ᠪᠠᠷᠠᠭᠤᠨ ᠦᠵᠦᠮᠦᠴᠢᠨ ᠬᠤᠰᠢᠭᠤᠨ ᠤ 2023 ᠣᠨ ᠤ ᠤᠯᠤᠰ ᠤᠨ ᠥᠮᠴᠢᠯᠡᠯ ᠤᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠲᠤᠬᠠᠢ | ᠲᠠᠶᠢᠯᠤᠮᠵᠢ | | ᠨᠢᠭᠡ᠂ ᠣᠷᠣᠨ ᠲᠤᠭ᠎ᠠ ᠶᠢᠨ ᠠᠬᠤᠢ ᠪᠠᠶᠢᠳᠠᠯ᠃ | ᠭᠠᠵᠠᠷ ᠰᠢᠷᠣᠢ ᠶᠢᠨ ᠵᠠᠬ᠎ᠠ ᠳᠡᠯᠭᠡᠭᠦᠷ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ ᠭᠠᠵᠠᠷ ᠰᠢᠷᠣᠢ ᠶᠢᠨ ᠡᠬᠢ | ᠪᠠᠶᠠᠯᠢᠭ ᠢ ᠵᠣᠬᠢᠰᠲᠠᠢ ᠲᠣᠬᠢᠷᠠᠭᠤᠯᠵᠤ᠂ ᠲᠥᠯᠥᠪᠯᠡᠭᠡ ᠶᠢᠨ ᠬᠥᠲᠥᠯᠥᠨ ᠵᠢᠯᠤᠭᠤᠳᠬᠤ ᠦᠢᠯᠡᠳᠦᠯ ᠢ ᠢᠳᠡᠪᠬᠢᠲᠡᠢ | ᠪᠠᠳᠠᠷᠠᠭᠤᠯᠵᠤ᠂ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ | ᠬᠠᠮᠢᠶᠠᠷᠤᠯᠲᠠ ᠶᠢ ᠠᠷᠪᠢᠲᠠᠢ ᠡᠷᠴᠢᠮᠯᠢᠭ᠂ ᠬᠠᠩᠭᠠᠯᠭ᠎ᠠ ᠬᠡᠷᠡᠭᠴᠡᠭᠡ ᠶᠢ ᠲᠡᠩᠴᠡᠭᠦᠷᠢᠲᠡᠢ ᠪᠠᠶᠢᠯᠭᠠᠬᠤ ᠪᠠ | ᠪᠠᠲᠤᠯᠠᠬᠤ ᠶᠢ ᠨᠢ ᠪᠠᠲᠤᠯᠠᠵᠤ ᠬᠢᠵᠠᠭᠠᠷᠯᠠᠬᠤ ᠶᠢ ᠨᠢ ᠪᠠᠭᠠᠰᠬᠠᠬᠤ ᠵᠠᠷᠴᠢᠮ ᠢ ᠪᠠᠷᠢᠮᠲᠠᠯᠠᠵᠤ᠂ ᠤᠯᠤᠰ ᠤᠨ ᠨᠤᠲᠤᠭ | ᠳᠡᠪᠢᠰᠬᠡᠷ ᠤᠨ ᠡᠬᠢ ᠪᠠᠶᠠᠯᠢᠭ ᠤᠨ ᠶᠠᠮᠤᠨ ᠤ ︽︿ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠰᠢᠷᠣᠢ ᠶᠢᠨ ᠬᠠᠩᠭᠠᠯᠭ᠎ᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠵᠢᠷᠤᠮᠵᠢᠯ﹀ ︵ | ᠲᠤᠷᠰᠢᠨ ᠬᠡᠷᠡᠭᠵᠢᠭᠦᠯᠬᠦ︶ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠤᠯᠤᠰ ᠤᠨ ᠨᠤᠲᠤᠭ ᠳᠡᠪᠢᠰᠬᠡᠷ | ᠡᠬᠢ ᠪᠠᠶᠠᠯᠢᠭ ᠲᠠᠷᠬᠠᠭᠠᠭᠰᠠᠨ ﹇2010﹈ 117 ᠳ᠋ᠤᠭᠠᠷ ᠲᠣᠭᠠᠲᠤ︶ ᠤᠨ ᠱᠠᠭᠠᠷᠳᠠᠯᠭ᠎ᠠ ᠵᠢᠴᠢ ᠶᠠᠭ ᠰᠠᠶᠢᠬᠠᠨ | ᠨᠠᠶᠢᠷᠠᠭᠤᠯᠤᠨ ᠵᠣᠬᠢᠶᠠᠵᠤ ᠪᠠᠶᠢᠭ᠎ᠠ ᠣᠷᠣᠨ ᠵᠠᠢ ᠶᠢᠨ ᠲᠥᠯᠦᠪᠵᠢᠭᠦᠯᠭᠡ᠂ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠥᠭᠵᠢᠯᠲᠡ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠪᠠ 2035 | ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ᠶᠣᠰᠣᠭᠠᠷ᠂ ᠪᠥᠬᠦ ᠬᠤᠰᠢᠭᠤᠨ ᠤ ᠭᠠᠵᠠᠷ ᠰᠢᠷᠣᠢ ᠶᠢᠨ | ᠬᠠᠩᠭᠠᠯᠭ᠎ᠠ ᠶᠢᠨ ᠴᠢᠳᠠᠪᠤᠷᠢ ᠪᠠ ᠡᠯ᠎ᠡ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ | ᠲᠥᠷᠥᠯ ᠤᠨ ᠬᠡᠷᠡᠭᠯᠡᠬᠦ ᠭᠠᠵᠠᠷ ᠤᠨ ᠬᠡᠷᠡᠭᠴᠡᠭᠡ ᠲᠠᠢ ᠤᠶᠠᠯᠳᠤᠭᠤᠯᠪᠠ᠃ | ᠬᠤᠶᠠᠷ᠂ ᠲᠥᠯᠥᠪᠯᠡᠭᠡ ᠵᠣᠬᠢᠶᠠᠬᠤ ᠵᠣᠷᠢᠯᠭ᠎ᠠ ᠪᠠ ᠦᠨᠳᠦᠰᠦ ᠪᠠᠷᠢᠮᠲᠠ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠪᠠ ᠬᠤᠲᠠ ᠶᠢᠨ ᠲᠣᠪᠴᠢᠶ᠎ᠠ ᠶᠢᠨ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠣᠰᠣᠭᠠᠷ᠂ ᠲᠠᠷᠢᠶᠠᠨ ᠭᠠᠵᠠᠷ ᠤᠨ ᠰᠡᠷᠡᠮᠵᠢ ᠶᠢᠨ ᠱᠤᠭᠤᠮ ᠢ ᠴᠢᠩᠭ᠎ᠠ ᠰᠠᠬᠢᠵᠤ᠂ ᠭᠠᠵᠠᠷ ᠬᠡᠷᠡᠭᠯᠡᠬᠦ | ᠣᠷᠣᠨ ᠵᠠᠢ ᠶᠢ ᠦᠷᠭᠡᠳᠬᠡᠨ᠂ ᠭᠠᠵᠠᠷ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ | ᠦᠢᠯᠡᠴᠢᠯᠡᠭᠡ ᠶᠢ ᠰᠢᠯᠢᠳᠡᠭᠵᠢᠭᠦᠯᠵᠦ᠂ ᠡᠯ᠎ᠡ ᠲᠥᠷᠥᠯ ᠤᠨ ᠤᠯᠤᠰ ᠤᠨ ᠥᠮᠴᠢᠯᠡᠯ ᠤᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠶᠡᠷᠦᠩᠬᠡᠢ ᠬᠡᠮᠵᠢᠶ᠎ᠡ᠂ ᠪᠦᠲᠦᠴᠡ᠂ ᠪᠠᠶᠢᠷᠢᠰᠢᠯ᠂ | ᠴᠠᠭ ᠤᠨ ᠳᠠᠷᠠᠭᠠᠯᠠᠯ ᠪᠠ ᠠᠷᠭ᠎ᠠ ᠮᠠᠶ᠋ᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠭᠠᠵᠠᠷ ᠰᠢᠷᠣᠢ ᠶᠢᠨ ᠵᠠᠬ᠎ᠠ | ᠳᠡᠯᠭᠡᠭᠦᠷ ᠤᠨ ᠬᠤᠷᠸ᠎ᠠ ᠲᠣᠬᠢᠷᠠᠭᠤᠯᠭ᠎ᠠ ᠡᠵᠡᠮᠳᠡᠯ ᠢ ᠴᠢᠩᠬᠠᠳᠬᠠᠨ᠂ ᠨᠡᠮᠡᠭᠳᠡᠯ ᠤᠨ ᠬᠡᠮᠵᠢᠶ᠎ᠡ ᠶᠢ ᠰᠠᠶᠢᠲᠤᠷ ᠬᠡᠷᠡᠭᠯᠡᠵᠦ | ᠂ ᠬᠠᠳᠠᠭᠠᠯᠠᠯᠲᠠ ᠶᠢᠨ ᠬᠡᠮᠵᠢᠶ᠎ᠡ ᠶᠢ ᠠᠮᠢᠳᠤᠯᠢᠭ ᠪᠣᠯᠭᠠᠨ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠵᠡᠷᠭᠡᠪᠡᠷ ᠠᠳᠬᠤᠵᠤ᠂ | ᠭᠠᠵᠠᠷ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠬᠤ ᠶᠢ ᠠᠬᠢᠭᠤᠯᠵᠤ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ | ᠬᠡᠷᠡᠭᠴᠡᠭᠡ ᠶᠢ ᠪᠦᠲᠦᠮᠵᠢᠲᠡᠢ ᠪᠠᠲᠤᠯᠠᠵᠤ᠂ ᠮᠠᠨ ᠤ ᠬᠤᠰᠢᠭᠤᠨ ᠤ ᠪᠦᠭᠦ ᠲᠠᠯ᠎ᠠ ᠶᠢᠨ ᠬᠥᠭᠵᠢᠯᠲᠡ ᠳᠤ ᠪᠠᠲᠤ ᠪᠠᠬᠢ | ᠤᠯᠤᠰ ᠤᠨ ᠭᠠᠵᠠᠷ ᠰᠢᠷᠣᠢ ᠶᠢᠨ ᠡᠬᠢ ᠪᠠᠶᠠᠯᠢᠭ ᠤᠨ ᠲᠤᠯᠭᠠᠭᠤᠷᠢᠯᠠᠯ ᠪᠠ ᠪᠠᠲᠤᠯᠠᠭ᠎ᠠ ᠶᠢ ᠬᠠᠩᠭᠠᠨ᠎ᠠ᠃ ︽ | ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠬᠠᠩᠭᠠᠯᠭ᠎ᠠ ᠶᠢᠨ | ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠵᠢᠷᠤᠮᠵᠢᠯ ︵ᠲᠤᠷᠰᠢᠨ ᠬᠡᠷᠡᠭᠵᠢᠭᠦᠯᠬᠦ︶ ᠢ ᠳᠠᠷᠤᠮᠠᠯᠯᠠᠨ ᠶᠠᠪᠤᠭᠤᠯᠬᠤ | ᠲᠤᠬᠠᠢ ᠮᠡᠳᠡᠭᠳᠡᠯ︾ ᠢ ᠦᠨᠳᠦᠰᠦᠯᠡᠨ᠂ ᠳᠡᠭᠡᠷ᠎ᠡ ᠵᠢᠯ ᠤᠨ ᠭᠠᠵᠠᠷ ᠰᠢᠷᠣᠢ ᠬᠠᠩᠭᠠᠭᠰᠠᠨ ᠪᠠᠶᠢᠳᠠᠯ ᠪᠠ ᠲᠣᠰ | ᠵᠢᠯ ᠤᠨ ᠭᠠᠵᠠᠷ ᠰᠢᠷᠣᠢ ᠬᠡᠷᠡᠭᠯᠡᠬᠦ ᠬᠡᠷᠡᠭᠴᠡᠭᠡ ᠪᠠᠷ ᠯᠠᠪᠯᠠᠯᠲᠠ ᠪᠣᠯᠭᠠᠵᠤ ᠨᠠᠶᠢᠷᠠᠭᠤᠯᠤᠨ ᠵᠣᠬᠢᠶᠠᠨ᠎ᠠ᠃ | ᠭᠤᠷᠪᠠ᠂ ᠶᠠᠭᠤ ᠶᠢ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠬᠠᠩᠭᠠᠯᠭ᠎ᠠ ᠶᠢᠨ ᠲᠥᠯᠥᠪᠯᠡᠭᠡ ᠭᠡᠬᠦ ᠪᠤᠢ︖ | ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠬᠠᠩᠭᠠᠯᠭ᠎ᠠ ᠶᠢᠨ | ᠲᠥᠯᠥᠪᠯᠡᠭᠡ ᠭᠡᠳᠡᠭ ᠨᠢ ᠣᠷᠣᠨ ᠨᠤᠲᠤᠭ ᠤᠨ ᠵᠠᠰᠠᠭ ᠤᠨ ᠣᠷᠳᠣᠨ ᠤ ᠳᠠᠷᠠᠭ᠎ᠠ ᠨᠢᠭᠡ ᠵᠢᠯ ᠳᠤ ᠭᠠᠵᠠᠷ ᠰᠢᠷᠣᠢ ᠶᠢᠨ | ᠵᠠᠬ᠎ᠠ ᠳᠡᠯᠭᠡᠭᠦᠷ ᠲᠤ ᠣᠷᠣᠭᠤᠯᠬᠤ ᠪᠠᠷ ᠪᠡᠯᠡᠳᠬᠡᠵᠦ ᠪᠠᠶᠢᠭ᠎ᠠ ᠵᠢᠴᠢ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ | ᠰᠢᠷᠣᠢ ᠶᠢᠨ ᠲᠤᠭ᠎ᠠ ᠬᠡᠮᠵᠢᠶ᠎ᠡ ᠵᠢᠴᠢ ᠣᠷᠣᠨ ᠪᠠᠶᠢᠷᠢ᠂ ᠬᠡᠷᠡᠭᠴᠡᠭᠡ᠂ ᠭᠠᠵᠠᠷ ᠰᠢᠷᠣᠢ ᠶᠢ ᠲᠥᠯᠥᠪᠵᠢᠭᠦᠯᠦᠨ | ᠠᠰᠢᠭᠯᠠᠬᠤ ᠨᠥᠬᠦᠴᠡᠯ ᠵᠡᠷᠭᠡ ᠠᠭᠤᠯᠭ᠎ᠠ ᠶᠢᠨ ᠶᠡᠷᠦᠩᠬᠡᠢ ᠨᠡᠷᠡᠶᠢᠳᠦᠯ ᠢ ᠵᠢᠭᠠᠵᠤ ᠪᠣᠶ᠃ ᠡᠭᠦᠨ ᠳᠤ᠂ ᠤᠯᠤᠰ ᠤᠨ | ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠭᠡᠳᠡᠭ ᠨᠢ ᠬᠤᠲᠠ ᠬᠥᠳᠡᠭᠡ ᠶᠢᠨ ᠣᠷᠣᠨ | ᠰᠠᠭᠤᠴᠠ ᠪᠠ ᠣᠯᠠᠨ ᠨᠡᠶᠢᠲᠡ ᠶᠢᠨ ᠲᠥᠬᠦᠭᠡᠷᠦᠮᠵᠢ ᠳᠤ ᠬᠡᠷᠡᠭᠯᠡᠬᠦ ᠭᠠᠵᠠᠷ᠂ ᠦᠢᠯᠡᠳᠪᠦᠷᠢ ᠠᠭᠤᠷᠬᠠᠢ ᠳᠤ ᠬᠡᠷᠡᠭᠯᠡᠬᠦ | ᠭᠠᠵᠠᠷ᠂ ᠵᠠᠮ ᠬᠠᠷᠢᠯᠴᠠᠭ᠎ᠠ ᠤᠰᠤᠨ ᠠᠰᠢᠭᠯᠠᠯᠲᠠ ᠶᠢᠨ ᠲᠥᠬᠦᠭᠡᠷᠦᠮᠵᠢ ᠳᠤ ᠬᠡᠷᠡᠭᠯᠡᠬᠦ ᠭᠠᠵᠠᠷ᠂ ᠵᠢᠭᠤᠯᠴᠢᠯᠠᠯ ᠳᠤ | ᠬᠡᠷᠡᠭᠯᠡᠬᠦ ᠭᠠᠵᠠᠷ ᠪᠠ ᠴᠡᠷᠢᠭ ᠤᠨ ᠶᠠᠪᠤᠳᠠᠯ ᠤᠨ ᠲᠥᠬᠦᠭᠡᠷᠦᠮᠵᠢ ᠳᠤ ᠬᠡᠷᠡᠭᠯᠡᠬᠦ ᠭᠠᠵᠠᠷ ᠵᠡᠷᠭᠡ ᠶᠢᠨ ᠥᠮᠴᠢᠯᠡᠯ ᠤᠨ | ᠡᠷᠬᠡ ᠨᠢ ᠤᠯᠤᠰ ᠤᠨ ᠭᠠᠵᠠᠷ ᠰᠢᠷᠣᠢ ᠪᠣᠯᠬᠤ ᠶᠢ ᠪᠠᠭᠲᠠᠭᠠᠭᠰᠠᠨ ᠪᠠᠷᠢᠯᠭ᠎ᠠ ᠪᠠ ᠪᠠᠷᠢᠯᠭ᠎ᠠ ᠶᠢᠨ ᠡᠳ᠋ ᠢ | ᠪᠠᠶᠢᠭᠤᠯᠬᠤ ᠳᠤ ᠬᠡᠷᠡᠭᠯᠡᠬᠦ ᠭᠠᠵᠠᠷ ᠰᠢᠷᠣᠢ ᠶᠢ ᠵᠢᠭᠠᠵᠤ ᠪᠠᠶᠢᠨ᠎ᠠ᠃ | ᠳᠦᠷᠪᠡ᠂ ᠭᠤᠣᠯ ᠠᠵᠢᠯ ᠤᠨ ᠡᠭᠦᠷᠭᠡ ᠨᠢ ᠶᠠᠭᠤ ᠪᠤᠢ︖ | 2022 ᠣᠨ ᠳᠤ ᠳᠡᠭᠡᠭᠰᠢ ᠮᠡᠳᠡᠭᠦᠯᠦᠭᠰᠡᠨ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠰᠢᠷᠣᠢ ᠶᠢᠨ ᠬᠠᠩᠭᠠᠯᠭ᠎ᠠ ᠶᠢᠨ ᠲᠥᠯᠥᠪᠯᠡᠭᠡ ᠶᠢᠨ ᠰᠠᠭᠤᠷᠢᠨ ᠳᠡᠭᠡᠷ᠎ᠡ ᠤᠯᠠᠮ ᠨᠢᠭᠡ ᠠᠯᠬᠤᠮ | ᠲᠣᠬᠢᠷᠠᠭᠤᠯᠤᠨ ᠰᠢᠯᠢᠳᠡᠭᠵᠢᠭᠦᠯᠦᠨ᠎ᠡ᠃ ᠨᠢᠭᠡ ᠳᠤ᠂ ᠲᠥᠯᠥᠪᠯᠡᠭᠡᠨ ᠤ ᠬᠤᠭᠤᠴᠠᠭᠠᠨ ᠳᠠᠬᠢ ᠡᠯ᠎ᠡ ᠲᠦᠷᠦᠯ ᠤᠨ | ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠶᠡᠷᠦᠩᠬᠡᠢ | ᠳᠦᠯᠦᠪᠯᠡᠭᠡ ᠶᠢ ᠳᠦᠯᠦᠪᠵᠢᠬᠦᠯᠦᠨᠡ᠃ ᠬᠤᠶᠠᠷ ᠲᠤ᠂ ᠲᠥᠯᠥᠪᠯᠡᠭᠡᠨ ᠤ ᠬᠤᠭᠤᠴᠠᠭᠠᠨ ᠳᠠᠬᠢ ᠬᠤᠳᠠᠯᠳᠤᠭᠠᠨ ᠳᠤ | ᠬᠡᠷᠡᠭᠯᠡᠬᠦ ᠭᠠᠵᠠᠷ ᠰᠢᠷᠣᠢ᠂ ᠦᠢᠯᠡᠳᠪᠦᠷᠢ ᠠᠭᠤᠷᠬᠠᠢ ᠶᠢᠨ ᠬᠥᠮᠥᠷᠭᠡᠯᠡᠨ ᠬᠠᠳᠠᠭᠠᠯᠠᠬᠤ ᠳᠤ ᠬᠡᠷᠡᠭᠯᠡᠬᠦ ᠭᠠᠵᠠᠷ ᠰᠢᠷᠣᠢ᠂ | ᠣᠷᠣᠨ ᠰᠠᠭᠤᠴᠠ ᠳᠤ ᠬᠡᠷᠡᠭᠯᠡᠬᠦ ᠭᠠᠵᠠᠷ ᠰᠢᠷᠣᠢ᠂ ᠤᠯᠠᠨ ᠨᠡᠶᠢᠲᠡ ᠶᠢᠨ ᠬᠠᠮᠢᠶᠠᠷᠤᠯᠲᠠ ᠬᠢᠭᠡᠳ ᠤᠯᠠᠨ | ᠨᠡᠶᠢᠲᠡ ᠶᠢᠨ ᠦᠢᠯᠡᠴᠢᠯᠡᠭᠡ ᠳᠤ ᠬᠡᠷᠡᠭᠯᠡᠬᠦ ᠭᠠᠵᠠᠷ ᠰᠢᠷᠣᠢ᠂ ᠣᠨᠴᠠᠭᠠᠶ ᠬᠡᠷᠡᠭᠯᠡᠬᠦ ᠭᠠᠵᠠᠷ ᠰᠢᠷᠣᠢ᠂ ᠤᠰᠤᠨ ᠣᠷᠣᠨ | ᠵᠢᠴᠢ ᠤᠰᠤᠨ ᠠᠰᠢᠭᠯᠠᠯᠲᠠ ᠶᠢᠨ ᠲᠥᠬᠦᠭᠡᠷᠦᠮᠵᠢ ᠳᠤ ᠬᠡᠷᠡᠭᠯᠡᠬᠦ ᠭᠠᠵᠠᠷ ᠰᠢᠷᠣᠢ᠂ ᠵᠠᠮ ᠲᠡᠭᠡᠭᠡᠪᠦᠷᠢ ᠳᠤ ᠬᠡᠷᠡᠭᠯᠡᠬᠦ | ᠭᠠᠵᠠᠷ ᠵᠡᠷᠭᠡ ᠡᠯ᠎ᠡ ᠲᠦᠷᠦᠯ ᠤᠨ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ | ᠰᠢᠷᠣᠢ ᠶᠢᠨ ᠬᠠᠩᠭᠠᠯᠭ᠎ᠠ ᠶᠢᠨ ᠬᠡᠪᠴᠢᠶ᠎ᠡ ᠪᠠ ᠬᠠᠷᠢᠴᠠᠯ ᠤᠨ ᠬᠠᠷᠢᠴᠠᠭ᠎ᠠ ᠶᠢ ᠰᠢᠯᠢᠳᠡᠭᠵᠢᠭᠦᠯᠦᠨ᠎ᠡ᠃ ᠭᠤᠷᠪᠠ ᠳᠤ᠂ | ᠲᠥᠯᠥᠪᠯᠡᠭᠡᠨ ᠤ ᠬᠤᠭᠤᠴᠠᠭᠠᠨ ᠳᠠᠬᠢ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ | ᠰᠢᠷᠣᠢ ᠶᠢᠨ ᠬᠠᠩᠭᠠᠯᠭ᠎ᠠ ᠶᠢᠨ ᠣᠷᠣᠨ ᠵᠠᠢ ᠶᠢᠨ ᠲᠠᠯ᠎ᠠ ᠪᠠᠷ ᠬᠢ ᠬᠤᠪᠢᠶᠠᠷᠢᠯᠠᠯ ᠢ ᠰᠢᠯᠢᠳᠡᠭᠵᠢᠭᠦᠯᠦᠨ᠎ᠡ᠃ |