ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠠᠵᠢᠯᠳᠠᠨ ᠪᠥᠬᠦ ᠤᠯᠤᠰ ᠤᠨ ᠠᠵᠢᠯᠴᠢᠨ ᠤ ᠡᠪᠯᠡᠯ ᠤᠨ ᠠᠵᠢᠯᠲᠠᠨ ᠤ ᠨᠣᠮ ᠤᠨ ᠥᠷᠥᠭᠡ ᠶᠢᠨ ︽ᠨᠤᠮ ᠤᠩᠰᠢᠵᠦ ᠰᠤᠷᠤᠯᠴᠠᠨ ᠴᠢᠳᠠᠪᠤᠷᠢᠲᠠᠨ ᠪᠣᠯᠤᠭᠰᠠᠨ ᠠᠵᠢᠯᠲᠠᠨ︾ ᠤ ᠢᠷᠠᠭᠤ ᠠᠯᠳᠠᠷ ᠢ ᠭᠥᠷᠳᠡᠪᠡ
ᠨᠡᠶᠢᠲᠡᠯᠡᠭᠰᠡᠨ ᠴᠠᠭ᠄
2023/12/18
   ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠠᠵᠢᠯᠳᠠᠨ ᠪᠥᠬᠦ ᠤᠯᠤᠰ ᠤᠨ ᠠᠵᠢᠯᠴᠢᠨ ᠤ ᠡᠪᠯᠡᠯ ᠤᠨ ᠠᠵᠢᠯᠲᠠᠨ ᠤ ᠨᠣᠮ ᠤᠨ ᠥᠷᠥᠭᠡ ᠶᠢᠨ ︽ᠨᠤᠮ ᠤᠩᠰᠢᠵᠦ ᠰᠤᠷᠤᠯᠴᠠᠨ ᠴᠢᠳᠠᠪᠤᠷᠢᠲᠠᠨ ᠪᠣᠯᠤᠭᠰᠠᠨ ᠠᠵᠢᠯᠲᠠᠨ︾ ᠤ ᠢᠷᠠᠭᠤ ᠠᠯᠳᠠᠷ ᠢ ᠭᠥᠷᠳᠡᠪᠡ                                               ︽ᠪᠦᠬᠦ ᠤᠯᠤᠰ ᠤᠨ ᠠᠵᠢᠯᠴᠢᠨ ᠤ ᠡᠪᠯᠡᠯ ᠤᠨ ᠠᠵᠢᠯᠲᠠᠨ ᠤ ᠨᠣᠮ ᠤᠨ ᠥᠷᠥᠭᠡ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠲᠠᠪᠤᠨ ᠵᠢᠯ ᠤᠨ ᠲᠥᠯᠦᠪᠵᠢᠭᠦᠯᠭᠡ ︵2019 —2023 ᠣᠨ︶︾ ᠶᠢ ᠦᠨᠳᠦᠰᠦᠯᠡᠨ ᠪᠥᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠨᠢ ᠠᠵᠢᠯᠲᠠᠨ ᠤ ᠨᠣᠮ ᠤᠨ ᠥᠷᠥᠭᠡ ᠶᠢᠨ ᠪᠠᠶᠢᠭᠤᠯᠤᠯᠲᠠ ᠪᠠ ᠪᠥᠬᠦ ᠤᠯᠤᠰ ᠤᠨ ᠠᠵᠢᠯᠲᠠᠨ ᠠᠵᠢᠯᠴᠢᠨ ᠤ ᠨᠤᠮ ᠤᠩᠰᠢᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠶᠠᠪᠤᠭᠳᠠᠭᠤᠯᠵᠤ᠂ 12 ᠰᠠᠷ᠎ᠠ ᠶᠢᠨ 12 ᠤᠨ ᠡᠳᠦᠷ᠂ ᠪᠥᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠠᠴᠠ ᠠᠵᠢᠯᠲᠠᠨ ᠤ ᠨᠣᠮ ᠤᠨ ᠥᠷᠥᠭᠡ ᠶᠢᠨ ᠪᠦᠲᠦᠭᠡᠨ ᠪᠠᠶᠢᠭᠤᠯᠤᠯᠲᠠ ᠶᠢᠨ ᠨᠡᠶᠢᠳᠡᠯᠢᠭ ᠵᠢᠱᠢᠶᠡᠴᠢ ᠦᠷ᠎ᠡ ᠪᠦᠲᠦᠭᠡᠯ ᠢ ᠨᠡᠶᠢᠲᠡᠯᠡᠬᠦ ᠪᠠᠷ ᠲᠣᠭᠲᠠᠪᠠ᠃ ᠡᠭᠦᠨ ᠳᠤ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠣᠷᠴᠢᠭᠤᠯᠤᠭᠴᠢ ᠲᠠᠨ᠎ᠠ ᠪᠥᠬᠦ ᠤᠯᠤᠰ ᠤᠨ ᠠᠵᠢᠯᠴᠢᠨ ᠤ ᠡᠪᠯᠡᠯ ᠤᠨ ᠠᠵᠢᠯᠲᠠᠨ ᠤ ᠨᠣᠮ ᠤᠨ ᠥᠷᠥᠭᠡ ᠶᠢᠨ ︽ᠨᠤᠮ ᠤᠩᠰᠢᠵᠦ ᠰᠤᠷᠤᠯᠴᠠᠨ ᠴᠢᠳᠠᠪᠤᠷᠢᠲᠠᠨ ᠪᠣᠯᠤᠭᠰᠠᠨ ᠠᠵᠢᠯᠲᠠᠨ︾ ᠤ ᠢᠷᠠᠭᠤ ᠠᠯᠳᠠᠷ ᠢ ᠭᠥᠷᠳᠡᠪᠡ᠃
     ᠠᠵᠢᠯᠲᠠᠨ ᠠᠵᠢᠯᠴᠢᠨ ᠤ ᠨᠣᠮ ᠤᠨ ᠦᠷᠦᠭᠡ ᠨᠢ ᠲᠡᠳᠡᠨ ᠤ ᠰᠣᠶᠣᠯ ᠤᠨ ᠦᠨᠳᠦᠰᠦᠨ ᠡᠷᠬᠡ ᠠᠰᠢᠭ ᠢ ᠪᠠᠲᠤᠯᠠᠬᠤ᠂ ᠦᠨᠳᠦᠰᠦᠨ ᠱᠠᠲᠤᠨ ᠤ ᠠᠵᠢᠯᠲᠠᠨ ᠠᠵᠢᠯᠴᠢᠨ ᠤ ᠤᠶᠤᠨ ᠤ ᠠᠮᠢᠳᠤᠷᠠᠯ ᠢ ᠪᠠᠶᠠᠯᠢᠭᠵᠢᠭᠤᠯᠬᠤ ᠴᠢᠬᠤᠯᠠ ᠰᠣᠶᠣᠯ ᠤᠨ ᠢᠨᠵᠧᠨᠧᠷᠢᠩ ᠶᠤᠮ᠃ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠠᠵᠢᠯᠲᠠᠨ ᠤ ᠨᠣᠮ ᠤᠨ ᠥᠷᠥᠭᠡ ᠪᠠᠶᠢᠭᠤᠯᠤᠭᠳᠠᠭᠰᠠᠨ ᠠᠴᠠ ᠨᠠᠰᠢ᠂ ᠬᠤᠰᠢᠭᠤ ᠠᠵᠢᠯᠴᠢᠨ ᠤ ᠶᠡᠷᠦᠩᠬᠡᠢ ᠡᠪᠯᠡᠯ ᠤᠨ ᠳᠡᠮᠵᠢᠯᠭᠡ ᠳᠣᠣᠷ᠎ᠠ᠂ ᠠᠵᠢᠯᠲᠠᠨ ᠠᠵᠢᠯᠴᠢᠨ ᠤ ᠣᠶᠤᠨ ᠤ ᠠᠮᠢᠳᠤᠷᠠᠯ ᠢ ᠪᠠᠶᠠᠯᠢᠭᠵᠢᠭᠤᠯᠬᠤ ᠪᠠᠷ ᠬᠠᠷᠠᠯᠲᠠ ᠪᠤᠯᠭᠠᠨ ᠪᠠᠶᠠᠯᠢᠭ ᠠᠭᠤᠯᠭ᠎ᠠ ᠲᠠᠢ ᠤᠩᠰᠢᠯᠭ᠎ᠠ ᠶᠢᠨ ᠠᠵᠢᠯᠯᠠᠭ᠎ᠠ ᠦᠷᠨᠢᠭᠦᠯᠦᠨ ᠠᠵᠢᠯᠳᠠᠨ ᠠᠵᠢᠯᠴᠢᠨ ᠤ ᠪᠠᠨ ᠨᠤᠮ ᠤᠩᠰᠢᠬᠤ ᠤᠷᠮ᠎ᠠ ᠪᠠᠬ᠎ᠠ ᠶᠢ ᠬᠦᠭᠵᠢᠭᠡᠨ ᠲᠠᠶᠢᠴᠢᠯᠠᠵᠦ᠂ ᠠᠵᠢᠯᠲᠠᠨ ᠤ ᠨᠣᠮ ᠤᠨ ᠥᠷᠥᠭᠡ ᠪᠠᠨ ᠨᠤᠮ ᠤᠩᠰᠢᠬᠤ᠂ ᠰᠤᠷᠴᠤ ᠪᠤᠯᠪᠠᠰᠤᠷᠠᠬᠤ᠂ ᠰᠢᠨ᠎ᠡ ᠮᠡᠳᠡᠯᠭᠡ ᠶᠢ ᠲᠦᠭᠡᠭᠡᠨ ᠲᠡᠯᠭᠡᠷᠡᠭᠦᠯᠬᠦ ᠴᠢᠬᠤᠯᠠ ᠲᠠᠪᠴᠠᠩ ᠪᠣᠯᠭᠠᠨ ᠠᠰᠢᠠᠠᠯᠠᠵᠦ ᠢᠷᠡᠭᠰᠡᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号