ᠪᠠᠷᠠᠭᠤᠨ ᠦᠵᠦᠮᠦᠴᠢᠨ ᠬᠤᠰᠢᠭᠤᠨ ᠤ ᠬᠤᠰᠢᠭᠤ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ | ᠬᠠᠮᠢᠶᠠᠷᠤᠯᠲᠠ ᠶᠢᠨ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ | | | 2023 ᠣᠨ ᠤ 11 ᠰᠠᠷ᠎ᠠ ᠶᠢᠨ 6 ᠤ ᠡᠳᠦᠷ᠂ ︽ᠪᠠᠷᠠᠭᠤᠨ ᠦᠵᠦᠮᠦᠴᠢᠨ ᠬᠤᠰᠢᠭᠤᠨ ᠤ ᠬᠤᠰᠢᠭᠤ | ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ︾ ︵ᠪᠠᠷᠠᠭᠤᠨ ᠵᠠᠰᠠᠭ ᠠᠯᠪᠠᠨ | ᠲᠠᠷᠬᠠᠭᠠᠭᠰᠠᠨ ﹇2023﹈ 99 ᠳ᠋ᠤᠭᠡᠷ ᠲᠣᠭᠠᠲᠤ︶ ᠶᠢ ᠵᠢᠩᠬᠢᠨᠢ ᠪᠠᠷ ᠲᠣᠭᠲᠠᠭᠠᠨ ᠨᠡᠶᠢᠲᠡᠯᠡᠪᠡ᠂ ᠲᠥᠷᠥ ᠶᠢᠨ | ᠪᠣᠳᠣᠯᠭ᠎ᠠ ᠶᠢ ᠣᠨᠣᠪᠴᠢᠲᠠᠶ ᠣᠶᠢᠯᠠᠭᠠᠬᠤ ᠪᠠ ᠡᠵᠡᠮᠰᠢᠬᠦ ᠳᠤ ᠲᠥᠬᠦᠮ ᠪᠣᠯᠭᠠᠬᠤ ᠶᠢᠨ ᠲᠥᠯᠥᠭᠡ᠂ ᠡᠳᠦᠭᠡ ᠪᠢᠴᠢᠭ | ᠮᠠᠲ᠋ᠧᠷᠢᠶᠠᠯ ᠢ ᠳᠣᠣᠷᠠᠬᠢ ᠮᠡᠲᠦ ᠲᠠᠶᠢᠯᠪᠤᠷᠢᠯᠠᠶ᠎ᠠ᠄ | ᠨᠢᠭᠡ᠂ ᠲᠥᠷᠥ ᠶᠢᠨ ᠪᠣᠳᠣᠯᠭ᠎ᠠ ᠶᠢᠨ ᠠᠬᠤᠢ ᠪᠠᠶᠢᠳᠠᠯ | ᠪᠠᠷᠠᠭᠤᠨ ᠦᠵᠦᠮᠦᠴᠢᠨ ᠬᠤᠰᠢᠭᠤᠨ ᠤ ᠬᠤᠰᠢᠭᠤ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠪᠣᠯ ᠪᠠᠷᠠᠭᠤᠨ | ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠦᠢᠯᠡᠳᠬᠦᠨ ᠤ ᠶᠠᠰᠤ ᠴᠢᠨᠠᠷ ᠤᠨ ᠬᠠᠤᠯᠢ︾ ᠪᠣᠯᠣᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠲᠠᠷᠬᠠᠭᠠᠬᠤ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 86 ᠳ᠋ᠤᠭᠠᠷ ᠲᠣᠭᠠᠲᠤ︶ ᠂ ︽ | ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ︿ᠰᠢᠯᠢ ᠶᠢᠨ ᠭᠤᠣᠯ ᠠᠶᠢᠮᠠᠭ ᠤᠨ ᠠᠶᠢᠮᠠᠭ ᠤᠨ | ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠢ | ᠮᠡᠳᠡᠭᠳᠡᠯ︾ ︵ᠰᠢᠯᠢ ᠶᠢᠨ ᠭᠤᠣᠯ ᠠᠯᠪᠠᠨ ᠲᠠᠷᠬᠠᠭᠠᠭᠰᠠᠨ ﹇2023﹈ 104 ᠳ᠋ᠤᠭᠡᠷ ᠲᠣᠭᠠᠲᠤ︶ ᠢ | ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃ | ᠪᠥᠬᠦ ᠬᠤᠰᠢᠭᠤᠨ ᠳᠤ ᠪᠠᠶᠢᠭᠤᠯᠤᠭᠰᠠᠨ ᠬᠠᠮᠤᠭ ᠤᠨ ᠳᠡᠭᠡᠳᠦ ᠶᠠᠰᠤ ᠴᠢᠨᠠᠷ ᠤᠨ ᠢᠷᠠᠭᠤ ᠠᠯᠳᠠᠷ ᠤᠨ ᠱᠠᠩᠨᠠᠯ ᠤᠨ | ᠲᠥᠷᠥᠯ ᠨᠢ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ | ᠬᠡᠷᠡᠭᠯᠡᠨ᠎ᠡ᠃ | ᠬᠤᠶᠠᠷ᠂ ᠭᠤᠣᠯ ᠠᠭᠤᠯᠭ᠎ᠠ | ︽ᠪᠠᠷᠠᠭᠤᠨ ᠦᠵᠦᠮᠦᠴᠢᠨ ᠬᠤᠰᠢᠭᠤᠨ ᠤ ᠬᠤᠰᠢᠭᠤ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ | ᠬᠠᠮᠢᠶᠠᠷᠤᠯᠲᠠ ᠶᠢᠨ ᠠᠷᠭ᠎ᠠ︾ ᠨᠢ ᠨᠡᠶᠢᠲᠡ 8 ᠪᠦᠯᠦᠭ ᠲᠠᠢ᠂ ᠭᠤᠣᠯ ᠠᠭᠤᠯᠭ᠎ᠠ ᠨᠢ ᠳᠣᠣᠷᠠᠬᠢ ᠮᠡᠲᠦ᠄ | ︵ᠨᠢᠭᠡ︶ ᠱᠠᠩᠨᠠᠯ ᠣᠯᠭᠤᠬᠤ ᠡᠲᠡᠭᠡᠳ᠃ ᠭᠤᠣᠯᠳᠠᠭᠤ ᠮᠠᠨ ᠤ ᠬᠤᠰᠢᠭᠤᠨ ᠳᠤ ᠲᠡᠷᠢᠭᠦᠨ ᠤ ᠶᠠᠰᠤ ᠴᠢᠨᠠᠷ ᠤᠨ | ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠭᠰᠡᠨ᠂ ᠶᠠᠰᠤ ᠴᠢᠨᠠᠷ ᠤᠨ ᠳᠡᠭᠡᠭᠰᠢᠯᠡᠯᠲᠡ ᠶᠢᠨ ᠦᠷ᠎ᠡ ᠪᠦᠲᠦᠮᠵᠢ ᠪᠠᠷ | ᠢᠯᠡᠷᠬᠡᠢ᠂ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢᠶᠠᠷ ᠲᠣᠪᠣᠶᠢᠮ᠎ᠠ᠂ ᠠᠵᠢᠯ | ᠲᠥᠷᠥᠯ ᠤᠨ ᠬᠡᠪ ᠳᠠᠭᠤᠷᠢᠶᠠᠯ ᠦᠵᠡᠭᠦᠯᠦᠨ ᠳᠠᠶᠢᠴᠢᠯᠠᠬᠤ ᠦᠢᠯᠡᠳᠦᠯ ᠲᠠᠢ ᠰᠢᠯᠢᠳᠡᠭ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠳᠤ ᠣᠯᠭᠤᠨ᠎ᠠ᠃ | ︵ᠬᠤᠶᠠᠷ︶ ᠱᠠᠩᠨᠠᠯ ᠣᠯᠭᠤᠬᠤ ᠶᠡᠷᠦᠩᠬᠡᠢ ᠲᠤᠭ᠎ᠠ᠃ ᠱᠠᠩᠨᠠᠯ ᠤᠨ ᠵᠦᠢᠯ ᠳᠤ ᠬᠤᠰᠢᠭᠤ ᠳᠠᠷᠤᠭ᠎ᠠ ᠶᠢᠨ ᠶᠠᠰᠤ | ᠴᠢᠨᠠᠷ ᠤᠨ ᠱᠠᠩᠨᠠᠯ ᠪᠠ ᠬᠤᠰᠢᠭᠤ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠨᠡᠷ᠎ᠡ ᠳᠤᠷᠠᠳᠤᠭᠳᠠᠭᠰᠠᠨ | ᠱᠠᠩᠨᠠᠯ ᠢ ᠪᠠᠭᠲᠠᠭᠠᠵᠤ᠂ ᠰᠢᠯᠭᠠᠷᠠᠭᠤᠯᠬᠤ ᠦᠶᠡᠯᠡᠯ ᠤᠨ ᠬᠤᠭᠤᠴᠠᠭ᠎ᠠ ᠨᠢ 2 ᠵᠢᠯ᠂ ᠬᠤᠭᠤᠴᠠᠭ᠎ᠠ ᠪᠦᠷᠢ ᠶᠢᠨ | ᠬᠤᠰᠢᠭᠤ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠱᠠᠩᠨᠠᠯ ᠣᠯᠭᠤᠬᠤ ᠶᠡᠷᠦᠩᠬᠡᠢ ᠲᠤᠭ᠎ᠠ ᠨᠢ 1᠂ ᠬᠤᠰᠢᠭᠤ | ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠨᠡᠷ᠎ᠡ ᠳᠤᠷᠠᠳᠤᠭᠳᠠᠭᠰᠠᠨ ᠱᠠᠩᠨᠠᠯ ᠤᠨ ᠶᠡᠷᠦᠩᠬᠡᠢ ᠲᠤᠭ᠎ᠠ ᠨᠢ 1 | ᠪᠣᠯᠣᠨ᠎ᠠ᠃ | ︵ᠭᠤᠷᠪᠠ︶ ᠰᠢᠯᠭᠠᠷᠠᠭᠤᠯᠬᠤ ᠦᠶᠡᠯᠡᠯ ᠵᠢᠴᠢ ᠬᠦᠴᠦᠨ ᠲᠠᠢ ᠬᠤᠭᠤᠴᠠᠭ᠎ᠠ᠃ ᠬᠤᠰᠢᠭᠤ ᠳᠠᠷᠤᠭ᠎ᠠ ᠶᠢᠨ ᠶᠠᠰᠤ | ᠴᠢᠨᠠᠷ ᠤᠨ ᠱᠠᠩᠨᠠᠯ ᠤᠨ ᠰᠢᠯᠭᠠᠷᠠᠭᠤᠯᠤᠯᠲᠠ ᠶᠢᠨ ᠦᠶᠡᠯᠡᠯ ᠤᠨ ᠬᠤᠭᠤᠴᠠᠭ᠎ᠠ ᠨᠢ 2 ᠵᠢᠯ᠂ ᠬᠦᠴᠦᠨ ᠲᠠᠢ | ᠬᠤᠭᠤᠴᠠᠭ᠎ᠠ ᠨᠢ 3 ᠵᠢᠯ ᠪᠣᠯᠣᠨ᠎ᠠ᠃ | ︵ᠳᠥᠷᠪᠡ︶ ᠮᠡᠳᠡᠭᠦᠯᠬᠦ ᠨᠥᠬᠦᠴᠡᠯ᠃ ᠬᠤᠰᠢᠭᠤ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ | ᠮᠡᠳᠡᠭᠦᠯᠦᠭᠰᠡᠨ ᠨᠢᠭᠡᠴᠡ ᠨᠢ ᠬᠤᠰᠢᠭᠤᠨ ᠳᠣᠲᠣᠷ᠎ᠠ ᠪᠠᠨ ᠬᠠᠤᠯᠢ ᠶᠣᠰᠣᠭᠠᠷ ᠪᠦᠷᠢᠳᠬᠡᠨ ᠳᠠᠩᠰᠠᠯᠠᠭᠤᠯᠵᠤ᠂ | ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ᠂ ᠦᠷᠭᠦᠯᠵᠢᠯᠡᠨ 3 ᠵᠢᠯ ᠠᠴᠠ ᠳᠡᠭᠡᠭᠰᠢ | ᠬᠡᠪ ᠤᠨ ᠶᠣᠰᠣᠭᠠᠷ ᠦᠢᠯᠡᠳᠪᠦᠷᠢᠯᠡᠨ ᠡᠵᠡᠩᠨᠡᠵᠦ᠂ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠨᠢ ᠪᠦᠷᠢᠨ | ᠲᠡᠭᠦᠯᠳᠡᠷ᠂ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ᠂ ᠵᠠᠭᠪᠤᠷ᠂ ᠠᠷᠭ᠎ᠠ ᠨᠢ ᠰᠢᠨ᠎ᠡ ᠶᠢ ᠡᠭᠦᠳᠬᠦ ᠶᠢᠨ | ᠬᠠᠮᠲᠤ 2 ᠵᠢᠯ ᠠᠴᠠ ᠳᠡᠭᠡᠭᠰᠢ ᠪᠦᠲᠦᠮᠵᠢᠲᠡᠶ ᠠᠵᠢᠯᠯᠠᠨ᠎ᠠ᠃ ᠦᠢᠯᠡᠳᠪᠦᠷᠢᠯᠡᠯ᠂ ᠦᠢᠯᠡᠴᠢᠯᠡᠭᠡᠨ ᠤ | ᠡᠵᠡᠩᠨᠡᠯᠲᠡ ᠶᠢᠨ ᠠᠵᠢᠯᠯᠠᠭ᠎ᠠ ᠡᠷᠭᠢᠯᠡᠵᠦ ᠪᠠᠶᠢᠭ᠎ᠠ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠪᠠ | ᠦᠢᠯᠡᠳᠬᠦᠨ ᠤ ᠶᠠᠰᠤ ᠴᠢᠨᠠᠷ ᠤᠨ ᠬᠢᠷᠢ ᠬᠡᠮᠵᠢᠶ᠎ᠡ ᠨᠢ ᠬᠤᠰᠢᠭᠤᠨ ᠳᠣᠲᠣᠷᠠᠬᠢ ᠠᠳᠠᠯᠢ ᠠᠵᠢᠯ ᠲᠥᠷᠥᠯ ᠤᠨ ᠡᠮᠦᠨ᠎ᠡ | ᠡᠩᠨᠡᠭᠡᠨ ᠳᠤ ᠣᠷᠣᠵᠤ᠂ ᠣᠶᠢᠷ᠎ᠠ ᠶᠢᠨ 3 ᠵᠢᠯ ᠳᠤ ᠡᠵᠡᠩᠨᠡᠯᠲᠡ ᠶᠢᠨ ᠴᠢᠨᠠᠷᠲᠠᠢ ᠠᠯᠳᠠᠭᠳᠠᠯ ᠭᠠᠷᠤᠭᠰᠠᠨ ᠦᠭᠡᠢ᠃ | ᠠᠰᠢᠭ ᠬᠤᠨᠵᠢᠪᠤᠷᠢ ᠶᠢᠨ ᠪᠤᠰᠤ ᠴᠢᠨᠠᠷᠲᠠᠢ ᠲᠤᠬᠠᠶᠢᠯᠠᠭᠰᠠᠨ ᠠᠵᠢᠯ ᠢ ᠡᠷᠭᠢᠯᠡᠨ ᠬᠢᠵᠦ ᠪᠠᠶᠢᠪᠠᠯ᠂ ᠲᠡᠳᠡᠨ ᠤ | ᠨᠡᠶᠢᠭᠡᠮ ᠳᠤ ᠬᠤᠪᠢ ᠨᠡᠮᠡᠷᠢ ᠦᠵᠡᠬᠦᠯᠦᠭᠰᠡᠨ ᠦᠢᠯᠡᠳᠦᠯ ᠨᠢ ᠬᠤᠰᠢᠭᠤᠨ ᠳᠣᠲᠣᠷᠠᠬᠢ ᠠᠳᠠᠯᠢ ᠠᠵᠢᠯ ᠲᠥᠷᠥᠯ ᠤᠨ | ᠲᠡᠷᠢᠭᠦᠨ ᠤ ᠡᠩᠨᠡᠭᠡᠨ ᠳᠤ ᠤᠷᠤᠭᠰᠠᠨ ᠪᠠᠶᠢᠬᠤ ᠬᠡᠷᠡᠭᠳᠡᠢ᠃ ᠣᠶᠢᠷ᠎ᠠ ᠶᠢᠨ 2 ᠵᠢᠯ ᠤᠨ ᠳᠣᠲᠣᠷ᠎ᠠ ᠶᠠᠰᠤ ᠴᠢᠨᠠᠷ᠂ | ᠠᠮᠤᠷ ᠲᠦᠪᠰᠢᠨ᠂ ᠣᠷᠴᠢᠨ ᠠᠬᠤᠢ ᠶᠢᠨ ᠪᠣᠬᠢᠷᠲᠤᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠠᠳᠡᠯ | ᠭᠠᠷᠤᠭᠰᠠᠨ ᠦᠭᠡᠢ᠂ ᠬᠤᠯᠪᠣᠭᠳᠠᠯ ᠪᠦᠬᠦᠢ ᠬᠠᠤᠯᠢ ᠶᠢ ᠵᠥᠷᠢᠴᠡᠭᠰᠡᠨ᠂ ᠲᠣᠭᠲᠠᠭᠠᠯ ᠢ ᠵᠥᠷᠢᠴᠡᠭᠰᠡᠨ᠂ ᠰᠠᠬᠢᠯᠭ᠎ᠠ | ᠪᠠᠲᠤ ᠶᠢ ᠵᠥᠷᠢᠴᠡᠭᠰᠡᠨ ᠪᠠ ᠢᠲᠡᠭᠡᠯ ᠠᠯᠳᠠᠭᠰᠠᠨ ᠲᠡᠮᠳᠡᠭᠯᠡᠯ ᠪᠠᠶᠢᠬᠤ ᠦᠭᠡᠢ ᠪᠠᠶᠢᠬᠤ ᠬᠡᠷᠡᠭᠳᠡᠢ᠃ | ︵ᠲᠠᠪᠤ︶ ᠬᠢᠨᠠᠨ ᠲᠣᠭᠲᠠᠭᠠᠬᠤ ᠪᠠᠷᠢᠮᠵᠢᠶ᠎ᠠ᠃ GB/T19580 ︽ᠭᠠᠷᠮᠠᠭᠠᠢ ᠠᠮᠵᠢᠯᠲᠠ ᠪᠦᠲᠦᠮᠵᠢ ᠶᠢᠨ | ᠦᠨᠡᠯᠡᠯᠲᠡ ᠶᠢᠨ ᠪᠠᠷᠢᠮᠵᠢᠶ᠎ᠠ︾ ᠵᠡᠷᠭᠡ ᠤᠯᠤᠰ ᠤᠨ ᠪᠠᠷᠢᠮᠵᠢᠶ᠎ᠠ ᠶᠢ ᠦᠨᠳᠦᠰᠦᠯᠡᠨ᠎ᠡ᠃ | ︵ᠵᠢᠷᠭᠤᠭ᠎ᠠ︶ ᠬᠢᠨᠠᠨ ᠲᠣᠭᠲᠠᠭᠠᠬᠤ ᠲᠠᠰ ᠳᠠᠷᠠᠭᠠᠯᠠᠯ᠃ ᠮᠡᠳᠡᠭᠦᠯᠦᠯᠲᠡ ᠶᠢᠨ ᠣᠨ ᠳᠤ᠂ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠠᠴᠠ ᠪᠥᠬᠦ ᠬᠤᠰᠢᠭᠤᠨ ᠤ ᠭᠤᠣᠯ ᠵᠠᠭᠤᠴᠢᠯᠠᠭᠤᠷ ᠲᠤ ᠬᠤᠰᠢᠭᠤ ᠳᠠᠷᠤᠭ᠎ᠠ ᠶᠢᠨ | ᠶᠠᠰᠤ ᠴᠢᠨᠠᠷ ᠤᠨ ᠱᠠᠩᠨᠠᠯ ᠤᠨ ᠮᠡᠳᠡᠭᠦᠯᠦᠯᠲᠡ ᠶᠢᠨ ᠠᠯᠪᠠᠨ ᠵᠠᠷ ᠨᠡᠶᠢᠲᠡᠯᠡᠬᠦ ᠶᠢ ᠵᠣᠬᠢᠶᠠᠨ ᠪᠠᠶᠢᠭᠤᠯᠤᠨ᠎ᠠ᠃ | ᠬᠤᠰᠢᠭᠤ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠮᠡᠳᠡᠭᠦᠯᠬᠦ ᠨᠥᠬᠦᠴᠡᠯ ᠳᠤ ᠨᠡᠶᠢᠴᠡᠬᠦ ᠨᠢᠭᠡᠴᠡ ᠪᠦᠬᠦᠨ᠂ | ᠬᠢᠨᠠᠨ ᠲᠣᠭᠲᠠᠭᠠᠬᠤ ᠳᠦᠷᠢᠮ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠮᠡᠳᠡᠭᠦᠯᠬᠦ ᠮᠠᠲ᠋ᠧᠷᠢᠶᠠᠯ ᠢᠶᠠᠨ ᠦᠨᠡᠨ | ᠪᠣᠳᠠᠲᠠᠢ ᠪᠠᠷ ᠳᠡᠭᠡᠭᠰᠢ ᠮᠡᠳᠡᠭᠦᠯᠵᠦ᠂ ᠬᠢᠷᠢ ᠬᠡᠮ ᠤᠨ ᠬᠢᠨᠠᠨ ᠪᠠᠶᠢᠴᠠᠭᠠᠯᠲᠠ᠂ ᠮᠠᠲ᠋ᠧᠷᠢᠶᠠᠯ ᠤᠨ ᠬᠢᠨᠠᠨ ᠲᠣᠭᠲᠠᠭᠠᠯᠲᠠ | ᠂ ᠲᠤᠬᠠᠢ ᠶᠢᠨ ᠲᠠᠯᠠᠪᠤᠷ ᠤᠨ ᠬᠢᠨᠠᠨ ᠲᠣᠭᠲᠠᠭᠠᠯᠲᠠ᠂ ᠲᠣᠭᠠᠴᠢᠯᠲᠠ ᠶᠢᠨ ᠬᠠᠷᠢᠭᠤ ᠮᠡᠳᠡᠬᠦᠯᠬᠦ ᠲᠠᠰ ᠳᠠᠷᠠᠭᠠᠯᠠᠯ ᠢᠶᠠᠷ | ᠳᠡᠮᠵᠢᠨ᠂ ᠱᠠᠩᠨᠠᠯ ᠣᠯᠭᠤᠬᠤ ᠪᠠᠷ ᠪᠠᠶᠢᠭ᠎ᠠ ᠵᠢᠱᠢᠭᠳᠡᠭᠰᠡᠳ ᠤᠨ ᠨᠡᠷᠡᠰ ᠢ ᠭᠠᠷᠭᠠᠵᠤ᠂ 7 ᠠᠵᠢᠯᠯᠠᠬᠤ ᠡᠳᠦᠷ ᠤᠨ | ᠳᠠᠷᠠᠭ᠎ᠠ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠠᠴᠠ ᠵᠠᠷᠯᠠᠨ ᠮᠡᠳᠡᠭᠦᠯᠵᠦ᠂ ᠱᠠᠩᠨᠠᠯ ᠤᠨ | ᠮᠧᠳᠠᠯ ᠪᠠ ᠦᠨᠡᠮᠯᠡᠯ ᠣᠯᠭᠤᠨ᠎ᠠ᠃ | ︵ᠳᠣᠯᠤᠭ᠎ᠠ︶ ᠢᠷᠠᠭᠤ ᠠᠯᠳᠠᠷ ᠤᠨ ᠱᠠᠩᠨᠠᠯ ᠬᠥᠬᠢᠭᠦᠯᠦᠯ᠃ ᠪᠠᠷᠠᠭᠤᠨ ᠦᠵᠦᠮᠦᠴᠢᠨ ᠬᠤᠰᠢᠭᠤᠨ ᠤ | ᠵᠠᠰᠠᠭ ᠤᠨ ᠣᠷᠳᠣᠨ ᠠᠴᠠ ᠬᠤᠰᠢᠭᠤ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠭᠥᠷᠳᠡᠭᠰᠡᠨ ᠨᠢᠭᠡᠴᠡ ᠳᠤ ᠶᠠᠰᠤ | ᠴᠢᠨᠠᠷ ᠤᠨ ᠠᠵᠢᠯ ᠤᠨ ᠲᠤᠰᠠᠯᠠᠮᠵᠢ ᠶᠢᠨ ᠮᠥᠩᠭᠦ 30 ᠲᠦᠮᠡᠨ ᠲᠥᠭᠦᠷᠢᠭ ᠣᠯᠭᠤᠵᠤ᠂ ᠱᠠᠩᠨᠠᠯ ᠤᠨ ᠮᠧᠳᠠᠯ᠂ | ᠦᠨᠡᠮᠯᠡᠯ ᠣᠯᠭᠤᠵᠤ᠂ ᠬᠤᠰᠢᠭᠤ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠨᠡᠷ᠎ᠡ ᠳᠤᠷᠠᠳᠤᠭᠳᠠᠭᠰᠠᠨ ᠱᠠᠩᠨᠠᠯ | ᠭᠥᠷᠳᠡᠭᠰᠡᠨ ᠨᠢᠭᠡᠴᠡ ᠳᠤ ᠱᠠᠩᠨᠠᠯ ᠤᠨ ᠮᠧᠳᠠᠯ᠂ ᠦᠨᠡᠮᠯᠡᠯ ᠣᠯᠭᠤᠨ᠎ᠠ᠃ ᠠᠳᠠᠯᠢ ᠨᠢᠭᠡ ᠱᠠᠩᠨᠠᠯ ᠢ ᠳᠠᠬᠢᠨᠲᠠ | ᠣᠯᠣᠭᠰᠠᠨ ᠨᠢᠭᠡᠴᠡ ᠳᠤ ᠶᠠᠰᠤ ᠴᠢᠨᠠᠷ ᠤᠨ ᠠᠵᠢᠯ ᠤᠨ ᠲᠤᠰᠠᠯᠠᠮᠵᠢ ᠶᠢᠨ ᠪᠡᠯᠡ ᠮᠥᠩᠭᠦ ᠶᠢ ᠳᠠᠭᠢᠵᠤ ᠣᠯᠭᠤᠬᠤ | ᠦᠭᠡᠢ᠃ | ᠭᠤᠷᠪᠠ᠂ ᠪᠤᠰᠤᠳ ᠲᠣᠳᠣᠷᠬᠠᠶᠢᠯᠠᠯᠲᠠ | ︵ᠨᠢᠭᠡ︶ ᠬᠤᠰᠢᠭᠤ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠰᠢᠯᠭᠠᠷᠠᠭᠤᠯᠬᠤ ᠳᠤ ᠰᠠᠶᠢᠨ ᠳᠤᠷ᠎ᠠ | ᠠᠴᠠ ᠪᠠᠨ ᠮᠡᠳᠡᠭᠦᠯᠬᠦ᠂ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠬᠤ᠂ ᠡᠷᠬᠡ ᠲᠡᠭᠰᠢ ᠲᠥᠪ ᠭᠤᠥᠯᠴᠢ ᠢᠯᠡ | ᠪᠠᠶᠢᠯᠭᠠᠬᠤ ᠵᠠᠷᠴᠢᠮ ᠢ ᠪᠠᠷᠢᠮᠲᠠᠯᠠᠨ᠂ ᠪᠠᠷᠢᠮᠵᠢᠶ᠎ᠠ ᠶᠢ ᠴᠢᠩᠭᠠᠳᠬᠠᠵᠦ᠂ ᠰᠠᠶᠢᠨ ᠤ ᠳᠣᠲᠣᠷ᠎ᠠ ᠠᠴᠠ ᠰᠢᠯᠢᠳᠡᠭ ᠢ | ᠰᠣᠩᠭᠤᠨ᠎ᠠ᠃ | ︵ᠬᠤᠶᠠᠷ︶ ᠬᠤᠰᠢᠭᠤ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠰᠢᠯᠭᠠᠷᠠᠭᠤᠯᠬᠤ ᠳᠤ ᠶᠠᠮᠠᠷ ᠴᠤ ᠰᠦᠢᠳᠬᠡᠯ | ᠬᠤᠷᠢᠶᠠᠬᠤ ᠦᠭᠡᠢ᠃ | ︵ᠭᠤᠷᠪᠠ︶ ᠪᠠᠷᠠᠭᠤᠨ ᠦᠵᠦᠮᠦᠴᠢᠨ ᠬᠤᠰᠢᠭᠤᠨ ᠤ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ | ᠠᠵᠢᠯ ᠤᠨ ᠤᠳᠤᠷᠢᠳᠬᠤ ᠳᠤᠭᠤᠶᠢᠯᠠᠩ ᠨᠢ ᠬᠤᠰᠢᠭᠤ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ | ᠲᠣᠭᠲᠠᠭᠠᠬᠤ ᠶᠢ ᠵᠣᠬᠢᠶᠠᠨ ᠪᠠᠶᠢᠭᠤᠯᠤᠨ ᠬᠠᠮᠢᠶᠠᠷᠬᠤ ᠠᠵᠢᠯ ᠢ ᠬᠠᠷᠢᠭᠤᠴᠠᠵᠤ᠂ ᠤᠳᠤᠷᠢᠳᠬᠤ ᠳᠤᠭᠤᠶᠢᠯᠠᠩ ᠤᠨ | ᠠᠯᠪᠠᠨ ᠭᠡᠷ ᠢ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠪᠠᠶᠢᠷᠢᠯᠠᠭᠤᠯᠵᠤ | ᠂ ᠬᠤᠰᠢᠭᠤ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ | ︵ᠳᠥᠷᠪᠡ︶ ᠮᠡᠳᠡᠭᠦᠯᠦᠭᠰᠡᠨ ᠨᠢᠭᠡᠴᠡ ᠨᠢ ᠮᠡᠳᠡᠭᠦᠯᠦᠭᠰᠡᠨ ᠮᠠᠲ᠋ᠧᠷᠢᠶᠡᠯ ᠤᠨ ᠦᠨᠡᠨ ᠪᠣᠳᠠᠲᠤ ᠴᠢᠨᠠᠷ ᠲᠤ | ᠬᠠᠷᠢᠭᠤᠴᠠᠨ᠎ᠠ᠃ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠵᠦᠢ ᠪᠤᠰᠤ ᠠᠷᠭ᠎ᠠ ᠪᠠᠷᠢᠯ ᠢᠶᠠᠷ ᠬᠤᠰᠢᠭᠤ | ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠢᠷᠠᠭᠤ ᠠᠯᠳᠠᠷ ᠢ ᠮᠡᠬᠡᠯᠡᠨ ᠣᠯᠣᠭᠰᠠᠨ ᠨᠢᠭᠡᠴᠡ ᠪᠠ ᠬᠤᠪᠢ | ᠬᠥᠮᠥᠨ ᠢ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠬᠤᠰᠢᠭᠤ ᠳᠠᠷᠤᠭ᠎ᠠ ᠶᠢᠨ ᠶᠠᠰᠤ ᠴᠢᠨᠠᠷ ᠤᠨ | ᠱᠠᠩᠨᠠᠯ ᠤᠨ ᠴᠣᠯᠠ ᠶᠢ ᠨᠢ ᠬᠦᠴᠦᠨ ᠦᠭᠡᠢ ᠪᠣᠯᠭᠠᠵᠤ᠂ ᠱᠠᠩᠨᠠᠯ ᠤᠨ ᠮᠧᠳᠠᠯ᠂ ᠦᠨᠡᠮᠯᠡᠯ ᠢ ᠨᠢ ᠬᠤᠷᠢᠶᠠᠨ ᠠᠪᠴᠤ | ᠂ ᠱᠠᠩᠨᠠᠯ ᠤᠨ ᠮᠥᠩᠭᠦ ᠶᠢ ᠨᠡᠬᠡᠮᠵᠢᠯᠡᠨ ᠲᠤᠰᠢᠶᠠᠯᠭᠠᠬᠤ ᠪᠠᠷ ᠬᠤᠰᠢᠭᠤ ᠵᠠᠰᠠᠭ ᠤᠨ ᠣᠷᠳᠣᠨ ᠳᠤ ᠳᠡᠪᠰᠢᠭᠦᠯᠬᠦ ᠶᠢᠨ | ᠬᠠᠮᠲᠤ ᠵᠠᠷᠯᠠᠨ ᠮᠡᠳᠡᠭᠳᠡᠨ᠎ᠡ᠃ | ︵ᠲᠠᠪᠤ︶ ᠱᠠᠩᠨᠠᠯ ᠣᠯᠣᠭᠰᠠᠨ ᠨᠢᠭᠡᠴᠡ ᠱᠠᠩᠨᠠᠯ ᠭᠥᠷᠳᠡᠭᠰᠡᠨ ᠤ ᠳᠠᠷᠠᠭᠠᠬᠢ 3 ᠵᠢᠯ ᠤᠨ ᠳᠣᠲᠣᠷ᠎ᠠ ᠨᠡᠯᠢᠶᠡᠳ | ᠶᠡᠭᠡ ᠶᠠᠰᠤ ᠴᠢᠨᠠᠷ ᠤᠨ ᠪᠠ ᠠᠮᠤᠷ ᠲᠦᠪᠰᠢᠨ ᠤ ᠠᠳᠡᠯ ᠭᠠᠷᠤᠭᠰᠠᠨ ᠪᠤᠶᠤ ᠬᠠᠤᠯᠢ ᠲᠣᠭᠲᠠᠭᠠᠯ ᠠᠴᠠ | ᠵᠥᠷᠢᠴᠡᠭᠰᠡᠨ ᠬᠦᠨᠳᠦ ᠨᠣᠴᠢᠲᠠᠢ ᠦᠢᠯᠡᠳᠪᠦᠷᠢᠯᠡᠯ ᠡᠵᠡᠩᠨᠡᠯᠲᠡ ᠶᠢᠨ ᠦᠶᠯᠡ ᠠᠵᠢᠯᠯᠠᠭ᠎ᠠ ᠲᠠᠢ ᠪᠠᠶᠢᠪᠠᠯ᠂ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ | ᠣᠷᠳᠣᠨ ᠳᠤ ᠱᠠᠩᠨᠠᠯ ᠢ ᠬᠦᠴᠦᠨ ᠦᠭᠡᠢ ᠪᠣᠯᠭᠠᠬᠤ ᠶᠢ ᠲᠤᠰᠢᠶᠠᠨ ᠮᠡᠳᠡᠬᠦᠯᠬᠦ ᠶᠢᠨ ᠬᠠᠮᠲᠤ ᠤᠯᠠᠨ ᠳᠤ ᠵᠠᠷᠯᠠᠨ | ᠮᠡᠳᠡᠭᠳᠡᠨ᠎ᠡ᠃ | ︵ᠵᠢᠷᠭᠤᠭ᠎ᠠ︶ ᠱᠠᠩᠨᠠᠯ ᠣᠯᠣᠭᠰᠠᠨ ᠨᠢᠭᠡᠴᠡ ᠨᠢ ᠶᠠᠰᠤ ᠴᠢᠨᠠᠷ ᠤᠨ ᠬᠠᠮᠢᠶᠠᠷᠤᠯᠲᠠ ᠪᠠᠨ ᠦᠷᠭᠦᠯᠵᠢᠯᠡᠨ | ᠰᠠᠶᠢᠵᠢᠷᠠᠭᠤᠯᠵᠤ᠂ ᠮᠡᠷᠭᠡᠵᠢᠯ ᠪᠠ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠬᠦᠴᠦᠯᠡᠨ ᠠᠬᠢᠭᠤᠯᠵᠤ᠂ | ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠨ᠂ ᠶᠠᠰᠤ ᠴᠢᠨᠠᠷ ᠤᠨ ᠬᠠᠮᠢᠶᠠᠷᠤᠯᠲᠠ ᠶᠢᠨ ᠲᠡᠷᠢᠭᠦᠨ ᠤ | ᠲᠤᠷᠰᠢᠯᠭ᠎ᠠ ᠶᠢ ᠤᠬᠠᠭᠤᠯᠤᠨ ᠳᠡᠯᠭᠡᠷᠡᠭᠦᠯᠵᠦ᠂ ᠵᠢᠱᠢᠶᠡᠴᠢ ᠪᠠᠷ ᠳᠠᠶᠢᠴᠢᠯᠠᠬᠤ ᠦᠢᠯᠡᠳᠦᠯ ᠢᠶᠠᠨ ᠰᠠᠶᠢᠲᠤᠷ | ᠪᠠᠳᠠᠷᠠᠭᠤᠯᠬᠤ ᠬᠡᠷᠡᠭᠲᠡᠢ᠃ | ᠳᠥᠷᠪᠡ᠂ ᠲᠠᠶᠢᠯᠤᠮᠵᠢ ᠬᠢᠭᠰᠡᠨ ᠨᠢᠭᠡᠴᠢ ᠪᠠ ᠬᠠᠷᠢᠯᠴᠠᠬᠤ ᠬᠥᠮᠥᠨ | ᠲᠠᠶᠢᠯᠤᠮᠵᠢ ᠬᠢᠭᠰᠡᠨ ᠨᠢᠭᠡᠴᠡ᠄ ᠪᠠᠷᠠᠭᠤᠨ ᠦᠵᠦᠮᠦᠴᠢᠨ ᠬᠤᠰᠢᠭᠤᠨ ᠤ ᠶᠠᠰᠤ ᠴᠢᠨᠠᠷ ᠢᠶᠠᠷ ᠬᠤᠰᠢᠭᠤ ᠪᠠᠨ | ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ︵ᠪᠠᠷᠠᠭᠤᠨ ᠦᠵᠦᠮᠦᠴᠢᠨ | ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ᠬᠠᠷᠢᠯᠴᠠᠬᠤ ᠬᠥᠮᠥᠨ᠄ ᠷᠧᠨ ᠮᠧᠩ ᠷᠠᠨ ᠮᠠᠨᠳᠤᠯ᠎ᠠ | ᠬᠠᠷᠢᠯᠴᠠᠬᠤ ᠤᠲᠠᠰᠤ᠄ 0479 ︱ 3520315 15148507689 | | |