ᠬᠥᠬᠢᠭᠦᠯᠦᠭᠳᠡᠭᠰᠡᠨ ᠱᠠᠩᠨᠠᠯ ᠤᠨ ᠮᠥᠩᠬᠦ ᠪᠠᠷ ᠢᠶᠠᠨ ᠦᠷᠦᠭᠡᠯ ᠨᠢᠭᠡᠨ ᠢᠶᠠᠨ ᠲᠤᠰᠠᠯᠠᠪᠠ | | | ᠤᠷᠴᠢᠮᠬᠠᠨ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠡᠬᠠᠭᠠᠯᠭ᠎ᠠ ᠰᠣᠮᠣᠨ ᠤ ︽ᠬᠥᠳᠡᠭᠡ ᠡᠭᠡᠰᠢᠭ︾ ᠰᠠᠶᠢᠨ | ᠲᠤᠷᠠᠴᠤᠤᠯ ᠤᠨ ᠣᠷᠠᠯᠢᠭ ᠤᠨ ᠪᠥᠯᠬᠦᠮ ᠨᠢ ᠪᠥᠬᠦ ᠬᠤᠰᠢᠭᠤᠨ ᠤ ᠭᠤᠷᠪᠠᠳᠣᠭᠠᠷ ᠬᠤᠭᠤᠴᠠᠭᠠᠨ ᠤ ᠰᠢᠨ᠎ᠡ ᠴᠠᠭ ᠦᠶ᠎ᠡ | ᠶᠢᠨ ᠪᠣᠯᠪᠠᠰᠣᠨ ᠤ ᠦᠢᠯᠡᠳᠦᠯᠭᠡ ᠶᠢᠨ ᠰᠠᠶᠢᠨ ᠲᠣᠷ᠎ᠠ ᠶᠢᠨ ᠦᠢᠯᠡᠴᠢᠯᠡᠭᠡᠨ ᠤ ᠲᠥᠷᠦᠯ ᠵᠦᠢᠯ ᠤᠨ ᠶᠡᠭᠡ ᠣᠷᠣᠯᠳᠣᠭᠠᠨ | ᠳᠤ ᠪᠥᠯᠬᠦᠮ ᠨᠢᠭᠡᠴᠡ ᠪᠠᠷ ᠢᠶᠠᠨ ᠣᠷᠣᠯᠴᠠᠭᠠᠳ ᠭᠤᠷᠪᠠᠳᠣᠭᠠᠷ ᠲᠡᠰ ᠲᠤ ᠣᠷᠣᠵᠦ᠂ ᠢᠷᠡᠭᠤ ᠠᠯᠳᠠᠷ ᠤᠨ ᠦᠨᠡᠮᠯᠡᠯ | ᠪᠣᠯᠣᠨ ᠠᠷᠠᠳ ᠤᠨ ᠵᠣᠭᠤᠰ ᠭᠤᠷᠪᠠᠨ ᠮᠢᠩᠭᠠᠨ ᠲᠥᠭᠦᠷᠢᠭ ᠢᠶᠠᠷ ᠱᠠᠩᠨᠠᠭᠳᠠᠭᠰᠠᠨ ᠪᠠᠶᠢᠯ᠎ᠠ᠃ ᠢᠩᠬᠢᠭᠡᠳ ᠲᠣᠰ ᠪᠥᠯᠬᠦᠮ | ᠨᠢ ᠱᠠᠩᠨᠠᠯ ᠤᠨ ᠮᠦᠡᠭᠬᠦ ᠠᠴᠠ ᠪᠠᠨ ᠮᠢᠩᠭ᠎ᠠ ᠬᠤᠶᠠᠷ ᠵᠠᠭᠤᠨ ᠲᠥᠭᠦᠷᠢᠭ ᠭᠠᠷᠭᠠᠵᠦ᠂ ᠤᠯᠠᠭᠠᠡᠬᠠᠭᠠᠯᠭ᠎ᠠ ᠰᠣᠮᠣᠨ ᠤ | ᠪᠠᠶᠠᠨᠨᠠᠭᠤᠷ ᠭᠠᠴᠠᠭᠠᠨ ᠤ ᠮᠠᠯᠴᠢᠨ ᠬᠤᠸᠠᠷ ᠨᠠᠰᠣᠲᠠᠨ ᠢ ᠡᠳ᠋ ᠪᠣᠳᠠᠰ ᠪᠣᠯᠣᠨ ᠠᠷᠠᠳ ᠤᠨ ᠵᠣᠭᠤᠰ ᠭᠤᠷᠪᠠᠨ ᠵᠠᠭᠤᠨ | ᠲᠥᠭᠦᠷᠢᠭ ᠢᠶᠠᠷ ᠲᠤᠬᠤᠨᠢᠭᠤᠯᠬᠤ ᠶᠢᠨ ᠬᠠᠮᠳᠦ᠂ ᠪᠠᠴᠢ ᠭᠠᠴᠠᠭᠠᠨ ᠤ ᠮᠠᠯᠴᠢᠨ ᠨᠣ ᠵᠠᠮᠪᠠᠯ ᠢ ᠡᠳ᠋ ᠪᠣᠳᠠᠰ ᠪᠣᠯᠣᠨ ᠠᠷᠠᠳ | ᠤᠨ ᠵᠣᠭᠤᠰ ᠭᠤᠷᠪᠠᠨ ᠵᠠᠭᠤᠨ ᠲᠥᠭᠦᠷᠢᠭ ᠢᠶᠠᠷ ᠲᠤᠬᠤᠨᠢᠭᠤᠯᠵᠦ᠂ ᠪᠠᠰᠠ ᠬᠤᠰᠢᠭᠤ ᠭᠤᠷᠪᠠᠳᠣᠭᠠᠷ ᠪᠠᠭ᠎ᠠ ᠰᠣᠷᠭᠠᠭᠤᠯᠢ | ᠶᠢᠨ ᠲᠠᠪᠣᠳᠣᠭᠠᠷ ᠣᠨ ᠤ ᠨᠢᠭᠡ ᠨᠡᠷ᠎ᠡ ᠰᠣᠷᠣᠭᠴᠢ ᠳᠤ ᠪᠢᠴᠢᠭ ᠤᠨ ᠬᠡᠷᠡᠭᠰᠡᠯ ᠪᠣᠯᠣᠨ ᠠᠷᠠᠳ ᠤᠨ ᠵᠣᠭᠤᠰ ᠭᠤᠷᠪᠠᠨ | ᠵᠠᠭᠤᠨ ᠲᠥᠭᠦᠷᠢᠭ ᠬᠦᠷᠭᠡᠵᠦ᠂ ᠰᠤᠷᠤᠯᠭ᠎ᠠ ᠬᠢᠴᠢᠶᠡᠯ ᠳᠡᠭᠡᠨ ᠤᠯᠠᠮ ᠰᠢᠮᠳᠠᠨ ᠰᠤᠷᠤᠯᠴᠠᠬᠤ ᠶᠢ ᠨᠢ ᠵᠤᠷᠢᠭᠵᠢᠭᠤᠯᠤᠭᠰᠠᠨ | ᠪᠠᠶᠢᠨ᠎ᠠ᠃ | | | | | | | ︽ᠬᠥᠳᠡᠭᠡ ᠡᠭᠡᠰᠢᠭ︾ ᠰᠠᠶᠢᠨ ᠲᠤᠷᠠᠴᠤᠤᠯ ᠤᠨ ᠪᠥᠯᠬᠦᠮ ᠤᠨ ᠡᠨᠡᠬᠦ ᠠᠵᠢᠯᠯᠠᠭ᠎ᠠ ᠨᠢ ᠰᠣᠨᠣᠰᠣᠭᠰᠠᠨ ᠪᠥᠬᠦᠨ ᠤ | ᠰᠣᠨᠣᠷ ᠢ ᠪᠠᠶᠠᠰᠬᠠᠵᠦ᠂ ᠬᠠᠯᠠᠭᠤᠨ ᠰᠠᠶᠢᠬᠠᠨ ᠵᠣᠭᠤᠭ ᠪᠣᠯᠣᠨ ᠲᠠᠮᠵᠢᠭᠳᠠᠵᠦ ᠪᠠᠶᠢᠨ᠎ᠠ᠃ | |