ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠨᠠᠷ ᠮᠠᠨ ᠤ ᠬᠤᠰᠢᠭᠤᠨ ᠳᠤ  ᠪᠠᠶᠢᠴᠠᠭᠠᠨ ᠰᠤᠳᠤᠯᠤᠯᠲᠠ ᠬᠢᠵᠡᠢ
ᠨᠡᠶᠢᠲᠡᠯᠡᠭᠰᠡᠨ ᠴᠠᠭ᠄
2023/12/14
    ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠨᠠᠷ ᠮᠠᠨ ᠤ ᠬᠤᠰᠢᠭᠤᠨ ᠳᠤ  ᠪᠠᠶᠢᠴᠠᠭᠠᠨ ᠰᠤᠳᠤᠯᠤᠯᠲᠠ ᠬᠢᠵᠡᠢ                                                               12 ᠰᠠᠷ᠎ᠠ ᠶᠢᠨ 5 ᠤ ᠦᠳᠡ ᠶᠢᠨ ᠬᠤᠶᠢᠨ᠎ᠠ ᠠᠴᠠ 6 ᠤ ᠡᠳᠦᠷ ᠤᠨ ᠦᠳᠡ ᠶᠢᠨ ᠡᠮᠦᠨ᠎ᠡ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠮᠠᠨ ᠤ ᠬᠤᠰᠢᠭᠤᠨ ᠳᠤ ᠬᠦᠨᠵᠡᠭᠡᠶᠢᠷᠡᠨ᠂ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠵᠡᠷᠭᠡ ᠬᠠᠮᠢᠶ᠎ᠠ ᠪᠦᠬᠦᠢ ᠠᠵᠢᠯ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃    ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠬᠠᠢ ᠱᠠᠨ᠂ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠭᠤᠣᠯ ᠬᠠᠷᠢᠭᠤᠴᠠᠯᠭᠠᠲᠠᠨ ᠪᠠᠷ᠎ᠠ  ᠪᠤᠯᠤᠯᠴᠠᠪᠠ᠃   ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠪᠠᠶᠠᠨᠬᠤᠰᠢᠭᠤ  ᠰᠤᠮᠤᠨ ᠤ ᠱᠠᠤᠲᠤ ᠭᠠᠴᠠᠭᠠᠨ ᠤ ᠤᠳᠤᠷ ᠭᠡᠷ ᠪᠦᠯᠢ ᠶᠢᠨ ᠮᠠᠯᠵᠢᠯ ᠤᠨ ᠲᠠᠯᠠᠪᠠᠢ᠂ ᠪᠠᠷᠠᠭᠤᠨ ᠦᠵᠦᠮᠦᠴᠢᠨ ᠬᠤᠰᠢᠭᠤᠨ ᠤ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠦᠢᠯᠡᠳᠪᠦᠷᠢ᠂  ᠤᠳᠣᠬᠢᠴᠢᠯᠠᠭᠰᠠᠨ ᠲᠡᠵᠢᠭᠡᠯ ᠡᠪᠡᠰᠦᠨ ᠤ ᠠᠵᠤ ᠦᠢᠯᠡᠰ ᠤᠨ ᠬᠦᠷᠢᠶᠡᠯᠡᠩ᠂ ᠪᠠᠷᠠᠭᠤᠨ ᠦᠵᠦᠮᠦᠴᠢᠨ ᠬᠤᠰᠢᠭᠤᠨ ᠤ ᠮᠠᠯ ᠠᠵᠤ ᠠᠬᠤᠢ ᠶᠢᠨ ᠣᠨᠣᠰᠢᠯᠠᠨ ᠡᠮᠨᠡᠬᠦ ᠰᠤᠳᠤᠯᠭᠠᠨ ᠤ ᠵᠢᠱᠢᠶ᠎ᠡ ᠦᠵᠡᠭᠦᠯᠬᠦ ᠲᠥᠪ᠂ ᠤᠳᠣᠬᠢᠴᠢᠯᠠᠭᠰᠠᠨ ᠰᠠᠶᠢᠨ ᠡᠭᠦᠯᠳᠡᠷ ᠤᠨ  ᠮᠢᠬᠠᠨ ᠤ ᠦᠬᠡᠷ ᠦᠷᠡᠵᠢᠭᠦᠯᠦᠨ ᠪᠣᠶᠢᠵᠢᠭᠤᠯᠬᠤ ᠰᠠᠭᠤᠷᠢᠨ ᠵᠢᠴᠢ ᠮᠢᠬᠠᠨ ᠤ ᠦᠬᠡᠷ ᠤᠨ ᠠᠮᠢ ᠠᠬᠤᠢ ᠶᠢᠨ ᠮᠠᠯᠵᠢᠯ ᠤᠨ ᠲᠠᠯᠠᠪᠠᠢ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠵᠡᠷᠭᠡ ᠭᠠᠵᠠᠷ ᠤᠳ ᠢᠶᠠᠷ ᠬᠦᠨᠵᠡᠭᠡᠶᠢᠷᠡᠨ  ᠂ ᠮᠢᠬᠠᠨ ᠤ ᠦᠬᠡᠷ ᠲᠡᠵᠢᠭᠡᠨ ᠦᠷᠡᠵᠢᠭᠦᠯᠬᠦ᠂ ᠡᠪᠡᠰᠦ ᠪᠣᠷᠳᠤᠭ᠎ᠠ ᠶᠢ ᠨᠥᠭᠡᠴᠡᠯᠡᠵᠦ ᠡᠳ᠋ᠰᠢᠭᠦᠯᠦᠨ ᠪᠣᠷᠣᠯᠠᠭᠤᠯᠬᠤ᠂ ᠠᠮᠢᠲᠠᠨ ᠤ ᠬᠢᠵᠢᠭ ᠢ ᠰᠡᠷᠭᠡᠶᠢᠯᠡᠬᠦ  ᠰᠢᠰᠲ᠋ᠧᠮ ᠤᠨ ᠪᠠᠶᠢᠭᠤᠯᠤᠯᠲᠠ᠂ ᠪᠦᠬᠦ ᠤᠯᠤᠰ ᠤᠨ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠲᠤᠷᠰᠢᠯᠲᠠ ᠶᠢᠨ ᠲᠦᠷᠦᠯ ᠵᠦᠢᠯ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠶᠡᠷᠦᠩᠬᠡᠢ ᠴᠣᠭᠴᠠ ᠵᠢᠴᠢ ᠤᠳᠣᠬᠢᠴᠢᠯᠠᠭᠰᠠᠨ ᠰᠠᠶᠢᠨ ᠡᠭᠦᠯᠳᠡᠷ ᠤᠨ  ᠮᠢᠬᠠᠨ ᠤ ᠦᠬᠡᠷ ᠦᠷᠡᠵᠢᠭᠦᠯᠦᠨ ᠪᠣᠶᠢᠵᠢᠭᠤᠯᠬᠤ ᠰᠠᠭᠤᠷᠢᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠠᠷᠠᠭ᠎ᠠ ᠨᠢ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠲᠦᠷᠦᠯ ᠵᠦᠢᠯ ᠤᠨ ᠬᠠᠷᠢᠭᠤ ᠮᠡᠳᠡᠭᠦᠯᠦᠯᠲᠡ ᠶᠢᠨ ᠰᠠᠭᠤᠳᠠᠯ ᠤᠨ ᠬᠤᠷᠠᠯ ᠬᠤᠷᠠᠯᠳᠤᠪᠠ  ᠃   ᠬᠤᠷᠠᠯ ᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠬᠤᠰᠢᠭᠤ ᠲᠡᠳ᠋ ᠬᠤᠰᠢᠭᠤ ᠲᠠᠷᠤᠭ᠎ᠠ ᠬᠠᠢ ᠱᠠᠨ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠲᠤᠷᠰᠢᠯᠲᠠ ᠶᠢᠨ ᠳᠦᠷᠦᠯ ᠵᠦᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠨᠠᠷᠢᠨ ᠲᠣᠳᠣᠷᠬᠠᠢ ᠬᠠᠷᠢᠭᠤ ᠮᠡᠳᠡᠭᠦᠯᠦᠯᠲᠡ ᠬᠢᠵᠡᠢ᠃  ᠵᠣᠣ ᠢᠦᠢ ᠱᠧᠩ ᠶᠠᠷᠢᠶᠠᠨ ᠳᠠᠭᠠᠨ᠂ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠠᠵᠢᠯ ᠢ ᠭᠦᠢᠴᠡᠳ ᠨᠤᠳᠡᠯᠡᠭᠰᠠᠨ ᠤ ᠬᠠᠮᠲᠤ ᠳᠠᠷᠠᠭᠠᠴᠢ ᠶᠢᠨ ᠠᠯᠬᠤᠮ ᠤᠨ ᠬᠥᠭᠵᠢᠯᠲᠡ ᠳᠤ ᠪᠣᠳᠠᠲᠠᠢ ᠰᠠᠨᠠᠯ ᠰᠠᠨᠠᠭᠤᠯᠭ᠎ᠠ ᠲᠤᠷᠠᠳᠴᠠᠢ᠃ ᠲᠠᠷᠠ ᠶᠠᠷᠢᠶᠠᠨ ᠳᠠᠭᠠᠨ ᠥᠷᠭᠡᠨ ᠣᠯᠠᠨ ᠲᠠᠷᠢᠶᠠᠯᠠᠩ ᠮᠠᠯ ᠠᠵᠤ ᠠᠬᠤᠢ ᠶᠢᠨ ᠹᠷᠣᠨᠲ ᠤᠨ ᠨᠠᠮ ᠤᠨ ᠭᠡᠰᠢᠭᠦᠨ ᠺᠠᠳ᠋ᠷᠴᠤᠳ ᠡᠷᠬᠡᠪᠰᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠳᠠᠪᠠᠭᠤᠯᠢᠭ ᠢ ᠰᠠᠶᠢᠲᠤᠷ ᠪᠠᠳᠠᠷᠠᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠣᠯᠣᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠴᠢᠬᠤᠯᠠ ᠠᠵᠠ ᠲᠣᠬᠢᠶᠠᠯᠳᠤ ᠬᠤᠭᠤᠴᠠᠭ᠎ᠠ ᠶᠢ ᠴᠢᠩᠭ᠎ᠠ ᠠᠳᠬᠤᠵᠤ᠂ ᠠᠮᠢ ᠠᠬᠤᠢ ᠶᠢ ᠲᠡᠷᠢᠭᠦᠨ ᠳᠤ  ᠲᠠᠯᠪᠢᠨ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠵᠤ᠂ ᠮᠠᠯ ᠠᠵᠤ ᠠᠬᠤᠢ ᠶᠢᠨ ᠬᠡᠪᠴᠢᠶᠡᠵᠢᠯᠲᠡ᠂ ᠪᠠᠷᠢᠮᠵᠢᠶᠠᠵᠢᠯᠲᠠ᠂ ᠠᠵᠤ ᠦᠢᠯᠡᠰᠵᠢᠯᠲᠡ ᠶᠢᠨ ᠬᠢᠷᠢ ᠲᠦᠪᠰᠢᠨ ᠢ ᠲᠦᠷᠭᠡᠪᠴᠢᠯᠡᠨ ᠳᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ᠂ ᠨᠤᠲᠤᠭ ᠪᠡᠯᠴᠢᠭᠡᠷ ᠤᠨ ᠠᠮᠢ ᠠᠬᠤᠢ᠂ ᠮᠠᠯᠴᠢᠳ ᠤᠨ ᠠᠮᠢᠳᠤᠷᠠᠯ ᠤᠨ ︽ᠭᠤᠷᠪᠠᠨ ᠲᠦᠷᠦᠯ︾ ᠤᠨ ᠬᠠᠮᠲᠤ ᠪᠠᠷ ᠠᠰᠢᠭ ᠬᠦᠷᠳᠡᠬᠦ ᠶᠢ  ᠪᠡᠶᠡᠯᠡᠬᠦᠯᠬᠦ ᠭᠡᠷᠡᠭᠲᠠᠢ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠲᠤᠳᠠᠭᠳᠠᠯ ᠲᠠᠢ ᠲᠠᠯ᠎ᠠ ᠪᠠᠨ ᠲᠦᠷᠭᠡᠨ ᠨᠥᠬᠦᠪᠦᠷᠢᠯᠡᠵᠦ᠂ ᠠᠵᠢᠯ ᠤᠨ ᠠᠬᠢᠴᠠ ᠶᠢᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠦᠵᠡᠯ ᠰᠠᠨᠠᠭ᠎ᠠ ᠪᠠᠨ ᠬᠤᠪᠢᠷᠠᠭᠤᠯᠬᠤ   ᠶᠢ  ᠲᠦᠷᠭᠡᠳᠬᠡᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠡᠷᠬᠡᠪᠰᠢ ᠰᠠᠶᠢᠲᠤᠷ ᠬᠢᠵᠦ᠂ ᠮᠠᠯᠴᠢᠨ ᠲᠠᠷᠢᠶᠠᠴᠢᠳ ᠤᠨ ᠨᠤᠲᠤᠭ ᠪᠡᠯᠴᠢᠭᠡᠷ ᠢᠶᠠᠨ ᠬᠠᠮᠠᠭᠠᠯᠠᠬᠤ ᠦᠵᠡᠯ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠠᠭ᠎ᠠ ᠲᠡᠵᠢᠭᠡᠵᠦ ᠨᠠᠷᠢᠯᠢᠭ ᠠᠷᠠᠴᠢᠯᠠᠬᠤ ᠶᠢ ᠬᠥᠲᠥᠯᠥᠨ ᠵᠢᠯᠤᠭᠤᠳᠬᠤ ᠪᠠ ᠵᠣᠷᠢᠭᠵᠢᠭᠤᠯᠵᠤ᠂ ᠪᠠᠶᠢᠭᠠᠯᠢ ᠶᠢᠨ ᠪᠡᠯᠴᠢᠭᠡᠷ ᠤᠨ ᠳᠠᠷᠤᠯᠲᠠ ᠶᠢ ᠬᠥᠩᠭᠡᠷᠡᠭᠦᠯᠵᠦ᠂ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢ ᠠᠬᠢᠭᠤᠯᠵᠤ᠂ ᠢᠯᠡᠭᠦᠦ ᠲᠡᠵᠢᠭᠡᠵᠦ ᠢᠯᠡᠭᠦᠦ ᠬᠤᠷᠢᠶᠠᠬᠤ᠂ ᠢᠯᠡᠭᠦᠦ ᠮᠠᠯᠵᠢᠵᠤ ᠢᠯᠡᠭᠦᠦ ᠬᠤᠷᠢᠶᠠᠬᠤ ᠦᠵᠡᠯ ᠰᠠᠨᠠᠭᠠᠨ ᠤ ᠪᠠᠬᠢᠯᠡᠯᠲᠡ ᠶᠢ ᠡᠪᠳᠡᠬᠦ ᠬᠡᠷᠡᠭᠲᠡᠢ᠃ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢᠨ ᠲᠠᠯ᠎ᠠ ᠪᠠᠷ ᠬᠦᠴᠦᠯᠡᠨ᠂ ᠨᠤᠲᠤᠭ ᠪᠡᠯᠴᠢᠭᠡᠷ ᠤᠨ ᠱᠠᠩᠨᠠᠯ ᠨᠦᠬᠦᠪᠦᠷᠢ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠮᠠᠯᠴᠢᠨ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠮᠠᠯ ᠬᠠᠷᠢᠭᠤᠯᠬᠤ ᠲᠤᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠵᠡᠷᠭᠡ ᠵᠦᠢᠯᠡᠰ ᠢ ᠬᠡᠷᠡᠭᠵᠢᠭᠦᠯᠬᠦ ᠶᠢ ᠴᠢᠩᠭ᠎ᠠ ᠠᠳᠬᠤᠬᠤ ᠬᠡᠷᠡᠭᠲᠠᠢ᠃ ᠠᠵᠤ ᠦᠢᠯᠡᠰ ᠤᠨ ᠠᠭᠤᠰᠤᠯᠴᠠᠯ ᠤᠨ ᠲᠠᠯ᠎ᠠ ᠪᠠᠷ ᠴᠢᠩᠭᠠᠳᠬᠠᠨ᠂ ᠤᠳᠣᠬᠢᠴᠢᠯᠠᠭᠰᠠᠨ ᠮᠠᠯ ᠠᠵᠤ ᠠᠬᠤᠢ ᠶᠢᠨ ᠠᠵᠤ ᠦᠢᠯᠡᠰ ᠤᠨ  ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠮᠢᠬᠠᠨ ᠤ ᠦᠬᠡᠷ ᠮᠢᠬᠠᠨ ᠤ ᠬᠤᠨᠢᠨ ᠤ ᠣᠨᠴᠠᠯᠢᠭᠲᠤ ᠵᠢᠵᠢᠭ ᠪᠠᠯᠭᠠᠰᠤ ᠶᠢ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠬᠡᠯᠬᠢᠶᠡᠵᠢᠯ ᠢ ᠤᠷᠲᠤᠳᠬᠠᠬᠤ᠂ ᠬᠡᠯᠬᠢᠶᠡᠵᠢᠯ ᠢ ᠴᠢᠩᠭᠠᠳᠬᠠᠬᠤ᠂ ᠬᠡᠯᠬᠢᠶᠡᠵᠢᠯ ᠢ ᠨᠥᠬᠦᠪᠦᠷᠢᠯᠡᠬᠦ ᠶᠢ ᠲᠦᠷᠭᠡᠳᠬᠡᠨ᠂ ᠦᠢᠯᠡᠳᠪᠦᠷᠢᠯᠡᠬᠦ ᠬᠠᠩᠭᠠᠬᠤ ᠬᠠᠳᠠᠭᠠᠯᠠᠬᠤ ᠨᠡᠮᠡᠬᠦ ᠪᠣᠷᠣᠯᠠᠭᠤᠯᠬᠤ ᠪᠥᠬᠦ ᠶᠠᠪᠤᠴᠠ ᠶᠢᠨ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ᠂ ᠮᠠᠯᠴᠢᠳ ᠢ ᠬᠥᠲᠥᠯᠥᠨ ᠵᠢᠯᠤᠭᠤᠳᠴᠤ ᠪᠠᠶᠢᠭᠠᠳ ᠠᠵᠤ ᠦᠢᠯᠡᠰ ᠤᠨ ᠬᠡᠯᠬᠢᠶ᠎ᠡ ᠶᠢᠨ ᠳᠤᠮᠳᠠ ᠳᠡᠭᠡᠳᠦ ᠤᠷᠤᠰᠬᠠᠯ ᠳᠠᠰᠢ ᠰᠢᠯᠵᠢᠭᠦᠯᠵᠦ᠂ ᠮᠠᠯᠴᠢᠳ ᠤᠨ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠪᠥᠬᠦ ᠲᠠᠯ᠎ᠠ ᠪᠠᠷ ᠦᠷᠭᠡᠳᠬᠡᠬᠦ ᠭᠡᠷᠡᠭᠲᠠᠢ᠃ ᠲᠧᠭᠨᠢᠭ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠲᠠᠯ᠎ᠠ ᠪᠠᠷ ᠤᠯᠠᠮ  ᠴᠢᠷᠮᠠᠶᠢᠵᠤ᠂ ᠰᠢᠯᠢᠳᠡᠭ ᠰᠠᠶᠢᠨ ᠮᠠᠯ ᠤᠨ ᠡᠭᠦᠯᠳᠡᠷ ᠢ ᠪᠣᠶᠢᠵᠢᠭᠤᠯᠤᠨ ᠳᠡᠯᠭᠡᠷᠡᠭᠦᠯᠬᠦ ᠶᠢ ᠲᠦᠷᠭᠡᠳᠬᠡᠵᠦ᠂ ᠮᠠᠯ ᠤᠨ ᠠᠰᠢᠭ ᠰᠢᠮ᠎ᠡ ᠶᠢ ᠨᠠᠷᠢᠯᠢᠭ ᠪᠣᠯᠪᠠᠰᠤᠷᠠᠭᠤᠯᠬᠤ᠂ ᠡᠰᠢ ᠰᠦᠷᠡᠯ ᠢ ᠬᠤᠪᠢᠷᠠᠭᠤᠯᠤᠨ ᠠᠰᠢᠭᠯᠠᠬᠤ ᠶᠢ ᠴᠢᠩᠭᠠᠳᠬᠠᠵᠤ᠂ ᠲᠣᠭᠠᠴᠢᠯᠠᠭᠰᠠᠨ ᠬᠠᠮᠢᠶᠠᠷᠤᠯᠲᠠ᠂ ᠣᠶᠤᠨᠴᠢᠯᠠᠭᠰᠠᠨ ᠲᠡᠵᠢᠭᠡᠨ ᠦᠷᠡᠵᠢᠭᠦᠯᠬᠦ ᠵᠡᠷᠭᠡ ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠯᠡᠭᠡ ᠶᠢ ᠲᠦᠷᠭᠡᠨ ᠬᠠᠶᠢᠨ ᠰᠦᠪᠡᠭᠴᠢᠯᠡᠵᠦ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠤᠨ ᠪᠦᠳᠦᠭᠦᠯᠢᠭ ᠳᠤᠲᠠᠭᠤᠳᠠᠯ ᠢ ᠨᠥᠬᠦᠪᠦᠷᠢᠯᠡᠵᠦ᠂ ᠨᠤᠲᠤᠭ ᠪᠡᠯᠴᠢᠭᠡᠷ ᠤᠨ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠬᠡᠷᠡᠭᠲᠠᠢ ᠭᠡᠵᠠᠢ᠃
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号