ᠠᠷᠪᠠᠳᠤᠭᠠᠷ ᠬᠤᠭᠤᠴᠠᠭᠠᠨ ᠤ ᠰᠢᠯᠢ ᠶᠢᠨ ᠭᠤᠣᠯ ᠠᠶᠢᠮᠠᠭ ᠤᠨ ︽ᠦᠵᠦᠮᠦᠴᠢᠨ ᠢᠷᠦᠭᠡᠯ ᠮᠠᠭᠲᠠᠭᠠᠯ︾  ᠤᠨ ᠤᠷᠤᠯᠳᠤᠭᠠᠨ ᠪᠠᠷᠠᠭᠤᠨ ᠦᠵᠦᠮᠦᠴᠢᠨ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/12/18
       ᠠᠷᠪᠠᠳᠤᠭᠠᠷ ᠬᠤᠭᠤᠴᠠᠭᠠᠨ ᠤ ᠰᠢᠯᠢ ᠶᠢᠨ ᠭᠤᠣᠯ ᠠᠶᠢᠮᠠᠭ ᠤᠨ ︽ᠦᠵᠦᠮᠦᠴᠢᠨ ᠢᠷᠦᠭᠡᠯ ᠮᠠᠭᠲᠠᠭᠠᠯ︾  ᠤᠨ ᠤᠷᠤᠯᠳᠤᠭᠠᠨ ᠪᠠᠷᠠᠭᠤᠨ ᠦᠵᠦᠮᠦᠴᠢᠨ ᠬᠤᠰᠢᠭᠤᠨ ᠳᠤ ᠶᠠᠪᠤᠭᠳᠠᠪᠠ                                              12 ᠰᠠᠷ᠎ᠠ ᠶᠢᠨ 12   ᠤ ᠡᠳᠦᠷ᠂ ᠠᠷᠪᠠᠳᠤᠭᠠᠷ ᠬᠤᠭᠤᠴᠠᠭᠠᠨ ᠤ ᠰᠢᠯᠢ ᠶᠢᠨ ᠭᠤᠣᠯ ᠠᠶᠢᠮᠠᠭ  ᠤᠨ ︽ᠦᠵᠦᠮᠦᠴᠢᠨ ᠢᠷᠦᠭᠡᠯ ᠮᠠᠭᠲᠠᠭᠠᠯ︾  ᠤᠨ ᠤᠷᠤᠯᠳᠤᠭᠠᠨ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ  ᠨᠡᠪᠲᠡᠷᠡᠭᠦᠯᠭᠡ ᠶᠢᠨ ᠲᠢᠩᠬᠢᠮ ᠳᠤ ᠶᠠᠪᠤᠭᠳᠠᠪᠠ᠃      ᠲᠣᠰ ᠤᠳᠠᠭᠠᠨ ᠤ ᠤᠷᠤᠯᠳᠤᠭᠠᠨ ᠢ ᠰᠢᠯᠢ ᠶᠢᠨ ᠭᠤᠣᠯ ᠠᠶᠢᠮᠠᠭ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠪ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠭᠦᠯᠦᠯᠲᠡ ᠶᠢᠨ ᠲᠥᠪ ᠠᠴᠠ  ᠳᠠᠭᠠᠭᠠᠴᠢᠯᠠᠨ ᠡᠷᠭᠢᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠢᠷᠦᠭᠡᠯ ᠮᠠᠭᠲᠠᠭᠠᠯ ᠤᠨ ᠨᠡᠶᠢᠭᠡᠮᠯᠢᠭ᠂ ᠡᠯ᠎ᠡ ᠬᠤᠰᠢᠭᠤ ᠰᠢᠶᠠᠨ ᠬᠤᠲᠠ ︵ᠲᠣᠭᠤᠷᠢᠭ ︶ ᠶᠢᠨ ᠰᠣᠶᠣᠯ ᠤᠨ ᠣᠷᠳᠣᠨ ᠬᠠᠮᠵᠢᠯᠴᠠᠨ ᠡᠷᠭᠢᠯᠡᠪᠡ᠃      ᠤᠷᠤᠯᠳᠤᠭᠠᠨ ᠢ ᠠᠩᠬᠠᠨ ᠤ ᠤᠷᠤᠯᠳᠤᠭᠠᠨ ᠪᠠ ᠰᠢᠢᠳᠪᠦᠷᠢᠲᠦ ᠤᠷᠤᠯᠳᠤᠭᠠᠨ ᠭᠡᠵᠦ ᠬᠤᠪᠢᠶᠠᠨ᠂ ᠠᠩᠬᠠᠨ ᠤ ᠤᠷᠤᠯᠳᠤᠭᠠᠨ ᠢ ᠰᠦᠯᠵᠢᠶᠡᠨ ᠤ ᠰᠢᠯᠭᠠᠷᠠᠭᠤᠯᠤᠯᠲᠠ ᠪᠠᠷ ᠶᠠᠪᠤᠭᠳᠠᠭᠤᠯᠵᠣ᠂ ᠰᠢᠢᠳᠪᠦᠷᠢᠲᠦ ᠤᠷᠤᠯᠳᠤᠭᠠᠨ ᠢ ᠲᠤᠬᠠᠢ ᠶᠢᠨ ᠲᠠᠯᠠᠪᠤᠷ ᠲᠤ ᠬᠤᠪᠢ ᠥᠭᠴᠦ ᠰᠢᠯᠭᠠᠷᠠᠭᠤᠯᠵᠤ  ᠂ ᠲᠣᠮᠣᠴᠣᠣᠯ ᠤᠨ ᠳᠤᠭᠤᠶᠢᠯᠠᠩ ᠪᠠ  ᠪᠠᠭᠠᠴᠤᠳ ᠤᠨ ᠳᠤᠭᠤᠶᠢᠯᠠᠩ ᠭᠡᠵᠦ  ᠬᠤᠪᠢᠶᠠᠨ᠂ ᠨᠡᠶᠢᠲᠡ 24  ᠬᠦᠮᠦᠨ  ᠰᠢᠢᠳᠪᠦᠷᠢᠲᠦ ᠤᠷᠤᠯᠳᠤᠭᠠᠨ ᠳᠤ ᠣᠷᠣᠯᠴᠠᠪᠠ᠃    ᠬᠤᠷᠴᠠ ᠰᠢᠷᠦᠭᠦᠨ ᠥᠷᠢᠰᠦᠯᠳᠦᠭᠡᠨ ᠢᠶᠠᠷ ᠳᠠᠮᠵᠢᠨ᠂ ᠲᠣᠮᠣᠴᠣᠣᠯ ᠤᠨ ᠳᠤᠭᠤᠶᠢᠯᠠᠩ ᠤᠨ ᠨᠢᠭᠡᠳᠦᠭᠡᠷ ᠳᠡᠰ ᠲᠤ ᠵᠡᠭᠦᠨ ᠦᠵᠦᠮᠦᠴᠢᠨ ᠬᠤᠰᠢᠭᠤᠨ ᠤ ᠣᠷᠣᠯᠴᠠᠭᠴᠢ ᠪᠥᠬᠡᠨᠷᠳᠡᠨᠢ ᠲᠣᠳᠣᠷᠠᠵᠣ᠂ ᠵᠡᠭᠦᠨ ᠦᠵᠦᠮᠦᠴᠢᠨ ᠬᠤᠰᠢᠭᠤᠨ ᠤ ᠠᠳᠢᠶ᠎ᠠ᠂ ᠤᠯᠠᠭᠠᠢ ᠬᠠᠮᠢᠶᠠᠷᠤᠯᠲᠠ ᠶᠢᠨ ᠣᠷᠣᠨ ᠤ ᠰᠣᠶᠣᠯᠲᠣ ᠬᠤᠶᠠᠳᠤᠭᠠᠷ ᠳᠡᠰ ᠲᠤ ᠲᠣᠳᠣᠷᠠᠵᠣ᠂ ᠠᠯᠲᠠᠨᠪᠣᠯᠣᠳ᠂ ᠪᠣᠶᠠᠨᠳᠠᠯᠠᠢ᠂  ᠪᠥᠬᠡᠪᠠᠶᠠᠷ ᠵᠡᠷᠭᠡ ᠣᠷᠣᠯᠴᠠᠭᠰᠠᠳ ᠭᠤᠷᠪᠠᠳᠤᠭᠠᠷ ᠳᠡᠰ ᠲᠤ ᠲᠣᠳᠣᠷᠠᠨ᠂ ᠮᠥᠩᠬᠡᠪᠠᠭᠠᠲᠤᠷ᠂ ᠪᠢᠯᠢᠭᠦᠨᠳᠠᠯᠠᠢ᠂  ᠡᠳ᠋ᠶᠢᠨᠬᠡᠰᠢᠭᠬᠦ᠋ᠯᠢᠶᠡᠭᠴᠢ  ᠂ ᠡᠷᠳᠡᠨᠢᠬᠡᠰᠢᠭ᠂ ᠰ᠊ ᠢᠯᠠᠯᠲᠠ ᠨᠠᠷ  ᠰᠢᠯᠢᠳᠡᠭ ᠱᠠᠩᠨᠠᠯ ᠢ ᠭᠥᠷᠳᠡᠪᠡ᠃    ᠪᠠᠭᠠᠴᠤᠳ ᠤᠨ ᠳᠤᠭᠤᠶᠢᠯᠠᠩ ᠤᠨ ᠨᠢᠭᠡᠳᠦᠭᠡᠷ ᠳᠡᠰ ᠲᠤ ᠪᠠᠷᠠᠭᠤᠨ ᠦᠵᠦᠮᠦᠴᠢᠨ ᠬᠤᠰᠢᠭᠤᠨ ᠤ ᠣᠷᠣᠯᠴᠠᠭᠴᠢ ᠣᠶᠠᠩᠭ᠎ᠠ ᠲᠣᠳᠣᠷᠠᠵᠣ᠂ ᠵᠡᠭᠦᠨ ᠦᠵᠦᠮᠦᠴᠢᠨ ᠬᠤᠰᠢᠭᠤᠨ ᠤ ᠣᠷᠣᠯᠴᠠᠭᠴᠢ ᠲᠣᠭᠲᠣᠮ᠎ᠠ᠂  ᠨᠣᠷᠵᠢᠮ᠎ᠠ ᠲᠣᠰ ᠲᠣᠰ ᠬᠤᠶᠠᠳᠤᠭᠠᠷ ᠳᠡᠰ ᠲᠤ  ᠲᠣᠳᠣᠷᠠᠵᠣ᠂ ᠳᠣᠷᠠᠰᠣᠮᠵᠢ᠂ ᠦᠢᠯᠡᠰ᠂ ᠡᠩᠬᠡᠪᠠᠶᠠᠷ ᠲᠣᠰ ᠲᠣᠰ ᠭᠤᠷᠪᠠᠳᠤᠭᠠᠷ ᠳᠡᠰ ᠲᠤ ᠲᠣᠳᠣᠷᠠᠨ᠂  ᠣᠷᠢᠬᠠᠨ᠂  ᠬᠦᠰᠡᠯᠵᠠᠶᠠᠭ᠎ᠠ᠂  ᠠᠮᠵᠢᠯᠲᠠ᠂  ᠴᠡᠴᠡᠭᠮ᠎ᠠ᠂ ᠴᠢᠳᠡᠷ᠂  ᠨᠠᠪᠴᠢᠮ᠎ᠠ ᠨᠠᠷ ᠰᠢᠯᠢᠳᠡᠭ ᠱᠠᠩᠨᠠᠯ ᠬᠦᠷᠲᠡᠵᠡᠢ᠃     ᠲᠤᠰ  ᠣᠳᠠᠭᠠᠨ ᠤ  ︽ᠦᠵᠦᠮᠦᠴᠢᠨ ᠢᠷᠦᠭᠡᠯ ᠮᠠᠭᠲᠠᠭᠠᠯ︾  ᠤᠨ ᠤᠷᠤᠯᠳᠤᠭᠠᠨ ᠨᠢ   ᠪᠣᠳᠠᠰ ᠤᠨ ᠪᠣᠰᠣ ᠰᠣᠶᠣᠯ ᠤᠨ ᠥᠪ ᠤᠨ ᠨᠢᠭᠡᠨ ᠲᠥᠷᠦᠯ ᠪᠣᠯᠬᠤ  ︽ᠢᠷᠦᠭᠡᠯ ᠮᠠᠭᠲᠠᠭᠠᠯ  ︾ ᠢ ᠥᠪᠯᠡᠨ ᠣᠯᠠᠮᠵᠢᠯᠠᠬᠤ ᠲᠡᠳᠦᠢ ᠦᠭᠡᠢ᠂ ᠢᠷᠦᠭᠡᠯ ᠮᠠᠭᠲᠠᠭᠠᠯ ᠳᠤ ᠪᠠᠭ᠋ᠠᠲᠠᠢ ᠬᠥᠮᠥᠰ ᠲᠤ ᠥᠪᠡᠷ ᠢ ᠪᠠᠨ ᠳᠡᠯᠭᠡᠨ ᠦᠵᠡᠭᠦᠯᠬᠦ ᠲᠠᠪᠴᠠᠩ ᠬᠠᠩᠭᠠᠵᠤ᠂ ᠤᠷᠤᠯᠳᠤᠭᠠᠨ ᠢᠶᠠᠷ ᠳᠠᠮᠵᠢᠨ ᠣᠷᠣᠯᠴᠠᠭᠰᠠᠳ ᠬᠠᠷᠢᠯᠴᠠᠨ ᠰᠣᠷᠣᠯᠴᠠᠨ᠂  ᠤᠷ᠎ᠠ ᠮᠡᠷᠭᠡᠵᠢᠯ  ᠢᠶᠠᠨ  ᠳᠡᠭᠡᠭᠰᠢᠯᠡᠭᠦᠯᠬᠦ ᠳᠤ ᠴᠢᠬᠤᠯᠠ ᠦᠢᠯᠡᠳᠦᠯ  ᠦᠵᠡᠭᠦᠯᠦᠭᠰᠡᠨ ᠪᠠᠶᠢᠨ᠎ᠠ  ᠃                                                    
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号