤᠨ ᠤᠳᠤᠷᠢᠳᠤᠯᠭ᠎ᠠ ᠠᠴᠠ ᠡᠬᠢᠯᠡᠭᠡᠳ ᠺᠠᠳ᠋ᠷ ᠠᠵᠢᠯᠴᠢᠨ ᠨᠠᠷ  ᠲᠤᠰ ᠰᠤᠮᠤᠨ ᠤ  ᠡᠷᠬᠡᠲᠦᠠᠤᠪᠤᠭ᠎ᠠ ᠭᠠᠴᠠᠭᠠᠨ ᠤ ᠮᠠᠯᠴᠢᠨ ᠲᠡᠮᠦᠷᠪᠠᠭᠠᠳᠤᠷ ᠬᠦᠨᠳᠦ ᠰᠦᠷᠡᠬᠡᠢ ᠲᠠᠷᠢᠬᠢᠨ ᠤ ᠤᠰᠤᠨ ᠪᠡᠳᠡᠬᠢ ᠡᠪᠡᠳᠴᠢᠨ ᠳᠤ ᠨᠡᠷᠪᠡᠭᠳᠡᠵᠦ᠂  ᠴᠢᠭᠤᠯᠠᠯᠲᠤ ᠬᠠᠭᠠᠯᠭ᠎ᠠ ᠶᠢᠨ ᠡᠮᠨᠡᠯᠭᠡ ᠶᠢᠨ  ᠬᠤᠷᠢᠶᠠᠨ ᠳᠤ ᠡᠪᠡᠳᠴᠢᠨ ᠢᠶᠠᠨ ᠡᠮᠴᠢᠯᠡᠭᠦᠯᠵᠦ᠂ ᠳᠠᠷᠢᠬᠢᠨ ᠤ ᠮᠡᠰᠡ ᠵᠠᠰᠠᠯ ᠬᠢᠯᠭᠡᠭᠦ ᠭᠡᠳ ᠵᠤᠭᠤᠰ ᠮᠦᠩᠭᠦ ᠨᠢ ᠬᠦᠷᠦᠯᠴᠠᠬᠦ  ᠦᠬᠡᠢ ᠬᠦᠴᠢᠷᠳᠡᠵᠦ ᠪᠠᠶᠢᠭ᠎ᠠ ᠪᠠᠶᠢᠳᠠᠯ ᠢ  ᠣᠶᠢᠯᠠᠭᠠᠵᠤ  ᠂  ᠪᠦᠭᠦᠳᠡᠭᠡᠷ ᠢᠶᠠᠨ ᠬᠠᠪᠰᠣᠷᠴᠤ ᠳᠡᠮᠵᠢᠬᠦ ᠰᠡᠳᠭᠢᠯ ᠢᠶᠠᠷ ᠬᠠᠶᠢᠷ᠎ᠠ ᠶᠢᠨ  ᠬᠠᠯᠠᠭᠤᠨ ᠭᠠᠷ ᠢᠶᠠᠨ ᠰᠤᠩᠭᠤᠨ ᠲᠤᠭ᠎ᠠ  ᠲᠠᠢ ᠬᠡᠳᠦᠬᠡᠨ ᠴᠠᠯᠢᠩ ᠤᠨ ᠮᠦᠩᠭᠦ  ᠠᠴᠠ ᠪᠠᠨ   ᠨᠡᠶᠢᠳᠡ 7409 ᠲᠦᠭᠦᠷᠢᠭ ᠤᠨ ᠬᠠᠨᠳᠢᠪ ᠤᠨ ᠮᠦᠩᠭᠦ ᠴᠤᠭᠯᠠᠭᠤᠯᠵᠤ᠂ ᠮᠠᠯᠴᠢᠨ ᠲᠡᠮᠦᠷᠪᠠᠭᠠᠳᠤᠷ ᠤᠨ ᠪᠦᠰᠡᠬᠦᠢ ᠰᠤᠪᠤᠳᠭᠡᠷᠡᠯ ᠲᠤ ᠸᠢᠴᠠᠲ ᠢᠶᠠᠷ  ᠳᠠᠮᠵᠢᠭᠤᠯᠵᠤ ᠥᠭᠭᠦᠭᠰᠡᠨ ᠪᠠᠶᠢᠨ᠎ᠠ᠃  ᠺᠠᠳ᠋ᠷ ᠠᠵᠢᠯᠲᠠᠳ ᠤᠨ ᠮᠠᠯᠴᠢᠨ ᠲᠥᠮᠡᠨ ᠢᠶᠠᠨ ᠲᠤᠰᠠᠯᠠᠵᠤ ᠳᠡᠮᠵᠢᠭᠰᠡᠨ ᠰᠠᠶᠢᠬᠠᠨ ᠴᠢᠮᠡᠭᠡ ᠰᠤᠨᠤᠰᠤᠭᠰᠠᠨ ᠪᠦᠬᠦᠨ ᠳᠤ  ᠰᠠᠶᠢᠰᠢᠶᠠᠭᠳᠠᠵᠤ᠂ ᠬᠦᠮᠦᠨ ᠠᠷᠠᠳ ᠤᠨ ᠢᠶᠠᠨ ᠰᠡᠳᠬᠢᠯ  ᠢ ᠲᠤᠯᠠᠭᠠᠴᠠᠭᠤᠯᠵᠤ ᠪᠢᠯᠡ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号