ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ 74 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/18
ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ 74 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ                                        12 ᠰᠠᠷ᠎ᠠ ᠶᠢᠨ 12 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠮᠥᠩᠭᠦᠨᠱᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ 74 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ 12 ᠰᠠᠷ᠎ᠠ ᠶᠢᠨ 8 ᠤ ᠡᠳᠦᠷ ᠬᠤᠷᠠᠯᠳᠤᠭᠰᠠᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠲᠥᠪ ᠤᠨ ᠳᠡᠰ ᠳᠠᠪᠬᠤᠷᠭ᠎ᠠ ᠶᠢᠨ ᠬᠡᠯᠪᠡᠷᠢ ᠶᠢᠨ ᠦᠵᠡᠯ ᠢᠶᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢᠨ ᠬᠤᠷᠠᠯ ᠤᠨ ᠵᠣᠷᠢᠭ ᠰᠠᠨᠠᠭ᠎ᠠ᠂ ᠪᠦᠬᠦ ᠣᠷᠣᠨ ᠤ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠡᠷᠬᠢᠯᠡᠨ ᠬᠤᠷᠠᠯᠳᠤᠭᠤᠯᠤᠭᠰᠠᠨ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠲᠤᠬᠠᠢ ᠶᠠᠷᠢᠯᠴᠠᠬᠤ ᠬᠤᠷᠠᠯ ᠪᠣᠯᠣᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ  ᠶᠢ ᠭᠦᠨᠵᠡᠭᠡᠢ ᠠᠬᠢᠭᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠠᠷᠪᠠᠳᠠᠬᠢ ᠤᠯᠤᠰ ᠤᠨ ᠦᠨᠳᠦᠰᠦᠨ ᠬᠠᠤᠯᠢ ᠶᠢᠨ ᠡᠳᠦᠷ᠂ ᠱᠠᠨ ᠰᠢ ᠶᠢᠨ ᠯᠢᠦᠢ ᠯᠢᠶᠠᠩ ᠬᠤᠲᠠ ᠶᠢᠨ ᠶᠦᠩ ᠵᠢᠦᠢ ᠨᠡᠭᠦᠷᠡᠰᠦᠨ ᠠᠭᠤᠷᠬᠠᠢ ᠶᠢᠨ ᠭᠠᠯ ᠠᠯᠳᠠᠭᠰᠠᠨ ᠬᠡᠷᠡᠭ ᠪᠣᠯᠣᠨ ᠪᠡᠭᠡᠵᠢᠩ ᠾᠧᠪᠧᠢ ᠶᠢᠨ ᠭᠠᠮᠰᠢᠭ ᠤᠨ ᠳᠠᠷᠠᠭᠠᠬᠢ ᠰᠡᠷᠭᠦᠭᠡᠨ  ᠪᠦᠲᠦᠭᠡᠨ ᠪᠠᠶᠢᠭᠤᠯᠬᠤ ᠠᠵᠢᠯ ᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠦᠨ ᠱᠤᠤ ᠴᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠨᠣᠯ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ ᠤᠨ 2023 ᠣᠨ ᠤ ᠠᠷᠪᠠᠨ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠤᠭᠤᠲᠤ ᠬᠤᠳᠠ ᠪᠣᠯᠣᠨ ᠤᠯᠠᠭᠠᠨᠬᠠᠳᠠ ᠬᠤᠳᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠱᠠᠭᠠᠷᠳᠠᠭᠰᠠᠨ ᠨᠢ᠂ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠮᠥᠩᠭᠦᠨ ᠭᠦᠢᠯᠭᠡᠭᠡᠨ ᠤ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠰᠤᠳᠤᠯᠤᠨ᠂ ᠪᠡᠯᠡ ᠮᠥᠩᠭᠦ ᠶᠢᠨ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠠᠵᠤ ᠠᠬᠤᠶᠢᠯᠠᠯ᠂ ᠴᠢᠬᠤᠯᠠ ᠶᠡᠭᠡ ᠲᠦᠷᠦᠯ ᠵᠦᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠮᠥᠩᠭᠦᠨ ᠭᠦᠢᠯᠭᠡᠭᠡᠨ ᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠭᠤᠶᠢᠪᠢᠰᠢ ᠦᠭᠡᠢ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ᠃ 12 ᠰᠠᠷ᠎ᠠ ᠶᠢᠨ 8 ᠤ ᠡᠳᠦᠷ ᠬᠤᠷᠠᠯᠳᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠣᠳᠣᠬᠠᠨ ᠤ ᠠᠵᠤ ᠠᠬᠤᠢ ᠶᠢᠨ ᠬᠡᠯᠪᠡᠷᠢ ᠶᠢᠨ ᠲᠤᠬᠠᠢ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠪᠠᠨ ᠴᠢᠩᠭᠠᠳᠬᠠᠨ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠵᠤ᠂ ᠪᠥᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ᠃  ᠢᠷᠡᠬᠦ ᠵᠢᠯ ᠤᠨ ᠠᠵᠢᠯ  ᠢᠶᠠᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠬᠠᠮᠢᠶ᠎ᠠ ᠪᠦᠬᠦᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠰᠤᠳᠤᠯᠤᠨ ᠨᠡᠪᠲᠡᠷᠡᠲᠡᠯ᠎ᠡ ᠣᠶᠢᠯᠠᠭᠠᠵᠤ᠂ ᠲᠥᠷᠥᠯ ᠵᠦᠢᠯ ᠤᠨ ᠪᠡᠯᠡ ᠮᠥᠩᠭᠦ ᠶᠢ ᠢᠳᠡᠪᠬᠢᠲᠡᠢ ᠲᠡᠮᠡᠴᠡᠨ ᠣᠯᠵᠤ᠂ ᠢᠷᠡᠬᠦ ᠵᠢᠯ ᠤᠨ ᠭᠤᠣᠯᠳᠠᠯᠭ᠎ᠠ ᠲᠠᠢ ᠠᠵᠢᠯ ᠪᠠ ᠭᠤᠣᠯᠳᠠᠯᠭ᠎ᠠ ᠲᠠᠢ ᠲᠥᠷᠥᠯ ᠵᠦᠢᠯ ᠢ ᠡᠷᠲᠡ ᠠᠴᠠ ᠠᠳᠬᠤᠵᠤ᠂ ᠴᠢᠩᠭ᠎ᠠ ᠠᠳᠬᠤᠵᠤ᠂ ᠪᠣᠳᠠᠲᠠᠢ ᠠᠳᠬᠤᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ  ᠰᠢᠢᠳᠬᠡᠯ ᠥᠭᠬᠦ ᠳᠦᠷᠢᠮ︾  ᠤᠨ ᠤᠬᠠᠭᠤᠯᠭ᠎ᠠ ᠬᠥᠮᠦᠵᠢᠯ ᠪᠣᠯᠣᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ  ᠴᠢᠩᠭᠠᠳᠬᠠᠵᠤ ᠢᠯᠵᠢᠷᠡᠯ ᠢ ᠡᠰᠡᠷᠭᠦᠴᠡᠬᠦ ᠪᠠᠷ ᠴᠥᠬᠦᠷᠡᠰᠢ ᠦᠭᠡᠢ ᠴᠢᠷᠮᠠᠶᠢᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠬᠦᠴᠦᠯᠡᠨ ᠪᠤᠢ ᠪᠣᠯᠭᠠᠬᠤ ᠬᠡᠷᠡᠭᠲᠡᠢ᠃ ᠪᠥᠬᠦ ᠣᠷᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠵᠢᠴᠢ ᠪᠥᠬᠦ ᠣᠷᠣᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠪᠠ ᠰᠦᠯᠵᠢᠶᠡᠨ ᠤ ᠠᠮᠤᠷ ᠲᠦᠪᠰᠢᠨ ᠤ ᠠᠵᠢᠯ ᠢ ᠰᠠᠶᠢᠲᠤᠷ ᠬᠢᠵᠦ᠂ ᠪᠥᠬᠦ ᠬᠤᠰᠢᠭᠤᠨ ᠤ  ᠰᠦᠯᠵᠢᠶ᠎ᠡ ᠮᠡᠳᠡᠭᠡ ᠵᠠᠩᠭᠢᠴᠢᠯᠠᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ᠃   ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠬᠥᠭᠵᠢᠯᠲᠡ ᠶᠢᠨ ᠲᠤᠷᠰᠢᠯᠭ᠎ᠠ ᠶᠢ ᠰᠤᠷᠤᠯᠴᠠᠨ ᠲᠣᠯᠢᠳᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠪᠣᠬᠢᠷᠲᠤᠯ ᠦᠭᠡᠢ ᠬᠥᠭᠵᠢᠯᠲᠡ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠵᠤ᠂ ᠠᠮᠢ ᠠᠬᠤᠢ ᠶᠢᠨ ᠬᠠᠯᠬᠠᠪᠴᠢ ᠶᠢ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ᠃ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠨᠢᠭᠡᠳᠦᠯᠲᠡᠢ ᠲᠥᠯᠥᠪᠯᠡᠨ ᠨᠡᠶᠢᠳᠡ ᠳᠤᠨᠢ ᠬᠠᠷᠠᠭᠠᠯᠵᠠᠬᠤ ᠶᠢ ᠪᠠᠷᠢᠮᠲᠠᠯᠠᠵᠤ᠂ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤ ᠪᠠᠷ ᠡᠳ᠋ᠯᠡᠬᠦ ᠶᠢ ᠲᠦᠷᠦᠯ ᠬᠤᠪᠢᠶᠠᠨ ᠠᠬᠢᠭᠤᠯᠬᠤ ᠬᠡᠷᠡᠭᠲᠡᠢ᠃ ᠬᠥᠭᠵᠢᠯᠲᠡ ᠶᠢ ᠲᠦᠷᠭᠡᠳᠬᠡᠬᠦ ᠪᠠ ᠠᠮᠤᠷ ᠲᠦᠪᠰᠢᠨ ᠢ ᠪᠠᠲᠤᠯᠠᠬᠤ ᠶᠢ ᠬᠠᠷᠢᠯᠴᠠᠨ ᠬᠠᠮᠵᠢᠯᠴᠠᠭᠤᠯᠬᠤ ᠶᠢ  ᠪᠠᠷᠢᠮᠲᠠᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠪᠣᠯᠣᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠶ᠎ᠡ ᠵᠣᠬᠢᠴᠠᠩᠭᠤᠢ ᠲᠣᠭᠲᠠᠭᠤᠨ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃  ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠠᠷᠪᠠᠳᠠᠬᠢ ᠤᠯᠤᠰ ᠤᠨ ᠦᠨᠳᠦᠰᠦᠨ ᠬᠠᠤᠯᠢ ᠶᠢᠨ ᠡᠳᠦᠷ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ  ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠭᠠᠳᠠᠭᠠᠳᠤ ᠳᠤ ᠬᠤᠯᠪᠣᠭᠳᠠᠬᠤ ᠬᠠᠤᠯᠢ ᠪᠠᠷ ᠵᠠᠰᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ ᠡᠵᠡᠩᠨᠡᠯᠲᠡ ᠶᠢᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠬᠤ ᠬᠡᠷᠡᠭᠲᠡᠢ᠃    ᠱᠠᠨ ᠰᠢ ᠶᠢᠨ ᠯᠢᠦᠢ ᠯᠢᠶᠠᠩ ᠬᠤᠳᠠ ᠶᠢᠨ ᠶᠦᠩ ᠵᠢᠦᠢ ᠨᠡᠭᠦᠷᠡᠰᠦᠨ ᠠᠭᠤᠷᠬᠠᠢ ᠶᠢᠨ ᠠᠯᠪᠠᠨ ᠠᠰᠠᠷ ᠤᠨ ᠬᠦᠨᠳᠦ ᠶᠡᠭᠡ ᠭᠠᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠬᠤᠷᠢᠭ᠎ᠠ ᠱᠤᠭᠤᠮ ᠤᠨ ᠰᠡᠳᠬᠢᠬᠦᠢ ᠪᠣᠯᠣᠨ ᠰᠠᠨᠠᠭᠠᠰᠢᠷᠠᠨ ᠬᠢᠴᠢᠶᠡᠬᠦ ᠤᠬᠠᠮᠰᠠᠷ ᠢᠶᠠᠨ ᠴᠢᠩᠭᠠᠳᠬᠠᠵᠤ᠂ ︽ᠴᠠᠭ ᠢᠮᠠᠭᠲᠠ ᠰᠡᠷᠡᠮᠵᠢᠯᠡᠨ ᠪᠣᠯᠭᠤᠮᠵᠢᠯᠠᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠬᠤ ᠬᠡᠷᠡᠭᠲᠡᠢ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ  ᠤᠯᠠᠮ ᠴᠢᠨᠠᠭᠰᠢᠳᠠ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠡᠪᠦᠯ ᠤᠨ ᠤᠯᠠᠷᠢᠯ ᠤᠨ ᠡᠯ᠎ᠡ ᠲᠦᠷᠦᠯ ᠤᠨ ᠭᠠᠮᠰᠢᠭ ᠠᠳᠡᠯ ᠢ ᠰᠡᠷᠭᠡᠶᠢᠯᠡᠨ ᠠᠷᠭᠠᠴᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠬᠡᠷᠡᠭᠲᠡᠢ᠃   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠦᠨ ᠱᠣᠣ ᠴᠧᠩ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠣᠶᠢᠯᠠᠭᠠᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠪᠣᠯᠣᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠦᠨᠳᠦᠰᠦᠨ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ ᠪᠠᠲᠤᠳᠬᠠᠨ᠂ ︽ᠭᠤᠷᠪᠠᠨ ᠰᠠᠯᠵᠤ ᠴᠢᠳᠠᠬᠤ ᠦᠭᠡᠢ︾᠂ ︽ᠳᠥᠷᠪᠡ ᠶᠢ ᠬᠠᠮᠲᠤᠳᠬᠠᠬᠤ︾᠂ ︽ᠲᠠᠪᠤ ᠶᠢ ᠮᠡᠳᠡᠷᠡᠨ ᠵᠥᠪᠰᠢᠶᠡᠷᠡᠬᠦ︾ ᠪᠠ ︽ᠳᠤᠯᠤᠭ᠎ᠠ ᠳᠤ ᠵᠢᠱᠢᠶ᠎ᠡ ᠦᠵᠡᠭᠦᠯᠬᠦ︾ ᠵᠡᠷᠭᠡ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠰᠢᠵᠢᠮ ᠢ ᠡᠯ᠎ᠡ ᠵᠦᠢᠯ ᠤᠨ ᠠᠵᠢᠯ ᠤᠨ ᠪᠦᠬᠦ ᠶᠠᠪᠤᠴᠠ ᠡᠯ᠎ᠡ ᠭᠤᠭᠴᠤᠭ᠎ᠠ ᠳᠤ ᠲᠤᠤᠱᠯᠠᠭᠤᠯᠬᠤ ᠬᠡᠷᠡᠭᠲᠡᠢ ᠭᠡᠵᠡᠢ᠃   ᠬᠤᠷᠠᠯ ᠳᠤ ᠪᠠᠰᠠ ᠪᠤᠰᠤᠳ ᠵᠦᠢᠯ ᠢ  ᠰᠣᠳᠣᠯᠣᠨ ᠶᠠᠷᠢᠯᠴᠠᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ‍ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号