ᠮᠠᠯᠴᠢᠨ ᠲᠦᠮᠡᠨ ᠳᠤ ᠪᠠᠨ ᠢᠯᠡᠬᠡᠬᠦ ᠵᠠᠬᠢᠳᠠᠯ
ᠨᠡᠶᠢᠲᠡᠯᠡᠭᠰᠡᠨ ᠴᠠᠭ᠄
2023/12/18
           ᠮᠠᠯᠴᠢᠨ ᠲᠦᠮᠡᠨ ᠳᠤ ᠪᠠᠨ ᠢᠯᠡᠬᠡᠬᠦ ᠵᠠᠬᠢᠳᠠᠯ ᠥᠷᠭᠡᠨ ᠣᠯᠠᠨ ᠮᠠᠯᠴᠢᠨ ᠲᠦᠮᠡᠨ ᠳᠤ᠄    ᠤᠷᠲᠤ ᠬᠤᠭᠤᠴᠠᠭᠠᠨ ᠤ ᠲᠤᠷᠰᠢ᠂ ᠲᠠ ᠨᠠᠷ ᠰᠢᠷᠭᠠᠭᠤ ᠬᠠᠲᠠᠭᠤᠵᠢᠯᠲᠠᠢ ᠪᠠᠷ ᠮᠠᠯ ᠮᠠᠯᠵᠢᠵᠤ᠂ ᠮᠠᠨ ᠤ ᠬᠤᠰᠢᠭᠤᠨ ᠤ ᠮᠠᠯ ᠠᠵᠤ ᠠᠬᠤᠢ ᠶᠢᠨ ᠠᠵᠤ ᠦᠢᠯᠡᠰ ᠲᠤ ᠴᠢᠬᠤᠯᠠ ᠶᠡᠭᠡ ᠬᠤᠪᠢ ᠨᠡᠮᠡᠷᠢ ᠦᠵᠡᠭᠦᠯᠵᠡᠢ᠃ ᠭᠡᠪᠡᠴᠦ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠴᠠᠭ ᠠᠭᠤᠷ ᠤᠨ ᠭᠠᠮᠰᠢᠭ ᠣᠯᠠᠨ᠂ ᠮᠠᠯ ᠤᠨ ᠠᠰᠢᠭ ᠰᠢᠮ᠎ᠡ ᠶᠢᠨ ᠦᠨ᠎ᠡ ᠶᠢᠨ ᠬᠡᠯᠪᠡᠯᠵᠡᠯ ᠶᠡᠭᠡ᠂ ᠣᠷᠣᠯᠭ᠎ᠠ ᠲᠣᠭᠲᠠᠭᠤᠨ ᠪᠤᠰᠤ ᠵᠡᠷᠭᠡ ᠠᠰᠠᠭᠤᠳᠠᠯ ᠨᠢ ᠣᠯᠠᠨ ᠢ ᠭᠠᠴᠢᠭᠳᠠᠭᠤᠯᠤᠭᠰᠠᠭᠠᠷ ᠢᠷᠡᠭᠰᠡᠨ ᠶᠤᠮ᠃ ᠮᠢᠬᠠᠨ ᠤ ᠬᠤᠨᠢᠨ ᠤ ᠳᠠᠭᠠᠳᠬᠠᠯ ᠤᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠪᠠᠶᠢᠭᠠᠯᠢ ᠶᠢᠨ ᠭᠠᠮᠰᠢᠭ ᠠᠴᠠ ᠦᠶᠯᠡᠳᠪᠦᠷᠢᠯᠡᠯ ᠠᠮᠢᠳᠤᠷᠠᠯ ᠳᠤ ᠤᠴᠠᠷᠠᠭᠤᠯᠬᠤ ᠬᠤᠬᠢᠷᠠᠯ ᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ ᠨᠠᠮ ᠪᠠ ᠵᠠᠰᠠᠭ ᠤᠨ ᠣᠷᠳᠣᠨ ᠠᠴᠠ ᠮᠢᠬᠠᠨ ᠤ ᠬᠤᠨᠢᠨ ᠤ ᠲᠥᠷᠥ  ᠶᠢᠨ ᠪᠣᠳᠣᠯᠭ᠎ᠠ ᠶᠢᠨ ᠳᠠᠭᠠᠳᠬᠠᠯ ᠢ ᠭᠠᠷᠭᠠᠭᠰᠠᠨ ᠪᠠᠶᠢᠨ᠎ᠠ᠃ ᠥᠩᠭᠡᠷᠡᠭᠰᠡᠨ ᠳᠤ ᠵᠠᠬ᠎ᠠ ᠳᠡᠯᠭᠡᠭᠦᠷ᠂ ᠠᠭᠤᠷ ᠠᠮᠢᠰᠬᠤᠯ᠂ ᠪᠠᠶᠢᠭᠠᠯᠢ ᠶᠢᠨ ᠭᠠᠮᠰᠢᠭ᠂ ᠬᠢᠵᠢᠭ ᠡᠪᠡᠳᠴᠢᠨ ᠵᠡᠷᠭᠡ ᠬᠦᠴᠦᠨ ᠵᠦᠢᠯ ᠤᠨ ᠬᠢᠵᠠᠭᠠᠷᠯᠠᠯ ᠠᠴᠠ ᠪᠤᠯᠵᠤ᠂ ᠮᠠᠯᠴᠢᠳ ᠤᠨ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠪᠠ ᠪᠠᠶᠢᠭᠠᠯᠢ ᠶᠢᠨ ᠭᠠᠮᠰᠢᠭ ᠢ ᠡᠰᠡᠷᠭᠦᠴᠡᠨ ᠲᠤᠯᠬᠤ ᠴᠢᠳᠠᠪᠤᠷᠢ ᠲᠤᠶᠢᠯ ᠤᠨ ᠬᠢᠵᠠᠭᠠᠷ ᠲᠠᠢ ᠪᠠᠶᠢᠵᠤ᠂ ︽ᠪᠠᠶᠠᠨ ᠬᠦᠮᠦᠨ ᠨᠢᠬᠡ ᠯᠡ ᠵᠤᠳ ᠲᠤ︾ ᠬᠡᠬᠦᠴᠢᠯᠡᠨ ᠨᠢᠲᠤ ᠢᠷᠮᠡᠬᠦ ᠶᠢᠨ ᠵᠠᠭᠤᠷ᠎ᠠ ᠬᠤᠭᠤᠰᠤᠷᠠᠵᠤ ᠮᠡᠳᠡᠬᠦ ᠪᠤᠯᠤᠯᠴᠠᠭ᠎ᠠ ᠴᠦ ᠪᠠᠶᠢᠭᠰᠠᠨ ᠶᠤᠮ᠃ ᠣᠲᠣ ᠡᠨᠡᠬᠦ ᠮᠠᠯᠴᠢᠳ ᠢ ᠣᠯᠠᠨ ᠵᠢᠯ ᠭᠠᠴᠢᠭᠳᠠᠭᠤᠯᠵᠤ ᠪᠠᠶᠢᠭᠰᠠᠨ ᠠᠰᠠᠭᠤᠳᠠᠯ ᠢ ᠰᠢᠶᠳᠪᠦᠷᠢᠯᠡᠬᠦ ᠰᠢᠨ᠎ᠡ ᠠᠷᠭ᠎ᠠ ᠵᠠᠮ ᠲᠠᠢ ᠪᠤᠯᠵᠤ᠂ ᠮᠢᠬᠠᠨ  ᠤ ᠬᠤᠨᠢ ᠶᠢ ᠳᠠᠭᠠᠳᠬᠠᠯ ᠳᠤ ᠣᠷᠣᠭᠤᠯᠵᠤ ᠪᠣᠯᠤᠨ᠎ᠠ᠃ ᠴᠠᠭ ᠠᠭᠤᠷ ᠤᠨ ᠵᠢᠭᠠᠯᠲᠠ ᠲᠤᠭ᠎ᠠ ᠶᠢᠨ ᠬᠡᠯᠪᠡᠷᠢ ᠶᠢᠨ ᠳᠠᠭᠠᠳᠬᠠᠯ ᠪᠣᠯ ᠨᠢᠭᠡ ᠵᠦᠶᠯ ᠤᠨ ᠰᠢᠨ᠎ᠡ ᠶᠢ ᠡᠭᠦᠳᠬᠦ ᠬᠡᠯᠪᠡᠷᠢ ᠶᠢᠨ ᠳᠠᠭᠠᠳᠬᠠᠯ ᠪᠣᠯᠤᠨ᠎ᠠ᠂ ᠮᠢᠬᠠᠨ ᠤ ᠬᠤᠨᠢᠨ ᠤ ᠴᠠᠭ ᠠᠭᠤᠷ ᠤᠨ ᠵᠢᠭᠠᠯᠲᠠ ᠲᠤᠭ᠎ᠠ ᠶᠢᠨ ᠬᠡᠯᠪᠡᠷᠢ ᠶᠢᠨ ᠳᠠᠭᠠᠳᠬᠠᠯ ᠨᠢ ᠮᠠᠯ ᠤᠨ ᠡᠪᠡᠰᠦ ᠪᠣᠷᠳᠤᠭ᠎ᠠ ᠪᠠᠷ ᠳᠠᠭᠠᠳᠬᠠᠯ ᠤᠨ ᠬᠠᠷᠠᠯᠲᠠ ᠪᠣᠯᠭᠠᠵᠤ᠂ ᠮᠠᠯᠴᠢᠳ ᠲᠤ ᠭᠠᠩ ᠬᠠᠭᠰᠠᠷᠠᠭᠠᠨ᠂ ᠴᠠᠰᠤᠨ ᠭᠠᠮᠰᠢᠭ ᠠᠴᠠ ᠪᠣᠯᠤᠭᠰᠠᠨ ᠮᠢᠬᠠᠨ ᠤ ᠬᠤᠨᠢ ᠠᠷᠠᠴᠢᠯᠠᠨ ᠲᠡᠵᠢᠭᠡᠬᠦ ᠥᠪᠡᠷ ᠤᠨ ᠥᠷᠲᠡᠭ ᠤᠨ ᠨᠡᠮᠡᠭᠳᠡᠯ ᠵᠢᠴᠢ ᠴᠠᠭ ᠠᠭᠤᠷ ᠤᠨ ᠭᠠᠮᠰᠢᠭ ᠠᠴᠠ ᠪᠣᠯᠤᠭᠰᠠᠨ ᠬᠤᠬᠢᠷᠠᠯ ᠤᠨ ᠳᠠᠭᠠᠳᠬᠠᠯ ᠤᠨ ᠪᠠᠲᠤᠯᠠᠭ᠎ᠠ ᠪᠠ ᠠᠶᠤᠯ ᠲᠦᠭᠰᠢᠭᠦᠷᠢ ᠶᠢ ᠬᠠᠷᠭᠤᠭᠤᠯᠤᠨ᠂ ᠴᠠᠭ ᠠᠭᠤᠷ  ᠤᠨ ᠭᠠᠮᠰᠢᠭ ᠤᠨ ᠪᠠᠷᠢᠮᠵᠢᠶ᠎ᠠ ᠳᠤ ᠬᠥᠷᠬᠦ ᠦᠶ᠎ᠡ ᠳᠤ ᠭᠡᠷ᠎ᠡ ᠳᠠᠬᠢ ᠲᠤᠭ᠎ᠠ ᠬᠡᠮᠵᠢᠶ᠎ᠡ ᠪᠠᠷ ᠲᠥᠯᠥᠪᠦᠷᠢ ᠥᠭᠭᠦᠨ᠎ᠡ᠃   ᠲᠥᠷᠥ ᠶᠢᠨ ᠪᠣᠳᠣᠯᠭ᠎ᠠ ᠳᠤ ᠳᠠᠭᠠᠳᠬᠠᠯ ᠳᠤ ᠣᠷᠣᠯᠴᠠᠭᠰᠠᠨ ᠮᠠᠯᠵᠢᠬᠤ ᠡᠷᠦᠬᠡ᠂ ᠡᠯ᠎ᠡ ᠲᠥᠷᠥᠯ ᠤᠨ ᠮᠠᠯ ᠠᠵᠤ ᠠᠬᠤᠶ ᠶᠢᠨ ᠦᠶᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠲᠡᠵᠢᠭᠡᠨ ᠦᠷᠡᠵᠢᠭᠦᠯᠵᠦ ᠪᠠᠶᠢᠭ᠎ᠠ ᠪᠦᠷᠢᠨ ᠪᠦᠲᠦᠨ ᠬᠢᠵᠢᠭ ᠡᠪᠡᠳᠴᠢᠨ ᠤ ᠸᠠᠺᠼᠢᠨ ᠤ ᠲᠠᠷᠢᠯᠭ᠎ᠠ ᠶᠢᠨ ᠭᠠᠷ ᠳᠡᠪᠲᠡᠷ ᠲᠠᠢ ᠡᠷᠡᠭᠦᠯ ᠮᠢᠬᠠᠨ ᠤ ᠬᠤᠨᠢ ᠶᠢᠨ ᠳᠠᠭᠠᠳᠬᠠᠯ ᠳᠤ ᠣᠷᠣᠯᠴᠠᠭᠰᠠᠨ ᠲᠤᠭ᠎ᠠ ᠬᠡᠮᠵᠢᠶ᠎ᠡ ᠶᠢ ᠬᠢᠨᠠᠨ ᠲᠣᠭᠲᠠᠭᠠᠭᠰᠠᠨ ᠪᠡᠯᠴᠢᠭᠡᠷ ᠤᠨ ᠪᠠᠭᠲᠠᠭᠠᠮᠵᠢ ᠶᠢᠨ ᠳᠣᠲᠣᠷ᠎ᠠ ᠬᠢᠵᠠᠭᠠᠷᠯᠠᠨ᠎ᠠ ᠭᠡᠵᠦ ᠲᠣᠳᠣᠷᠬᠠᠶ ᠲᠣᠭᠲᠠᠭᠠᠪᠠ᠃ ᠡᠳᠦᠭᠡ ᠮᠢᠬᠠᠨ ᠤ ᠬᠤᠨᠢᠨ ᠤ ᠴᠠᠭ ᠠᠭᠤᠷ ᠤᠨ ᠵᠢᠭᠠᠯᠲᠠ ᠲᠤᠭᠠᠨ ᠤ ᠳᠠᠭᠠᠳᠬᠠᠯ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠳᠣᠣᠷᠠᠬᠢ ᠮᠡᠲᠦ ᠮᠡᠳᠡᠭᠳᠡᠶ᠎ᠡ᠄ ᠮᠢᠬᠠᠨ ᠤ ᠬᠤᠨᠢᠨ ᠤ ᠴᠠᠭ ᠠᠭᠤᠷ ᠤᠨ ᠵᠢᠭᠠᠯᠲᠠ ᠲᠤᠭᠠᠨ ᠤ ᠳᠠᠭᠠᠳᠬᠠᠯ ᠤᠨ ᠬᠠᠷᠢᠭᠤᠴᠠᠯᠭ᠎ᠠ  ᠶᠢᠨ ᠬᠤᠭᠤᠴᠠᠭ᠎ᠠ ᠨᠢ ᠴᠠᠰᠤᠨ ᠭᠠᠮᠰᠢᠭ ᠤᠨ ᠳᠠᠭᠠᠳᠬᠠᠯ ᠤᠨ ᠬᠤᠭᠤᠴᠠᠭ᠎ᠠ ᠪᠠ ᠭᠠᠩ ᠭᠠᠮᠰᠢᠭ ᠤᠨ ᠳᠠᠭᠠᠳᠬᠠᠯ  ᠤᠨ ᠬᠤᠭᠤᠴᠠᠭ᠎ᠠ ᠪᠣᠯᠤᠨ᠎ᠠ᠃ ᠮᠢᠬᠠᠨ ᠤ ᠬᠤᠨᠢᠨ ᠤ ᠴᠠᠭ ᠠᠭᠤᠷ ᠤᠨ ᠵᠢᠭᠠᠯᠲᠠ ᠲᠤᠭᠠᠨ ᠤ ᠲᠠᠭᠠᠳᠬᠠᠯ ᠤᠨ ᠬᠠᠷᠢᠭᠤᠴᠠᠯᠭ᠎ᠠ ᠶᠢᠨ ᠬᠤᠭᠤᠴᠠᠭ᠎ᠠ ᠨᠢ ᠨᠡᠶᠢᠲᠡ 165 ᠡᠲᠦᠷ ᠪᠤᠯᠤᠨ᠎ᠠ᠃ ᠡᠭᠦᠨ ᠳᠤ᠄ ᠴᠠᠰᠤᠨ ᠭᠠᠮᠰᠢᠭ ᠤᠨ ᠳᠠᠭᠠᠳᠬᠠᠯ ᠤᠨ ᠨᠥᠬᠦᠪᠥᠷᠢ ᠶᠢᠨ ᠬᠤᠭᠤᠴᠠᠭ᠎ᠠ ᠨᠢ 90 ᠡᠳᠦᠷ ᠪᠣᠯᠤᠨ᠎ᠠ᠂ ᠲᠡᠭᠡᠷ᠎ᠡ ᠵᠢᠯ ᠤᠨ 12 ᠰᠠᠷ᠎ᠠ ᠶᠢᠨ 15 ᠤ ᠡᠳᠦᠷ ᠤᠨ ᠴᠠᠭ ᠠᠴᠠ ᠳᠠᠷᠠᠭ᠎ᠠ ᠵᠢᠯ ᠤᠨ 3 ᠰᠠᠷ᠎ᠠ ᠶᠢᠨ 14 ᠤ ᠡᠳᠦᠷ ᠤᠨ 24 ᠴᠠᠭ ᠬᠦᠷᠲᠡᠯ᠎ᠡ ᠪᠣᠯᠤᠨ᠎ᠠ᠃ ᠭᠠᠩ ᠬᠠᠭᠰᠠᠷᠠᠭᠠᠨ ᠤ ᠳᠠᠭᠠᠳᠬᠠᠯ ᠤᠨ ᠨᠥᠬᠦᠪᠥᠷᠢ ᠶᠢᠨ ᠬᠤᠭᠤᠴᠠᠭ᠎ᠠ ᠶᠢ 75 ᠡᠳᠦᠷ ᠢᠶᠠᠷ ᠪᠤᠳᠤᠨ᠎ᠠ ᠂ ᠦᠨᠦ ᠵᠢᠯ ᠤᠨ 6 ᠰᠠᠷ᠎ᠠ ᠶᠢᠨ 1 ᠤ ᠡᠳᠦᠷ ᠤᠨ 0 ᠴᠠᠭ ᠠᠴᠠ 8 ᠰᠠᠷ᠎ᠠ ᠶᠢᠨ 14 ᠤ ᠡᠳᠦᠷ ᠤᠨ 24 ᠴᠠᠭ ᠬᠦᠷᠲᠡᠯ᠎ᠡ ᠨᠢᠭᠡᠳᠦᠯᠲᠡᠶ ᠪᠤᠳᠤᠨ᠎ᠠ᠃ ᠮᠢᠬᠠᠨ ᠤ ᠬᠤᠨᠢᠨ ᠤ ᠴᠠᠭ ᠠᠭᠤᠷ ᠤᠨ ᠵᠢᠭᠠᠯᠲᠠ ᠲᠤᠭᠠᠨ ᠤ ᠳᠠᠭᠠᠳᠬᠠᠯ ᠤᠨ ᠪᠠᠲᠤᠯᠠᠬᠤ ᠲᠤᠭ᠎ᠠ ᠪᠠ ᠳᠠᠭᠠᠳᠬᠠᠯ ᠤᠨ ᠵᠠᠷᠤᠳᠠᠯ ᠤᠨ ᠨᠥᠬᠦᠪᠥᠷᠢ᠄ ᠬᠠᠮᠤᠭ ᠥᠨᠳᠥᠷ ᠪᠠᠲᠤᠯᠠᠬᠤ ᠲᠤᠭ᠎ᠠ ᠨᠢ ᠬᠤᠨᠢ ᠪᠦᠷᠢ 187.5 ᠲᠥᠭᠦᠷᠢᠭ᠂ ᠳᠠᠭᠠᠳᠬᠠᠯ ᠤᠨ ᠵᠠᠷᠤᠳᠠᠯ ᠤᠨ ᠨᠣᠷᠮ᠎ᠠ ᠨᠢ 8%᠂ ᠳᠠᠭᠠᠳᠬᠠᠯ ᠤᠨ ᠵᠠᠷᠤᠳᠠᠯ ᠨᠢ 15 ᠲᠥᠭᠦᠷᠢᠭ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ 40% ︵ᠲᠦᠪ ᠶᠢᠨ ᠨᠦᠬᠦᠪᠦᠷᠢ ᠶᠢᠨ ᠪᠡᠯᠡ ᠮᠦᠩᠬᠦ︶ ᠶᠢ ᠡᠭᠦᠷᠭᠡᠯᠡᠵᠦ ︵ᠲᠤᠯᠤᠭᠠᠢ ᠪᠦᠷᠢ 6 ᠲᠦᠭᠦᠷᠢᠭ︶᠂ ᠠᠶᠢᠮᠠᠭ ᠤᠨ ᠡᠳ᠋ ᠤᠨ ᠵᠠᠰᠠᠭ 20% ︵ᠲᠤᠯᠤᠭᠠᠢ ᠪᠦᠷᠢ 3 ᠲᠦᠭᠦᠷᠢᠭ︶ ᠶᠢ ᠡᠭᠦᠷᠭᠡᠯᠡᠵᠦ᠂ ᠬᠤᠰᠢᠭᠤ ᠰᠢᠶᠠᠨ ᠤ ᠡᠳ᠋ ᠤᠨ ᠵᠠᠰᠠᠭ 20% ︵ᠲᠤᠯᠤᠭᠠᠢ ᠪᠦᠷᠢ 3 ᠲᠦᠭᠦᠷᠢᠭ︶ ᠶᠢ ᠡᠭᠦᠷᠭᠡᠯᠡᠨ᠎ᠡ᠃ ᠳᠠᠭᠠᠳᠬᠠᠯ ᠳᠤ ᠣᠷᠣᠯᠴᠠᠭᠰᠠᠨ ᠲᠠᠷᠢᠶᠠᠯᠠᠬᠤ ᠮᠠᠯᠵᠢᠬᠤ ᠡᠷᠦᠬᠡ᠂ ᠡᠯ᠎ᠡ ᠲᠥᠷᠥᠯ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ 20% ︵ᠲᠤᠯᠤᠭᠠᠢ ᠪᠦᠷᠢ 3 ᠲᠦᠭᠦᠷᠢᠭ︶ ᠶᠢ ᠡᠭᠦᠷᠭᠡᠯᠡᠨ᠎ᠡ᠃    ᠭᠠᠮᠰᠢᠭ ᠤᠨ ᠵᠢᠭᠠᠯᠲᠠ ᠲᠤᠭᠠᠨ ᠤ ᠪᠠᠶᠢᠳᠠᠯ᠄ ᠭᠠᠮᠰᠢᠭ ᠤᠨ ᠪᠠᠶᠢᠳᠠᠯ ᠤᠨ ᠲᠡᠰ ᠤᠨ ᠪᠠᠷᠢᠮᠵᠢᠶ᠎ᠠ ᠨᠢ ᠪᠦᠬᠦ ᠠᠶᠢᠮᠠᠭ ᠤᠨ ᠤᠶᠢᠷ᠎ᠠ ᠶᠢᠨ ᠠᠷᠪᠠᠨ ᠵᠢᠯ ᠤᠨ ᠴᠠᠰᠤ ᠵᠤᠳ ᠪᠤᠯᠤᠨ ᠭᠠᠩ ᠭᠠᠮᠰᠢᠭ ᠤᠨ ᠴᠠᠭ ᠠᠭᠤᠷ ᠤᠨ ᠦᠨᠡᠯᠡᠯᠲᠡ ᠶᠢᠨ ᠲᠤᠭ᠎ᠠ ᠪᠠᠷᠢᠮᠲᠠ ᠶᠢ ᠶᠡᠷᠦᠩᠬᠡᠶᠢᠯᠡᠨ ᠪᠤᠲᠤᠯᠬᠢᠯᠠᠵᠤ ᠲᠤᠭᠲᠠᠭᠠᠨ᠎ᠠ᠃ ᠭᠠᠩ ᠭᠠᠮᠰᠢᠭ ᠤᠨ ᠲᠤᠭ᠎ᠠ ᠪᠠᠷᠢᠮᠲᠠ ᠶᠢᠨ ᠢᠷᠡᠯᠲᠡ ᠨᠢ᠂ ᠨᠢᠭᠡ᠂ ᠰᠢᠯᠢ ᠶᠢᠨ ᠭᠤᠤᠯ ᠠᠶᠢᠮᠠᠭ ᠤᠨ ᠪᠤᠷᠤᠭᠠᠨ ᠤ ᠬᠡᠮᠵᠢᠶ᠎ᠡ ᠶᠢᠨ ᠦᠷᠲᠡᠭᠡ ᠶᠢᠨ ᠡᠲᠦᠷ ᠲᠠᠷᠠᠭᠠᠯᠠᠨ ᠬᠡᠮᠵᠢᠭᠰᠡᠨ ᠲᠤᠨᠤᠳᠠᠰᠤᠨ ᠤ ᠲᠤᠭ᠎ᠠ᠃ ᠬᠤᠶᠠᠷ᠂ ᠪᠤᠷᠤᠭᠠᠨ ᠤ ᠬᠡᠮᠵᠢᠶ᠎ᠡ ᠶᠢᠨ ᠦᠷᠲᠡᠭᠡ ᠶᠢᠨ ᠡᠲᠦᠷ ᠲᠠᠷᠠᠭᠠᠯᠠᠨ ᠬᠡᠮᠵᠢᠶ᠎ᠡ ᠬᠦᠴᠦᠨ ᠲᠠᠢ ᠬᠦᠴᠦᠨ ᠦᠬᠡᠢ ᠦᠷᠬᠦᠯᠵᠢᠯᠡᠭᠰᠡᠨ ᠡᠲᠦᠷ ᠤᠨ ᠲᠤᠭ᠎ᠠ ᠬᠡᠮᠵᠢᠶ᠎ᠠ᠃ ᠴᠠᠰᠤ ᠵᠤᠳ ᠤᠨ ᠲᠤᠭ᠎ᠠ ᠬᠡᠮᠵᠢᠶ᠎ᠡ ᠨᠢ ᠪᠤᠲᠤᠬᠤ ᠳᠤ᠂ ᠴᠠᠰᠤᠨ ᠤ ᠪᠦᠷᠬᠦᠴᠡ ᠶᠢᠨ ᠬᠡᠮᠵᠢᠶ᠎ᠡ ᠶᠢ ᠪᠤᠲᠤᠪᠡᠯ ᠤᠷᠤᠨ ᠵᠠᠢ ᠶᠢᠨ ᠨᠢᠭᠲᠠᠴᠠ ᠨᠢ 1 ᠮᠢᠩᠭᠠᠨ ᠮᠧᠲᠷ ᠦᠷᠡᠵᠢᠬᠦᠯᠬᠦ 1 ᠮᠢᠩᠭᠠᠨ ᠮᠧᠲᠷ ᠤᠨ ᠴᠠᠭ ᠠᠭᠤᠷ ᠤᠨ ᠲᠠᠭᠠᠭᠤᠯᠢ ᠤᠲᠤᠨ ᠤ ᠰᠠᠷᠠᠯ ᠤᠨ ᠲᠤᠭ᠎ᠠ ᠪᠠᠷᠢᠮᠲᠠ ᠪᠠᠶᠢᠵᠤ᠂ ᠴᠠᠰᠤ ᠬᠤᠴᠢᠭᠰᠠᠨ ᠭᠠᠵᠠᠷ ᠤᠨ ᠭᠠᠲᠠᠷᠭᠤ ᠶᠢ ᠪᠤᠲᠤᠨ᠎ᠠ᠃ ᠴᠠᠰᠤᠨ ᠤ ᠬᠦᠨ ᠢ ᠪᠤᠲᠤᠬᠤ ᠳᠤ ᠤᠷᠤᠨ ᠵᠠᠢ ᠶᠢᠨ ᠨᠢᠭᠲᠠᠴᠠ ᠨᠢ 1.5 ᠮᠢᠩᠭᠠᠨ ᠮᠧᠲᠷ ᠦᠷᠡᠵᠢᠬᠦᠯᠬᠦ 1.5 ᠮᠢᠩᠭᠠᠨ ᠮᠧᠲᠷ ᠤᠨ ᠰᠢᠯᠢ ᠶᠢᠨ ᠭᠤᠤᠯ ᠠᠶᠢᠮᠠᠭ ᠤᠨ ᠴᠠᠰᠤᠨ ᠤ ᠬᠦᠨ ᠤ ᠲᠤᠭ᠎ᠠ ᠪᠠᠷᠢᠮᠲᠠ ᠶᠢ ᠠᠰᠢᠭᠯᠠᠨ ᠭᠠᠵᠠᠷ ᠤᠷᠤᠨ ᠤ ᠲᠤᠮᠲᠠᠴᠠ ᠴᠠᠰᠤᠨ ᠤ ᠬᠦᠨ ᠢ ᠪᠤᠲᠤᠨ᠎ᠠ᠃     ᠠᠵᠤ ᠠᠬᠤᠶᠢᠯᠠᠯ ᠪᠤᠯᠤᠨ ᠮᠠᠯᠵᠢᠬᠤ ᠡᠷᠦᠬᠡ ᠶᠢᠨ ᠬᠡᠷ᠎ᠡ ᠨᠢ ᠲᠦᠬᠦᠮ ᠲᠦᠲᠡ ᠤᠶᠢᠯᠭᠠᠬᠤ ᠳᠤ ᠠᠮᠠᠷᠬᠠᠨ ᠪᠠᠶᠢᠵᠤ᠂ ᠲᠠᠭᠠᠳᠬᠠᠯ ᠳᠤ ᠲᠠᠭᠠᠳᠬᠠᠯ ᠤᠨ ᠰᠦᠢᠳᠬᠡᠯ ᠬᠠᠷᠢᠭᠤᠴᠠᠬᠤ ᠬᠠᠷᠢᠴᠠᠯ ᠵᠡᠷᠬᠡ ᠦᠨᠳᠦᠰᠦᠨ ᠪᠠᠶᠢᠳᠠᠯ ᠢ ᠲᠤᠲᠤᠷᠬᠠᠢ ᠪᠢᠴᠢᠨ᠎ᠡ᠃  ᠠᠵᠤ ᠠᠬᠤᠶᠢᠯᠠᠯ ᠨᠢ ᠬᠡᠷ᠎ᠡ ᠶᠢᠨ ᠠᠭᠤᠯᠭ᠎ᠠ ᠪᠠᠨ ᠲᠦᠷᠢᠮᠵᠢᠬᠦᠯᠵᠦ᠂ ᠬᠡᠷ᠎ᠡ ᠶᠢᠨ ᠡᠲᠦᠷ ᠬᠤᠭᠤᠴᠠᠭ᠎ᠠ ᠪᠤᠯᠤᠨ ᠬᠡᠷ᠎ᠡ ᠶᠢᠨ ᠬᠠᠷᠢᠭᠤᠴᠠᠯᠭ᠎ᠠ ᠶᠢᠨ ᠲᠤᠭ᠎ᠠ ᠶᠢᠨ ᠬᠡᠰᠡᠭ ᠡᠬᠢᠯᠡᠬᠦ ᠲᠡᠬᠦᠰᠬᠦ ᠡᠲᠦᠷ ᠬᠤᠭᠤᠴᠠᠭ᠎ᠠ  ᠨᠢ ᠠᠳᠠᠯᠢᠬᠠᠨ ᠪᠠᠶᠢᠵᠤ᠂ ᠵᠦᠷᠢᠶ᠎ᠡ ᠭᠠᠷᠬᠤ ᠪᠤᠶᠤ ᠲᠠᠭᠠᠳᠬᠠᠯ ᠤᠨ ᠬᠠᠷᠢᠭᠤᠴᠠᠯᠭ᠎ᠠ ᠶᠢ ᠶᠡᠬᠡᠰᠬᠡᠬᠦ ᠠᠴᠠ ᠵᠠᠶᠢᠯᠠᠰᠬᠢᠨ᠎ᠠ᠃ ᠲᠠᠭᠠᠳᠬᠠᠯ ᠤᠨ ᠦᠨᠡᠮᠯᠡᠯ ᠢ ᠡᠷᠦᠬᠡ ᠪᠦᠷᠢ ᠳᠤ ᠲᠠᠷᠬᠠᠭᠠᠬᠤ ᠶᠢᠨ ᠬᠠᠮᠲᠤ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠲᠡᠮᠲᠡᠭᠯᠡᠨ᠎ᠡ᠃ ᠬᠠᠮᠲᠤᠪᠡᠷ ᠲᠠᠭᠠᠳᠬᠠᠯ ᠳᠤ ᠤᠷᠤᠭᠰᠠᠨ ᠪᠤᠯ ᠡᠷᠦᠬᠡ ᠬᠤᠪᠢᠶᠠᠵᠤ ᠲᠠᠭᠠᠳᠬᠠᠯ  ᠤᠨ ᠬᠠᠭᠤᠳᠠᠰᠤ ᠬᠢᠵᠦ᠂ ᠬᠤᠪᠢ ᠬᠥᠮᠦᠨ ᠤ ᠮᠡᠳᠡᠭᠡ ᠵᠠᠩᠭᠢ ᠶᠢ ᠬᠠᠤᠯᠢ ᠶᠣᠰᠣᠭᠠᠷ ᠬᠠᠮᠠᠭᠠᠯᠠᠭᠰᠠᠨ ᠤᠷᠢᠲᠠᠯ ᠳᠣᠤᠷ᠎ᠠ᠂ ᠳᠠᠭᠠᠳᠬᠠᠯ ᠤᠨ ᠪᠠᠶᠢᠭᠤᠯᠤᠮᠵᠢ ᠨᠢ ᠡᠷᠦᠬᠡ ᠬᠤᠪᠢᠶᠠᠭᠰᠠᠨ ᠨᠠᠷᠢᠨ ᠪᠠᠶᠢᠳᠠᠯ᠂ ᠬᠤᠬᠢᠷᠠᠯ ᠤᠨ ᠬᠡᠮᠵᠢᠶ᠎ᠡ ᠶᠢ ᠲᠣᠭᠲᠠᠭᠠᠭᠰᠠᠨ ᠦᠷ᠎ᠡ ᠳ᠋ᠦᠩ ᠢ 3 ᠡᠲᠦᠷ ᠤᠨ ᠬᠤᠭᠤᠴᠠᠭ᠎ᠠ ᠲᠠᠢ ᠨᠡᠶᠢᠲᠡᠯᠡᠨ᠎ᠡ᠃ ᠠᠵᠤ ᠠᠬᠤᠶᠢᠯᠠᠯ ᠪᠤᠯᠤᠨ ᠮᠠᠯᠵᠢᠬᠤ ᠡᠷᠦᠬᠡ ᠨᠢ ᠲᠦᠯᠦᠪᠦᠷᠢ ᠶᠢᠨ ᠬᠡᠷ᠎ᠡ ᠲᠤᠭᠲᠠᠭᠰᠠᠨ ᠠᠴᠠ ᠲᠠᠷᠠᠭᠠᠬᠢ ᠠᠷᠪᠠᠨ ᠠᠵᠢᠯ ᠤᠨ ᠡᠲᠦᠷ ᠤᠨ ᠲᠤᠲᠤᠷ᠎ᠠ ᠲᠤᠭᠠᠴᠠᠭ᠎ᠠ ᠪᠠᠨ ᠬᠢᠵᠦ᠂ ᠵᠠᠷᠴᠢᠮ ᠲᠡᠭᠡᠷ᠎ᠡ ᠪᠠᠨ ᠪᠠᠩᠬᠢ ᠠᠴᠠ ᠰᠢᠯᠵᠢᠬᠦᠯᠬᠦ ᠬᠡᠯᠪᠡᠷᠢ ᠪᠠᠷ ᠲᠤᠭᠠᠴᠠᠭ᠎ᠠ ᠬᠢᠨ᠎ᠡ᠃   ᠥᠷᠭᠡᠨ ᠣᠯᠠᠨ ᠮᠠᠯᠴᠢᠨ ᠲᠦᠮᠡᠨ ᠳᠠᠭᠠᠳᠬᠠᠯ ᠢ ᠵᠥᠪ ᠢᠶᠠᠷ ᠲᠠᠨᠢᠵᠤ᠂ ᠳᠠᠭᠠᠳᠬᠠᠯ ᠢ ᠶᠡᠭᠡ ᠪᠠᠷ ᠤᠬᠠᠭᠤᠯᠤᠨ᠂ ᠳᠠᠭᠠᠳᠬᠠᠯ ᠳᠤ ᠢᠳᠡᠪᠬᠢᠲᠡᠶ ᠣᠷᠣᠯᠴᠠᠵᠤ᠂ ᠮᠠᠨ ᠤ ᠮᠠᠯ ᠠᠵᠤ ᠠᠬᠤᠶ ᠶᠢᠨ ᠦᠶᠯᠡᠳᠪᠦᠷᠢᠯᠡᠯ ᠳᠤ ᠢᠯᠡᠭᠦᠦ ᠨᠢᠭᠡ ᠬᠤᠪᠢ ᠪᠠᠲᠤᠯᠠᠭ᠎ᠠ ᠬᠠᠩᠭᠠᠵᠤ᠂ ᠪᠢᠳᠡᠨ ᠤ ᠣᠷᠣᠯᠭ᠎ᠠ ᠳᠤ ᠲᠣᠭᠲᠠᠭᠤᠨ ᠪᠠᠶᠢᠳᠠᠯ ᠢ ᠨᠡᠮᠡᠭᠳᠡᠭᠦᠯᠬᠦ ᠶᠢ ᠬᠦᠰᠡᠵᠦ ᠪᠠᠶᠢᠨ᠎ᠠ᠂ ᠣᠯᠠᠨ ᠢᠶᠠᠷ ᠢᠶᠠᠨ ᠬᠠᠮᠲᠤ ᠪᠠᠷ ᠬᠥᠳᠡᠯᠦᠯᠴᠡᠶ᠎ᠡ︕ ᠬᠠᠮᠤᠭ ᠤᠨ ᠰᠡᠭᠦᠯ ᠳᠤ᠂ ᠥᠷᠭᠡᠨ ᠣᠯᠠᠨ ᠮᠠᠯᠴᠢᠨ ᠲᠦᠮᠡᠨ ᠤ ᠪᠡᠶ᠎ᠡ ᠮᠠᠬᠠᠪᠣᠳ ᠡᠷᠡᠭᠦᠯ ᠴᠢᠭᠢᠷᠠᠭ᠂ ᠦᠶᠯᠡᠳᠪᠦᠷᠢᠯᠡᠯ ᠤᠷᠤᠭᠰᠢᠲᠠᠶ ᠪᠠᠶᠢᠬᠤ ᠶᠢ ᠵᠥᠩᠨᠡᠶ᠎ᠡ︕
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号