ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ ᠰᠣᠮᠣᠨ ᠤ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2023/12/14
ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ ᠰᠣᠮᠣᠨ ᠤ ᠤᠷᠤᠯᠳᠤᠭᠠᠨ ᠶᠠᠪᠤᠭᠳᠠᠪᠠ                                                                 12 ᠰᠠᠷ᠎ᠠ ᠶᠢᠨ 9 ᠤ ᠡᠳᠦᠷ᠂ ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠳᠤᠮᠳᠠᠳᠤ ᠤᠯᠤᠰ ᠤᠨ ᠠᠳᠤᠭᠤᠨ ᠰᠣᠶᠣᠯ ᠤᠨ ᠲᠦᠪ ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠪᠠᠷᠠᠭᠤᠨ ᠦᠵᠦᠮᠦᠴᠢᠨ ᠬᠤᠰᠢᠭᠤᠨ ᠤ  ᠪᠠᠶᠠᠨᠬᠤᠰᠢᠭᠤ ᠰᠤᠮᠤᠨ ᠤ  ᠤᠷᠤᠯᠳᠤᠭᠠᠨ‌‍ᠶᠠᠪᠤᠭᠳᠠᠪᠠ᠃
   ᠠᠭᠤᠷ ᠠᠮᠢᠰᠬᠤᠯ ᠬᠡᠳᠦᠢ ᠬᠦᠢᠲᠡᠨ ᠪᠠᠶᠢᠭᠰᠠᠨ ᠴᠤ ᠤᠶᠠᠭᠠᠴᠢᠳ ᠬᠤᠷᠳᠤᠨ ᠬᠥᠯᠥᠭ ᠤᠨ ᠢᠶᠠᠨ ᠬᠤᠷᠳᠤ ᠰᠢᠨᠳᠠᠰᠤ ᠶᠢ ᠰᠢᠯᠭᠠᠬᠤ ᠬᠡᠮᠡᠨ ᠢᠳᠡᠪᠬᠢᠲᠡᠢ ᠬᠦᠷᠦᠯᠴᠡᠨ ᠢᠷᠡᠵᠦ᠂  ᠤᠷᠤᠯᠳᠤᠭᠠᠨ ᠨᠢ ᠬᠥᠷ ᠬᠥᠭᠵᠢᠶᠡᠨ ᠲᠠᠢ ᠶᠠᠪᠤᠭᠳᠠᠯ᠎ᠠ᠃ ᠤᠷᠤᠯᠳᠤᠭᠠᠨ ᠳᠤ᠂ ᠥᠪᠥᠷ ᠮᠣᠩᠭᠤᠯ ᠣᠷᠣᠨ ᠤ ᠮᠣᠷᠢᠨ ᠤᠷᠤᠯᠳᠤᠭᠠᠨ ᠤ ᠨᠡᠶᠢᠲᠡᠯᠢᠭ ᠤᠷᠤᠯᠳᠤᠭᠠᠨ ᠤ ᠲᠥᠷᠥᠯ ᠪᠣᠯᠬᠤ 15 ᠺᠢᠯᠣᠮᠧᠲᠷ ᠤᠨ ᠠᠯᠤᠰ ᠤᠨ ᠮᠣᠷᠢᠨ ᠤ ᠤᠷᠤᠯᠳᠤᠭᠠᠨ ᠪᠠ 6000 ᠮᠧᠲᠷ ᠤᠨ ᠬᠦᠴᠦᠨ ᠳᠠᠮᠵᠢᠭᠤᠯᠬᠤ ᠤᠷᠤᠯᠳᠤᠭᠠᠨ ᠲᠣᠬᠢᠷᠠᠭᠤᠯᠵᠤ᠂ ︽ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ ᠪᠤᠴᠠᠯᠲᠠ ᠦᠭᠡᠢ ᠤᠷᠤᠭᠰᠢᠯᠠᠵᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃
  ᠬᠤᠷᠴᠠ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ 15 ᠺᠢᠯᠣᠮᠧᠲᠷ ᠤᠨ ᠠᠯᠤᠰ ᠤᠨ  ᠮᠣᠷᠢᠨ ᠤ ᠤᠷᠤᠯᠳᠤᠭᠠᠨ ᠪᠣᠯᠣᠨ 6000 ᠮᠧᠲᠷ ᠤᠨ ᠬᠦᠴᠦᠨ ᠳᠠᠮᠵᠢᠭᠤᠯᠬᠤ ᠤᠷᠤᠯᠳᠤᠭᠠᠨ ᠤ ᠲᠦᠷᠦᠭᠦᠦ ᠨᠠᠢᠮᠠ ᠳᠤ ᠰᠢᠯᠭᠠᠷᠠᠭᠰᠠᠨ ᠮᠣᠷᠢᠳ ᠲᠤ ᠬᠤᠰᠢᠭᠤ ᠳᠡᠰ ᠤᠨ ᠬᠤᠯᠪᠣᠭᠠᠲᠤ ᠤᠷᠤᠯᠳᠤᠭᠠᠨ ᠳᠤ  ᠣᠷᠣᠯᠴᠠᠬᠤ ᠡᠷᠬᠡ ᠶᠢ ᠣᠯᠪᠠ᠃   ᠦᠶ᠎ᠡ ᠦᠶ᠎ᠡ ᠶᠢᠨ ᠲᠠᠯ᠎ᠠ ᠨᠤᠲᠤᠭ ᠤᠨ ᠬᠥᠪᠡᠭᠦᠳ ᠥᠬᠢᠳ ᠮᠣᠩᠭᠤᠯ ᠮᠣᠷᠢᠨ ᠤ ᠵᠣᠷᠢᠭ ᠰᠠᠨᠠᠭ᠎ᠠ ᠪᠠᠷ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠵᠤ ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠤᠭᠰᠠᠭᠠᠷ ᠢᠷᠡᠪᠡ᠃ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠢ ᠰᠠᠶᠢᠲᠤᠷ ᠡᠷᠬᠢᠯᠡᠬᠦ ᠪᠣᠯ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠠᠮᠢᠳᠤᠯᠢᠭ ᠦᠢᠯᠡᠳᠦᠯᠭᠡ᠂ ᠳᠤᠮᠳᠠᠳᠤ ᠤᠯᠤᠰ ᠲᠤ ᠣᠨᠴᠠ ᠪᠠᠶᠢᠳᠠᠭ ᠮᠣᠷᠢᠨ ᠤ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠬᠤ ᠪᠦᠲᠦᠮᠵᠢᠲᠡᠢ ᠠᠷᠭ᠎ᠠ ᠵᠠᠮ ᠪᠣᠯᠬᠤ ᠪᠠᠷ ᠪᠠᠷᠠᠬᠤ ᠦᠭᠡᠢ ︽ᠳᠤᠮᠳᠠᠳᠤ ᠤᠯᠤᠰ ᠤᠨ ᠠᠳᠤᠭᠤᠨ ᠰᠣᠶᠣᠯ ᠤᠨ ᠲᠥᠪ︾  ᠤᠨ ᠲᠦᠷᠦᠯ ᠲᠡᠮᠳᠡᠭ ᠤᠨ ᠳᠦᠷᠢ ᠲᠥᠷᠬᠦ ᠪᠣᠯᠣᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ ᠪᠠᠶᠢᠭ᠎ᠠ ᠶᠠᠪᠤᠳᠠᠯ ᠪᠣᠯᠣᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号