ᠪᠠᠯᠭᠠᠷ ᠨᠡᠶᠢᠭᠡᠮ ᠲᠣᠭᠤᠷᠢᠭ ᠪᠠᠷᠠᠭᠤᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/18
ᠪᠠᠯᠭᠠᠷ ᠨᠡᠶᠢᠭᠡᠮ ᠲᠣᠭᠤᠷᠢᠭ ᠪᠠᠷᠠᠭᠤᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ                              ︽ᠤᠮᠠᠷᠠᠲᠤ ᠶᠢᠨ ᠥᠯᠢᠭᠡᠷ ᠳᠠᠭᠤᠷᠢᠶᠠᠯ︾ ᠤᠨ ᠦᠶᠯᠡ ᠠᠵᠢᠯᠯᠠᠭ᠎ᠠ ᠶᠢ ᠭᠦᠨᠵᠡᠭᠡᠢ ᠰᠤᠷᠤᠯᠴᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠤᠨ᠂ ᠥᠷᠭᠡᠨ ᠣᠯᠠᠨ ᠨᠠᠮ ᠤᠨ ᠭᠡᠰᠢᠭᠦᠨ᠂ ᠨᠡᠶᠢᠭᠡᠮ ᠲᠣᠭᠤᠷᠢᠭ ᠤᠨ ᠠᠵᠢᠯᠲᠠᠨ ᠪᠠ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠲᠡᠷᠢᠭᠦᠨ ᠤ ᠬᠢ ᠠᠴᠠ ᠰᠤᠷᠤᠯᠴᠠᠵᠤ᠂  ᠬᠠᠮᠲᠤᠪᠡᠷ ᠣᠷᠣᠭᠰᠢᠯᠠᠨ ᠲᠠᠪᠰᠢᠬᠤ ᠶᠢ ᠳᠠᠶᠢᠴᠢᠯᠠᠬᠤ ᠶᠢᠨ  ᠲᠤᠰᠠᠲᠠ᠂ 12 ᠰᠠᠷ᠎ᠠ ᠶᠢᠨ 13 ᠤ ᠡᠳᠦᠷ᠂ ᠪᠠᠯᠭᠠᠷ ᠨᠡᠶᠢᠭᠡᠮ ᠲᠣᠭᠤᠷᠢᠭ ᠨᠢ ︽ᠤᠮᠠᠷᠠᠲᠤ ᠶᠢᠨ ᠥᠯᠢᠭᠡᠷ ᠳᠠᠭᠤᠷᠢᠶᠠᠯ︾ ᠪᠠᠷᠠᠭᠤᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠲᠡᠷᠢᠭᠦᠨ ᠤ ᠦᠶᠯᠡ ᠠᠵᠢᠯᠯᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃   ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠭᠡᠰᠢᠭᠦᠳ ᠶᠡᠭᠡ ᠠᠩᠭᠢ ᠶᠢᠨ ᠦᠨᠳᠦᠰᠦᠨ ᠪᠠᠶᠢᠳᠠᠯ ᠢ ᠲᠠᠨᠢᠯᠴᠠᠭᠤᠯᠵᠤ᠂ ᠬᠥᠮᠥᠰ ᠤᠨ ᠰᠡᠳᠬᠢᠯ  ᠢ ᠬᠥᠳᠡᠯᠭᠡᠮ᠎ᠡ ᠦᠯᠢᠭᠡᠷ ᠤᠳ  ᠢᠶᠠᠷ ᠳᠠᠮᠵᠢᠭᠤᠯᠤᠨ ᠶᠡᠭᠡ ᠠᠩᠭᠢ  ᠶᠢᠨ ᠨᠢᠭᠡᠳᠦᠭᠡᠷ ᠹᠷᠣᠨᠲ ᠲᠤ ᠦᠨᠳᠦᠰᠦᠯᠡᠵᠦ᠂ ᠴᠤᠴᠠᠯᠲᠠ ᠦᠭᠡᠢ ᠴᠢᠷᠮᠠᠶᠢᠬᠤ ᠡᠷᠬᠢᠮ  ᠳᠡᠭᠡᠳᠦ ᠵᠤᠷᠢᠭ ᠰᠠᠨᠠᠭ᠎ᠠ ᠶᠢ  ᠤᠬᠠᠭᠤᠯᠤᠨ  ᠲᠠᠶᠢᠯᠪᠤᠷᠢᠯᠠᠬᠤ ᠶᠢᠨ ᠬᠠᠮᠳᠤ ᠢᠲᠡᠭᠡᠯ ᠪᠢᠰᠢᠷᠡᠯ ᠢᠶᠠᠷ ᠢᠶᠠᠨ ᠦᠨᠡᠨᠴᠢ ᠰᠢᠳᠤᠷᠭᠤ ᠶᠢ ᠪᠢᠴᠢᠭᠯᠡᠬᠦ᠂  ᠰᠢᠷᠭᠠᠭᠤ ᠬᠠᠲᠠᠭᠤᠵᠢᠯ ᠢᠶᠠᠷ ᠬᠠᠷᠢᠭᠤᠴᠠᠯᠭ᠎ᠠ ᠡᠭᠦᠷᠭᠡᠯᠡᠬᠦ ᠶᠢ  ᠭᠦᠢᠴᠡᠳᠭᠡᠬᠦ ᠡᠷᠬᠢᠮ ᠳᠡᠭᠡᠳᠦ ᠵᠣᠷᠢᠭ ᠰᠠᠨᠠᠭ᠎ᠠ ᠵᠢᠴᠢ ︽ ᠲᠡᠰᠪᠦᠷᠢ ᠬᠠᠳᠠᠭᠤᠵᠢᠯᠲᠠᠢ᠂  ᠴᠤᠴᠠᠯᠲᠠ ᠦᠭᠡᠢ ᠤᠷᠤᠭᠰᠢᠯᠠᠵᠤ  ᠂ ᠵᠤᠷᠢᠭᠰᠠᠨ ᠳᠠᠭᠠᠨ ᠵᠠᠪᠠᠯ ᠬᠦᠷᠬᠦ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠦᠯᠢᠭᠡᠷ ᠳᠠᠭᠤᠷᠢᠶᠠᠯ ᠤᠨ ᠬᠦᠴᠦᠨ ᠢ ᠤᠯᠠᠮᠵᠢᠯᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠰᠠᠶᠢᠲᠤᠷ ᠪᠦᠲᠦᠭᠡᠨ ᠪᠠᠶᠢᠭᠤᠯᠬᠤ ᠳᠤ ᠲᠠᠰᠤᠷᠠᠯᠲᠠ ᠦᠭᠡᠢ ᠬᠤᠪᠢ ᠨᠡᠮᠡᠷᠢ ᠦᠵᠡᠭᠦᠯᠬᠦ  ᠲᠤᠬᠠᠢ ᠨᠠᠷᠢᠯᠢᠭ ᠪᠤᠳᠠᠳᠠᠢ ᠲᠠᠶᠢᠯᠪᠦᠷᠢᠯᠠᠵᠠᠢ᠃     ᠡᠶᠢᠨᠬᠦ 38 ᠵᠢᠯ ᠤᠨ ᠲᠤᠷᠰᠢ᠂ ᠲᠡᠳᠡ ᠭᠠᠯ   ᠭᠠᠮᠰᠢᠭ ᠢ ᠰᠦᠷᠦᠨ᠂ ᠠᠶᠤᠯ ᠲᠦᠭᠰᠢᠭᠦᠷᠢ ᠠᠴᠠ ᠠᠶᠤᠬᠤ ᠦᠭᠡᠢ᠂ ᠡᠮᠦᠨ᠎ᠡ ᠨᠢ ᠭᠠᠪᠰᠢᠭᠠᠶᠢᠯᠠᠨ ᠤᠷᠤᠭᠰᠢᠯᠠᠵᠤ᠂ ᠠᠷᠠᠳ ᠣᠯᠠᠨ ᠤ ᠬᠠᠮᠤᠭ ᠤᠨ ᠬᠡᠷᠡᠭᠴᠡᠭᠡ ᠲᠠᠢ ᠭᠠᠵᠠᠷ ᠲᠤ ᠢᠮᠠᠭᠲᠠ ᠡᠷᠡᠯᠬᠡᠭᠯᠡᠨ ᠪᠠᠶᠢᠯᠳᠤᠭᠰᠠᠭᠠᠷ ᠢᠷᠡᠭᠰᠡᠨ ᠢᠶᠠᠷ ᠤᠷᠢᠳ ᠬᠤᠵᠢᠳ ︽ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ  ᠪᠠᠶᠢᠭᠤᠯᠭ᠎ᠠ ᠶᠢᠨ ᠠᠷᠠᠳ ᠢᠶᠠᠨ ᠬᠠᠶᠢᠷᠠᠯᠠᠭᠰᠠᠨ ᠵᠢᠱᠢᠶᠡᠴᠢ ᠬᠠᠮᠲᠤ  ᠨᠢᠭᠡᠴᠡ︾ ︽ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠰᠢᠯᠢᠳᠡᠭ ᠦᠨᠳᠦᠰᠦᠨ ᠱᠠᠲᠤᠨ ᠤ  ᠬᠠᠮᠳᠤ ᠨᠢᠭᠡᠴᠡ︾ ︽ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ  ᠨᠢᠭᠡᠴᠡ︾ ︽ᠪᠥᠬᠦ ᠣᠷᠣᠨ ᠤ ᠵᠠᠯᠠᠭᠤᠴᠤᠳ ᠤᠨ ᠲᠠᠪᠤᠨ ᠰᠠᠷ᠎ᠠ ᠶᠢᠨ ᠳᠥᠷᠪᠡᠨ ᠤ  ᠰᠢᠯᠢᠳᠡᠭ‌ᠬᠠᠮᠲᠤ ᠨᠢᠭᠡᠴᠡ︾ ᠵᠡᠷᠭᠡ ᠢᠷᠠᠭᠤ ᠠᠯᠳᠠᠷ ᠢ ᠭᠥᠷᠳᠡᠪᠡ᠃   ᠲᠤᠬᠠᠢ ᠶᠢᠨ ᠲᠠᠯᠠᠪᠠᠶ ᠳᠤ ᠪᠠᠰᠠ ︽︿ᠤᠮᠠᠷᠠᠲᠤ ᠶᠢᠨ ᠥᠯᠢᠭᠡᠷ ᠳᠠᠭᠤᠷᠢᠶᠠᠯ﹀ ᠪᠠᠷᠠᠭᠤᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠲᠡᠷᠢᠭᠦᠨ ᠤ ᠦᠶᠯᠡ ᠠᠵᠢᠯᠯᠠᠭ᠎ᠠ ᠶᠢ ᠨᠡᠶᠢᠲᠡᠯᠡᠬᠦ ᠬᠤᠷᠠᠯ︾ ᠪᠠ  ᠬᠤᠰᠢᠭᠤ  ᠭᠠᠯ ᠤᠨᠲᠠᠷᠠᠭᠠᠬᠤ ᠶᠡᠭᠡ ᠠᠩᠭᠢ ᠶᠢᠨ ︽ᠴᠡᠷᠢᠭ ᠠᠷᠠᠳ ᠤᠨ ᠵᠢᠭᠠᠰᠤ ᠤᠰᠤᠨ ᠤ ᠬᠠᠷᠢᠴᠠᠭ᠎ᠠ︾ ᠵᠡᠷᠭᠡ ᠣᠬᠤᠷ ᠹᠢᠯᠢᠮ ᠢ  ᠰᠤᠨᠢᠷᠬᠠᠪᠠ᠃     ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠪᠠᠷ ᠳᠡᠮᠵᠢᠨ᠂ ︽ᠤᠮᠠᠷᠠᠲᠤ ᠬᠢᠯᠢ ᠶᠢᠨ ᠥᠯᠢᠭᠡᠷ ᠳᠠᠭᠤᠷᠢᠶᠠᠯ︾ ᠪᠠᠷᠠᠭᠤᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠲᠡᠷᠢᠭᠦᠨ ᠤ ᠦᠶᠯᠡ ᠠᠵᠢᠯᠯᠠᠭ᠎ᠠ ᠨᠢ ᠨᠠᠮ ᠤᠨ ᠭᠡᠰᠢᠭᠦᠨ ᠣᠯᠠᠨ ᠲᠦᠮᠡᠨ ᠨᠢᠭᠡᠪᠦᠷᠢ ᠶᠢ ᠨᠥᠯᠥᠭᠡᠯᠡᠵᠦ᠂ ᠣᠯᠠᠨ ᠲᠥᠮᠡᠨ ᠤ ᠳᠣᠮᠳᠠ ᠴᠢᠩᠭ᠎ᠠ ᠲᠤᠰᠬᠠᠯ ᠭᠠᠷᠭᠠᠪᠠ᠃ ᠣᠯᠠᠨ ᠢᠶᠠᠷ ᠢᠶᠠᠨ  ᠂ ᠪᠠᠷᠠᠭᠤᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠡᠨᠡᠬᠦ ᠬᠦᠰᠡᠯᠡᠩ ᠢᠲᠡᠭᠡᠯ ᠪᠢᠰᠢᠷᠡᠯ ᠤᠨ ᠲᠥᠯᠥᠭᠡ ᠡᠷᠡᠯᠭᠡᠭᠡᠯᠡᠨ ᠲᠡᠮᠡᠴᠡᠵᠦ᠂ ᠬᠦᠴᠢᠷ ᠪᠡᠷᠬᠡᠰᠢᠶᠡᠯ ᠲᠠᠢ ᠪᠣᠯᠬᠤ ᠲᠤᠲᠤᠮ ᠲᠡᠮᠡᠤᠯᠦᠨ ᠤᠷᠤᠭᠰᠢᠯᠠᠬᠤ ᠥᠯᠢᠭᠡᠷ ᠳᠠᠭᠤᠷᠢᠶᠠᠯ ᠵᠢᠱᠢᠶᠡᠴᠢ  ᠠᠴᠠ ᠰᠤᠷᠤᠯᠴᠠᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠠᠴᠠ ᠥᠯᠢᠭᠡᠷ ᠳᠠᠭᠤᠷᠢᠶᠠᠯ ᠤᠨ ᠬᠦᠴᠦᠨ ᠢ ᠰᠢᠩᠭᠡᠬᠡᠨ ᠠᠪᠴᠤ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠬᠢᠵᠢᠬᠦᠯᠦᠨ᠂ ᠲᠤᠯᠭᠤᠷ ᠵᠣᠷᠢᠯᠲᠠ ᠪᠠᠨ ᠮᠠᠷᠲᠠᠯ ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠣᠯᠠᠨ ᠲᠦᠮᠡᠨ ᠤ ᠳᠡᠷᠭᠡᠳᠡᠬᠢ ᠪᠠᠴᠢᠮ ᠪᠡᠷᠬᠡ ᠵᠣᠪᠠᠭᠤᠷᠢ ᠵᠦᠳᠡᠭᠦᠷᠢ ᠲᠠᠢ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠪᠠ  ᠪᠦᠬᠦ  ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ  ᠭᠡᠵᠡᠭᠡᠵᠠᠢ᠃    ᠪᠠᠯᠭᠠᠷ ᠨᠡᠶᠢᠭᠡᠮ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠭᠡᠰᠢᠭᠦᠨ ᠵᠤᠤ ᠴᠧᠨ ᠭᠤᠸᠠᠩ᠄ ︽ ᠤᠮᠠᠷᠠᠲᠤ  ᠶᠢᠨ ᠦᠯᠢᠬᠡᠷ ᠳᠠᠭᠤᠷᠢᠶᠠᠯ ᠪᠣᠯᠬᠤ ᠪᠠᠷᠠᠭᠤᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠲᠡᠷᠢᠭᠦᠨ ᠤ ᠦᠢᠯᠡ ᠠᠵᠢᠯᠯᠠᠭ᠎ᠠ ᠨᠢ ᠬᠥᠮᠥᠰ ᠤᠨ ᠰᠡᠳᠬᠢᠯ ᠢ ᠬᠥᠳᠡᠯᠭᠡᠵᠦ᠂ ᠬᠥᠮᠥᠰ ᠤᠨ ᠰᠡᠳᠬᠢᠯ ᠢ ᠳᠣᠭᠳᠣᠯᠤᠭᠤᠯᠵᠤ᠂ ᠬᠥᠮᠥᠰ ᠢ ᠤᠷᠮᠠᠰᠢᠭᠤᠯᠤᠨ ᠵᠣᠷᠢᠭᠵᠢᠭᠤᠯᠵᠠᠢ᠃ ᠨᠡᠶᠢᠭᠡᠮ ᠲᠣᠭᠤᠷᠢᠭ ᠤᠨ ᠠᠵᠢᠯᠲᠠᠨ ᠪᠣᠯᠤᠭᠰᠠᠨ ᠤ ᠬᠤᠪᠢ ᠳᠤ᠂ ᠪᠢ ᠦᠯᠢᠭᠡᠷ ᠳᠠᠭᠤᠷᠢᠶᠠᠯ ᠠᠴᠠ ᠰᠤᠷᠤᠯᠴᠠᠨ᠂ ᠥᠪᠡᠷ ᠤᠨ ᠤᠯᠤᠰ ᠲᠦᠷᠦ ᠶᠢᠨ ᠤᠨᠤᠯ ᠤᠨ ᠲᠦᠪᠰᠢᠨ ᠪᠣᠯᠣᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ  ᠬᠢᠵᠦ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠲᠠᠢ ᠬᠠᠷᠢᠯᠴᠠᠨ ᠠᠭᠤᠰᠤᠯᠴᠠᠭᠤᠯᠵᠤ᠂ ᠰᠢᠨ᠎ᠡ ᠠᠶᠠᠨ ᠵᠠᠮ ᠳᠤ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ  ᠪᠠᠷ  ᠰᠠᠭᠤᠭᠠᠯᠢ ᠠᠷᠠᠳ ᠤᠯᠠᠨ ᠲᠦᠮᠡᠨ ᠤ ᠪᠠᠴᠢᠮᠳᠠᠨ ᠵᠣᠪᠠᠨᠢᠵᠤ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ᠂ ᠰᠠᠭᠤᠭᠠᠯᠢ ᠠᠷᠠᠳ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠠᠷ ᠴᠢᠷᠮᠠᠶᠢᠨ ᠠᠵᠢᠯᠯᠠᠨ᠎ᠠ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号