︽ᠪᠠᠷᠠᠭᠤᠨ ᠦᠵᠦᠮᠦᠴᠢᠨ ᠬᠤᠰᠢᠭᠤᠨ ᠤ ᠮᠠᠯᠵᠢᠬᠤ ᠣᠷᠣᠨ ᠤ ᠢᠳᠡᠭᠡᠨ ᠤ ᠵᠦᠢᠯ ᠤᠨ ᠬᠠᠩᠭᠠᠯᠭ᠎ᠠ ᠶᠢᠨ | ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ︾ ᠶᠢᠨ ᠲᠤᠬᠠᠢ ᠲᠥᠷᠥ ᠶᠢᠨ ᠪᠣᠳᠣᠯᠭ᠎ᠠ ᠶᠢᠨ | ᠲᠠᠶᠢᠯᠤᠮᠵᠢ | ᠨᠢᠭᠡ᠂ ︽ᠲᠥᠯᠦᠪᠵᠢᠭᠦᠯᠭᠡ︾ ᠶᠢᠨ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ | ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠲᠡᠭᠦᠯᠳᠡᠷ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ | ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ | ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠳᠡ ᠦᠭᠡᠢ | ᠪᠠᠲᠤᠳᠬᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ | ᠨᠡᠩ ᠶᠡᠭᠡ ᠬᠤᠪᠢ ᠨᠡᠮᠡᠷᠢ ᠦᠵᠡᠬᠦᠯᠦᠨ᠎ᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠡᠨᠡᠬᠦ ᠪᠠᠶᠢᠯᠳᠤᠬᠤ | ᠪᠣᠳᠣᠯᠭ᠎ᠠ ᠶᠢᠨ ᠰᠠᠭᠤᠷᠢ ᠴᠡᠭ ᠢ ᠴᠢᠩᠭ᠎ᠠ ᠡᠵᠡᠮᠳᠡᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ | ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ᠤᠯᠤᠰ ᠤᠨ | ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ | ᠬᠤᠣᠰ ᠣᠷᠴᠢᠯ ᠢ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ | ᠠᠭᠤᠰᠤᠯᠴᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠬᠤᠲᠠ | ᠪᠠᠯᠭᠠᠰᠤᠨ ᠤ ᠬᠡᠷᠡᠭᠯᠡᠭᠡ ᠶᠢ ᠳᠡᠭᠡᠭᠰᠢᠯᠡᠭᠦᠯᠵᠦ᠂ ᠮᠠᠯᠵᠢᠬᠤ ᠣᠷᠣᠨ ᠤ ᠬᠡᠷᠡᠭᠯᠡᠭᠡ ᠶᠢ ᠥᠷᠭᠡᠳᠬᠡᠨ᠂ ᠦᠢᠯᠡᠴᠢᠯᠡᠭᠡᠨ ᠤ | ᠬᠡᠷᠡᠭᠯᠡᠭᠡ ᠶᠢ ᠬᠥᠭᠵᠢᠭᠦᠯᠵᠦ᠂ ᠰᠢᠨ᠎ᠡ ᠬᠡᠯᠪᠡᠷᠢ ᠶᠢᠨ ᠬᠡᠷᠡᠭᠯᠡᠭᠡᠨ ᠤ ᠰᠢᠰᠲ᠋ᠧᠮ ᠢ ᠪᠠᠶᠢᠭᠤᠯᠵᠤ᠂ ᠭᠦᠢᠯᠭᠡᠭᠡᠨ ᠤ ᠦᠷ᠎ᠡ | ᠠᠰᠢᠭ ᠢ ᠳᠡᠭᠡᠭᠰᠢᠯᠡᠭᠦᠯᠬᠦ᠂ ᠣᠯᠠᠨ ᠲᠦᠮᠡᠨ ᠤ ᠠᠮᠢᠳᠤᠷᠠᠯ ᠳᠤ ᠳᠥᠭᠦᠮ ᠦᠵᠡᠭᠦᠯᠬᠦ᠂ ᠲᠠᠸᠠᠷ ᠤᠨ ᠶᠠᠰᠤ ᠴᠢᠨᠠᠷ ᠢ | ᠪᠠᠲᠤᠯᠠᠬᠤ᠂ ᠦᠢᠯᠡᠳᠪᠦᠷᠢᠯᠡᠯ ᠤᠨ ᠬᠥᠭᠵᠢᠯᠲᠡ ᠶᠢ ᠬᠥᠲᠥᠯᠥᠨ ᠵᠢᠯᠤᠭᠤᠳᠬᠤ ᠪᠠ ᠬᠤᠲᠠ ᠬᠥᠳᠡᠭᠡ ᠶᠢᠨ | ᠬᠡᠷᠡᠭᠯᠡᠭᠡ ᠶᠢ ᠳᠠᠶᠢᠴᠢᠯᠠᠬᠤ ᠶᠢᠨ ᠲᠣᠭᠤᠷᠢᠨ ᠳᠤ᠂ ᠮᠠᠯᠵᠢᠬᠤ ᠣᠷᠣᠨ ᠤ ᠵᠠᠬ᠎ᠠ ᠳᠡᠯᠭᠡᠭᠦᠷ ᠤᠨ ᠬᠥᠭᠵᠢᠯᠲᠡ ᠶᠢᠨ | ᠵᠠᠭᠪᠤᠷ ᠤᠨ ᠰᠢᠨ᠎ᠡ ᠶᠢ ᠡᠭᠦᠳᠴᠦ᠂ ᠮᠠᠯᠵᠢᠬᠤ ᠣᠷᠣᠨ ᠤ ᠭᠦᠢᠯᠭᠡᠭᠡᠨ ᠤ ᠠᠵᠤ ᠦᠢᠯᠡᠰ ᠤᠨ ᠬᠥᠭᠵᠢᠯᠲᠡ ᠶᠢ | ᠬᠢᠵᠠᠭᠠᠷᠯᠠᠵᠤ ᠪᠠᠶᠢᠭ᠎ᠠ ᠵᠠᠩᠭᠢᠯᠠᠭ᠎ᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠦᠢᠯᠡᠳᠪᠦᠷᠢᠯᠡᠯ ᠬᠢᠭᠡᠳ | ᠬᠡᠷᠡᠭᠯᠡᠭᠡ᠂ ᠮᠠᠯᠴᠢᠳ ᠬᠢᠭᠡᠳ ᠵᠠᠬ᠎ᠠ ᠳᠡᠯᠭᠡᠭᠦᠷ ᠢ ᠬᠤᠯᠪᠣᠬᠤ ᠭᠦᠢᠯᠭᠡᠭᠡᠨ ᠤ ᠬᠥᠭᠦᠷᠭᠡ ᠬᠤᠯᠪᠣᠭᠠᠰᠤ ᠶᠢᠨ | ᠦᠢᠯᠡᠳᠦᠯ ᠢ ᠭᠦᠢᠴᠡᠳ ᠪᠠᠳᠠᠷᠠᠭᠤᠯᠤᠨ᠂ ᠰᠠᠭᠠᠳ ᠦᠭᠡᠢ ᠪᠥᠭᠡᠳ ᠥᠨᠳᠥᠷ ᠦᠷ᠎ᠡ ᠪᠦᠲᠦᠮᠵᠢᠲᠡᠶ᠂ ᠠᠶᠤᠯ ᠦᠭᠡᠢ | ᠪᠥᠭᠡᠳ ᠲᠥᠬᠦᠮ᠂ ᠪᠣᠳᠠᠲᠤ ᠪᠠᠶᠢᠳᠠᠯ ᠲᠠᠢ ᠨᠡᠶᠢᠴᠡᠬᠦ ᠮᠠᠯᠵᠢᠬᠤ ᠣᠷᠣᠨ ᠤ ᠵᠠᠬ᠎ᠠ ᠳᠡᠯᠭᠡᠭᠦᠷ ᠤᠨ ᠰᠢᠰᠲ᠋ᠧᠮ ᠢ | ᠲᠦᠷᠭᠡᠳᠬᠡᠨ ᠪᠠᠶᠢᠭᠤᠯᠤᠨ᠎ᠠ᠃ | ᠬᠤᠶᠠᠷ᠂ ︽ᠲᠥᠯᠦᠪᠵᠢᠭᠦᠯᠭᠡ︾ ᠶᠢ ᠲᠤᠭᠤᠷᠪᠢᠭᠰᠠᠨ ᠠᠬᠤᠢ ᠪᠠᠶᠢᠳᠠᠯ | ᠮᠠᠯᠵᠢᠬᠤ ᠣᠷᠣᠨ ᠤ ᠵᠠᠬ᠎ᠠ ᠳᠡᠯᠭᠡᠭᠦᠷ ᠢ ᠴᠡᠴᠡᠭᠯᠡᠭᠦᠯᠦᠨ ᠬᠥᠭᠵᠢᠭᠦᠯᠬᠦ ᠪᠣᠯ ᠨᠡᠶᠢᠭᠡᠮ ᠵᠢᠷᠤᠮ ᠤᠨ ᠰᠢᠨ᠎ᠡ | ᠮᠠᠯᠵᠢᠬᠤ ᠣᠷᠣᠨ ᠢ ᠪᠦᠲᠦᠭᠡᠨ ᠪᠠᠶᠢᠭᠤᠯᠬᠤ᠂ ᠬᠤᠳᠠ ᠬᠥᠳᠡᠭᠡ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠯᠡᠬᠦ᠂ | ᠡᠶ᠎ᠡ ᠵᠣᠬᠢᠴᠠᠯ ᠲᠠᠢ ᠨᠡᠶᠢᠭᠡᠮ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠴᠢᠬᠤᠯᠠ ᠰᠠᠭᠤᠷᠢ ᠪᠣᠯᠣᠨ᠎ᠠ᠃ | ᠣᠶᠢᠷ᠎ᠠ ᠶᠢᠨ ᠵᠢᠯ ᠤᠳ ᠲᠤ᠂ ᠲᠥᠷᠥ ᠶᠢᠨ ᠪᠣᠳᠣᠯᠭ᠎ᠠ ᠶᠢᠨ ᠠᠬᠢᠭᠤᠯᠤᠯ ᠪᠠ ᠠᠵᠤ ᠠᠬᠤᠢ ᠶᠢᠨ ᠬᠥᠭᠵᠢᠯᠲᠡ ᠶᠢᠨ | ᠣᠯᠠᠨ ᠲᠠᠯ᠎ᠠ ᠶᠢᠨ ᠠᠰᠢᠭᠲᠠᠢ ᠪᠠᠶᠢᠳᠠᠯ ᠤᠨ ᠳᠣᠣᠷ᠎ᠠ᠂ ᠨᠢᠭᠡ ᠲᠠᠯ᠎ᠠ ᠪᠠᠷ ᠲᠠᠷᠢᠶᠠᠯᠠᠩ ᠤᠨ ᠪᠥᠭᠡᠮ ᠢᠶᠠᠷ | ᠬᠤᠳᠠᠯᠳᠤᠬᠤ ︵ᠠᠷᠠᠯᠵᠢᠶ᠎ᠠ︶ ᠵᠠᠬ᠎ᠠ ᠳᠡᠯᠭᠡᠭᠦᠷ ᠢᠶᠠᠷ ᠭᠤᠣᠯ ᠪᠣᠯᠭᠠᠭᠰᠠᠨ ᠠᠵᠤ ᠦᠢᠯᠡᠰ ᠤᠨ ᠬᠡᠯᠬᠢᠶ᠎ᠡ ᠶᠢᠨ | ᠪᠦᠲᠦᠴᠡ ᠶᠢ ᠨᠢᠭᠡᠨᠲᠡ ᠪᠣᠶ ᠪᠣᠯᠭᠠᠵᠤ᠂ ᠨᠥᠭᠦᠭᠡ ᠲᠠᠯ᠎ᠠ ᠪᠠᠷ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ | ᠳᠡᠯᠭᠡᠭᠦᠷ᠂ ᠡᠯᠧᠺᠲᠷᠣᠨ ᠬᠤᠳᠠᠯᠳᠤᠭᠠᠨ ᠤ ᠲᠠᠪᠴᠠᠩ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ | ᠨᠢᠭᠡ ᠴᠣᠭᠴᠠᠵᠢᠭᠤᠯᠤᠭᠰᠠᠨ ᠵᠢᠵᠢᠭᠯᠡᠨ ᠬᠤᠳᠠᠯᠳᠤᠬᠤ ᠠᠷᠭ᠎ᠠ ᠵᠠᠮ ᠢᠶᠠᠷ ᠠᠵᠢᠯ ᠲᠥᠷᠥᠯ ᠤᠨ ᠬᠤᠪᠢᠰᠤᠯᠲᠠ ᠶᠢ | ᠲᠦᠷᠭᠡᠳᠬᠡᠪᠡ᠃ ᠢᠯᠠᠩᠭᠤᠶ᠎ᠠ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠨᠡᠶᠢᠭᠡᠮ ᠲᠣᠭᠤᠷᠢᠭ ᠤᠨ ᠬᠠᠮᠲᠤ ᠪᠠᠷ | ᠬᠤᠳᠠᠯᠳᠤᠨ ᠠᠪᠬᠤ᠂ ᠤᠷᠢᠳᠠᠴᠢ ᠬᠥᠮᠥᠷᠭᠡ ᠵᠡᠷᠭᠡ ᠰᠢᠨ᠎ᠡ ᠵᠠᠭᠪᠤᠷ ᠨᠢ ᠨᠠᠩ ᠴᠤ ᠬᠠᠩᠭᠠᠯᠭ᠎ᠠ ᠶᠢᠨ ᠬᠡᠯᠬᠢᠶ᠎ᠡ ᠶᠢ | ᠡᠮᠬᠢᠯᠡᠨ ᠨᠡᠶᠢᠯᠡᠭᠦᠯᠬᠦ ᠳᠤ ᠨᠠᠩ ᠶᠡᠭᠡ ᠣᠷᠣᠨ ᠵᠠᠢ ᠬᠠᠩᠭᠠᠵᠤ᠂ ᠪᠠᠷᠠᠭᠠᠨ ᠤ ᠭᠦᠢᠯᠭᠡᠭᠡᠨ ᠤ ᠬᠠᠮᠢᠶᠠᠷᠤᠯᠲᠠ᠂ | ᠬᠦᠢᠲᠡᠨ ᠬᠡᠯᠬᠢᠶ᠎ᠡ ᠶᠢᠨ ᠪᠠᠶᠢᠷᠢᠰᠢᠭᠤᠯᠤᠯᠲᠠ ᠵᠡᠷᠭᠡ ᠨᠢ ᠲᠠᠷᠢᠶᠠᠯᠠᠩ ᠤᠨ ᠪᠦᠲᠦᠭᠡᠭᠳᠡᠬᠦᠨ ᠤ ᠥᠪᠡᠷ ᠤᠨ | ᠥᠷᠲᠡᠭ ᠤᠨ ᠪᠦᠲᠦᠴᠡ ᠶᠢ ᠰᠢᠯᠢᠳᠡᠭᠵᠢᠭᠦᠯᠬᠦ᠂ ᠪᠦᠲᠦᠭᠡᠭᠳᠡᠬᠦᠨ ᠤ ᠶᠠᠰᠤ ᠴᠢᠨᠠᠷ ᠢ ᠡᠵᠡᠮᠳᠡᠬᠦ᠂ ᠪᠦᠲᠦᠭᠡᠭᠳᠡᠬᠦᠨ ᠤ | ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠵᠡᠷᠭᠡ ᠴᠢᠬᠤᠯᠠ ᠦᠢᠯᠡᠳᠦᠯ ᠬᠦᠴᠦᠨ ᠵᠦᠢᠯ ᠪᠣᠯᠤᠭᠰᠠᠨ ᠪᠠᠶᠢᠨ᠎ᠠ | ᠃ ᠨᠠᠷᠢᠨ ᠪᠤᠳᠤᠯᠢᠶᠠᠨᠲᠠᠢ ᠣᠯᠠᠨ ᠡᠰᠢᠲᠦ ᠰᠢᠨ᠎ᠡ ᠬᠡᠷᠡᠭᠯᠡᠭᠡᠨ ᠤ ᠠᠬᠤᠢ ᠪᠠᠶᠢᠳᠠᠯ ᠤᠨ ᠡᠮᠦᠨ᠎ᠡ᠂ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠬᠡᠯᠬᠢᠶ᠎ᠡ ᠶᠢᠨ ᠰᠢᠰᠲ᠋ᠧᠮ ᠤᠨ ᠪᠠᠶᠢᠭᠤᠯᠤᠯᠲᠠ ᠶᠢ | ᠬᠡᠷᠬᠢᠨ ᠴᠢᠩᠭᠠᠳᠬᠠᠵᠤ᠂ ᠣᠯᠠᠨ ᠡᠰᠢᠲᠦ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠵᠠᠭᠪᠤᠷ ᠢ ᠬᠤᠯᠪᠣᠵᠤ᠂ | ᠲᠣᠭᠲᠠᠪᠤᠷᠢᠲᠠᠢ ᠬᠠᠩᠭᠠᠯᠭ᠎ᠠ ᠶᠢᠨ ᠬᠠᠷᠢᠴᠠᠭ᠎ᠠ ᠶᠢ ᠪᠠᠶᠢᠭᠤᠯᠤᠨ᠂ ᠬᠡᠷᠡᠭᠯᠡᠭᠴᠢᠳ ᠤᠨ ᠥᠪᠡᠷᠮᠢᠴᠡ᠂ ᠨᠠᠷᠢᠯᠢᠭ | ᠢᠯᠭᠠᠷᠠᠭᠰᠠᠨ ᠰᠢᠨ᠎ᠡ ᠬᠡᠷᠡᠭᠴᠡᠭᠡ ᠶᠢ ᠬᠠᠩᠭᠠᠵᠤ᠂ ᠪᠣᠷᠤᠯᠠᠭᠤᠯᠭ᠎ᠠ ᠪᠠᠷ ᠭᠠᠷᠤᠯᠲᠠ ᠶᠢ ᠲᠣᠭᠲᠠᠭᠠᠬᠤ ᠰᠢᠨ᠎ᠡ | ᠬᠠᠩᠭᠠᠯᠭ᠎ᠠ ᠶᠢᠨ ᠲᠡᠩᠴᠡᠭᠦᠷᠢ ᠶᠢ ᠬᠡᠷᠬᠢᠨ ᠪᠣᠶ ᠪᠣᠯᠭᠠᠬᠤ ᠨᠢ ᠨᠢᠭᠡᠨ ᠰᠡᠳᠬᠢᠭᠦᠰᠢᠲᠡᠢ ᠰᠡᠳᠦᠪ ᠪᠣᠯᠵᠠᠢ᠃ ᠮᠠᠯᠵᠢᠬᠤ | ᠣᠷᠣᠨ ᠤ ᠢᠳᠡᠭᠡᠨ ᠬᠠᠩᠭᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠨᠢ ᠮᠠᠯᠵᠢᠬᠤ ᠣᠷᠣᠨ ᠤ | ᠬᠡᠷᠡᠭᠯᠡᠭᠡ ᠶᠢ ᠬᠥᠲᠥᠯᠥᠨ ᠵᠢᠯᠤᠭᠤᠳᠬᠤ᠂ ᠮᠠᠯᠵᠢᠬᠤ ᠣᠷᠣᠨ ᠤ ᠠᠵᠤ ᠠᠬᠤᠢ ᠶᠢᠨ ᠪᠦᠲᠦᠴᠡ ᠶᠢᠨ | ᠲᠣᠬᠢᠷᠠᠭᠤᠯᠤᠯᠲᠠ ᠶᠢ ᠲᠦᠯᠬᠢᠨ ᠠᠬᠢᠭᠤᠯᠬᠤ᠂ ᠮᠠᠯᠵᠢᠬᠤ ᠣᠷᠣᠨ ᠤ ᠠᠵᠤ ᠠᠬᠤᠢ ᠶᠢᠨ ᠲᠦᠷᠭᠡᠨ ᠨᠡᠮᠡᠭᠳᠡᠬᠦ ᠶᠢ | ᠦᠨᠡᠨᠬᠦ ᠪᠠᠲᠤᠯᠠᠬᠤ ᠳᠤ ᠴᠥᠮ ᠴᠢᠬᠤᠯᠠ ᠠᠴᠢ ᠬᠤᠯᠪᠣᠭᠳᠠᠯ ᠲᠠᠢ ᠶᠤᠮ᠃ | ᠭᠤᠷᠪᠠ᠂ ︽ᠲᠥᠯᠦᠪᠵᠢᠭᠦᠯᠭᠡ︾ ᠶᠢ ᠲᠣᠭᠲᠠᠭᠠᠭᠰᠠᠨ ᠦᠨᠳᠦᠰᠦᠯᠡᠯ | ⒈︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠲᠠᠷᠢᠶᠠᠯᠠᠩ ᠬᠥᠳᠡᠭᠡ | ᠲᠣᠰᠬᠤᠨ ᠤ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠲᠥᠯᠦᠪᠵᠢᠭᠦᠯᠭᠡ︾ ︵ᠲᠦᠷᠦ ᠲᠠᠷᠬᠠᠭᠠᠭᠰᠠᠨ | 〔2021〕 25 ᠳ᠋ᠤᠭᠠᠷ ᠲᠣᠭᠠᠲᠤ︶ | ⒉︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠲᠣᠭᠠᠵᠢᠭᠤᠯᠤᠭᠰᠠᠨ ᠠᠵᠤ ᠠᠬᠤᠢ ᠶᠢᠨ | ᠬᠥᠭᠵᠢᠯᠲᠡ ᠶᠢᠨ ᠲᠥᠯᠦᠪᠵᠢᠭᠦᠯᠭᠡ︾ ︵ᠲᠦᠷᠦ ᠲᠠᠷᠬᠠᠭᠠᠭᠰᠠᠨ 〔2021〕 29 ᠳ᠋ᠤᠭᠡᠷ ᠲᠣᠭᠠᠲᠤ︶ | ⒊ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠤᠯᠤᠰ ᠤᠨ ᠳᠣᠲᠣᠭᠠᠳᠤ ᠶᠢᠨ | ᠠᠷᠠᠯᠵᠢᠶᠠᠨ ᠤ ᠬᠥᠭᠵᠢᠯᠲᠡ ᠶᠢᠨ ᠲᠥᠯᠦᠪᠵᠢᠭᠦᠯᠭᠡ︾ | ⒋ ︽ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠬᠡᠯᠬᠢᠶ᠎ᠡ ᠶᠢᠨ ᠰᠢᠰᠲ᠋ᠧᠮ ᠤᠨ ᠪᠠᠶᠢᠭᠤᠯᠤᠯᠲᠠ ᠶᠢ | ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ︵ᠡᠳ᠋ ᠤᠨ ᠵᠠᠰᠠᠭ ᠠᠯᠪᠠᠨ ᠪᠠᠶᠢᠭᠤᠯᠤᠯᠲᠠ | 〔2021〕37 ᠳ᠋ᠤᠭᠠᠷ ᠲᠣᠭᠠᠲᠤ︶ | ⒌︽ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢᠨ ᠲᠤᠰᠬᠠᠢ | ᠠᠵᠢᠯᠯᠠᠭᠠᠨ ᠤ ᠲᠥᠯᠥᠪᠯᠡᠭᠡ ︵2021 ︱ 2025 ᠣᠨ︶︾ ︵ᠬᠤᠳᠠᠯᠳᠤᠭᠠᠨ ᠤ ᠭᠦᠢᠯᠭᠡᠭᠡᠨ ᠤ ᠵᠠᠬᠢᠳᠠᠯ ﹇ | 2021﹈ 397 ᠳ᠋ᠤᠭᠠᠷ ᠲᠣᠭᠠᠲᠤ︶ | ⒍︽ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ ᠬᠥᠳᠡᠭᠡ | ᠲᠣᠰᠬᠤᠨ ᠤ ᠬᠡᠷᠡᠭᠯᠡᠭᠡ ᠶᠢ ᠠᠬᠢᠭᠤᠯᠬᠤ ᠲᠤᠬᠠᠢ ᠰᠠᠨᠠᠯ︾ ︵ᠬᠤᠳᠠᠯᠳᠤᠭ᠎ᠠ ᠭᠦᠢᠯᠭᠡᠭᠡ ᠲᠠᠷᠬᠠᠭᠠᠭᠰᠠᠨ | 〔2021〕 99 ᠳ᠋ᠦᠭᠡᠷ ᠲᠣᠭᠠᠲᠤ︶ | ⒎ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ | ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠮᠡᠳᠡᠭᠳᠡᠯ︾ ︵ᠥᠪᠥᠷ ᠬᠤᠳᠠᠯᠳᠤᠭᠠᠨ ᠤ | ᠲᠣᠭᠲᠠᠭᠠᠯ ᠡᠳ᠋ ᠤᠨ ᠵᠠᠰᠠᠭ ᠥᠰᠥᠭ ﹇2021﹈ 678 ᠳ᠋ᠤᠭᠠᠷ ᠲᠣᠭᠠᠲᠤ︶ | ⒏︽ᠪᠠᠷᠠᠭᠤᠨ ᠦᠵᠦᠮᠦᠴᠢᠨ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ | ᠬᠠᠷᠠᠯᠲᠠ ᠶᠢᠨ ᠲᠣᠪᠴᠢ︾ ︵ᠪᠠᠷᠠᠭᠤᠨ ᠵᠠᠰᠠᠭ ᠲᠠᠷᠬᠠᠭᠠᠭᠰᠠᠨ ﹇2021﹈ 62 ᠳ᠋ᠤᠭᠠᠷ ᠲᠣᠭᠠᠲᠤ︶ | ⒐ ︽ᠰᠢᠯᠢ ᠶᠢᠨ ᠭᠤᠣᠯ ᠠᠶᠢᠮᠠᠭ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠳᠠᠬᠢ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ︵ᠰᠢᠯᠢ ᠶᠢᠨ ᠭᠤᠣᠯ ᠠᠯᠪᠠᠨ | ᠲᠠᠷᠬᠠᠭᠠᠭᠰᠠᠨ ﹇2022﹈ 64 ᠳ᠋ᠦᠭᠡᠷ ᠲᠣᠭᠠᠲᠤ︶ | ⒑︽ᠰᠢᠯᠢ ᠶᠢᠨ ᠭᠤᠣᠯ ᠠᠶᠢᠮᠠᠭ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ | ᠬᠤᠭᠤᠴᠠᠭᠠᠨ ᠳᠠᠬᠢ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠤ ᠣᠳᠣᠬᠢᠴᠢᠯᠠᠯᠲᠠ ᠶᠢᠨ | ᠬᠥᠭᠵᠢᠯᠲᠡ ᠶᠢ ᠲᠦᠯᠬᠢᠨ ᠠᠬᠢᠭᠤᠯᠬᠤ ᠲᠥᠯᠦᠪᠵᠢᠭᠦᠯᠭᠡ︾︵ᠰᠢᠯᠢ ᠶᠢᠨ ᠭᠤᠣᠯ ᠵᠠᠬᠢᠷᠭ᠎ᠠ ᠠᠯᠪᠠᠨ ᠲᠠᠷᠬᠠᠭᠠᠭᠰᠠᠨ | ﹇2022﹈ 57 ᠳ᠋ᠤᠭᠠᠷ ᠲᠣᠭᠠᠲᠤ︶ | ⒒ ︽ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠬᠤᠳᠠᠯᠳᠤᠭᠠᠨ ᠤ | ᠶᠠᠪᠤᠳᠠᠯ ᠤᠨ ᠬᠥᠭᠵᠢᠯᠲᠡ ᠶᠢᠨ ᠲᠥᠯᠦᠪᠵᠢᠭᠦᠯᠭᠡ︾ | |