ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ︱ ᠪᠠᠷᠠᠭᠤᠨ ᠦᠵᠦᠮᠦᠴᠢᠨ ᠬᠤᠰᠢᠭᠤᠨ  ᠤ ᠪᠠᠶᠠᠨᠬᠤᠸᠠ ᠪᠠᠯᠭᠠᠰᠤᠨ ᠤ ᠪᠠᠯᠭᠠᠰᠣᠨ ᠲᠡᠰ ᠤᠨ ᠤᠷᠤᠯᠳᠤᠭᠠᠨ  ᠠᠮᠵᠢᠯᠲᠠᠲᠠᠢ ᠶᠠᠪᠤᠭᠳᠠᠪᠠ
ᠨᠡᠶᠢᠲᠡᠯᠡᠭᠰᠡᠨ ᠴᠠᠭ᠄
2023/12/18
   ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ︱ ᠪᠠᠷᠠᠭᠤᠨ ᠦᠵᠦᠮᠦᠴᠢᠨ ᠬᠤᠰᠢᠭᠤᠨ  ᠤ ᠪᠠᠶᠠᠨᠬᠤᠸᠠ ᠪᠠᠯᠭᠠᠰᠤᠨ ᠤ ᠪᠠᠯᠭᠠᠰᠣᠨ ᠲᠡᠰ ᠤᠨ ᠤᠷᠤᠯᠳᠤᠭᠠᠨ  ᠠᠮᠵᠢᠯᠲᠠᠲᠠᠢ ᠶᠠᠪᠤᠭᠳᠠᠪᠠ                                              12 ᠰᠠᠷ᠎ᠠ ᠶᠢᠨ 10 ᠤ ᠡᠳᠦᠷ᠂ ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠳᠤᠮᠳᠠᠳᠤ ᠤᠯᠤᠰ ᠤᠨ ᠠᠳᠤᠭᠤᠨ ᠰᠤᠶᠤᠯ ᠤᠨ ᠲᠥᠪ ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ︱ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠸᠠ ᠪᠠᠯᠭᠠᠰᠤᠨ ᠤ  ᠪᠠᠯᠭᠠᠰᠤᠨ ᠲᠡᠰ ᠤᠨ ᠤᠷᠤᠯᠳᠤᠭᠠᠨ   ᠠᠮᠵᠢᠯᠲᠠᠲᠠᠢ ᠶᠠᠪᠤᠭᠳᠠᠵᠤ ᠥᠨᠳᠦᠷᠯᠡᠯ᠎ᠡ  ᠃    ᠴᠠᠰᠤ ᠮᠥᠰᠥᠨ ᠳᠤ ᠬᠤᠴᠢᠭᠳᠠᠭᠰᠠᠨ ᠮᠥᠩᠭᠦᠨ ᠡᠪᠦᠯ ᠤᠨ ᠦᠵᠦᠮᠦᠴᠢᠨ ᠨᠤᠲᠤᠭ  ᠲᠤ  ᠬᠤᠷᠳᠦ ᠰᠣᠷᠢᠭᠰᠠᠨ ᠮᠤᠷᠢᠨ ᠤᠷᠤᠯᠳᠤᠭᠠᠨ ᠬᠥᠮᠥᠰ  ᠤᠨ ᠰᠡᠳᠬᠢᠯ  ᠢ ᠳᠣᠭᠳᠤᠯᠠᠭᠤᠯᠵᠤ᠂ 15 ᠺᠢᠯᠣᠮᠧᠲᠷ ᠤᠨ ᠠᠯᠤᠰ ᠤᠨ ᠮᠣᠷᠢᠨ ᠤ ᠤᠷᠤᠯᠳᠤᠭᠠᠨ ᠤ ᠲᠦᠷᠦᠭᠦᠦ 8 ᠳᠤ ᠰᠢᠯᠭᠠᠷᠠᠭᠰᠠᠨ ᠮᠣᠷᠢᠳ ᠪᠤᠯᠤᠨ 6000 ᠮᠧᠲᠷ ᠤᠨ ᠬᠦᠴᠦᠨ ᠳᠠᠮᠵᠢᠭᠤᠯᠬᠤ ᠤᠷᠤᠯᠳᠤᠭᠠᠨ ᠤ  ᠮᠠᠩᠯᠠᠢ ᠳᠤᠭᠤᠶᠢᠯᠠᠩ ᠬᠤᠰᠢᠭᠤ ᠳᠡᠰ ᠤᠨ ᠤᠷᠤᠯᠳᠤᠭᠠᠨ ᠳᠤ ᠣᠷᠤᠯᠴᠠᠬᠤ ᠡᠷᠬᠡ ᠶᠢ ᠣᠯᠵᠤ᠂ ᠤᠶᠠᠭᠰᠠᠨ ᠡᠵᠡᠨ ᠢᠶᠠᠨ  ᠪᠠᠶᠠᠰᠬᠠᠵᠠᠢ᠃     ᠮᠣᠩᠭᠤᠯ ᠮᠣᠷᠢᠨ ᠤ ᠬᠤᠯᠪᠤᠭᠠᠲᠤ ᠤᠷᠤᠯᠳᠤᠭᠠᠨ ᠨᠢ ︽ᠵᠣᠪᠠᠭᠤᠷᠢ ᠵᠦᠳᠡᠭᠦᠷᠢ ᠶᠢ ᠳᠡᠰᠪᠤᠷᠢᠯᠡᠬᠦ᠂  ᠪᠤᠴᠠᠯᠲᠠ ᠦᠭᠡᠢ ᠤᠷᠤᠭᠰᠢᠯᠠᠬᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ︾ ᠮᠣᠩᠭᠤᠯ ᠮᠣᠷᠢᠨ  ᠤ ᠵᠣᠷᠢᠭ ᠰᠠᠨᠠᠭ᠎ᠠ  ᠂ ᠮᠣᠬᠤᠰᠢ ᠦᠭᠡᠢ ᠡᠷᠴᠢ ᠬᠦᠴᠦ ᠶᠢ ᠭᠦᠢᠴᠡᠳ  ᠬᠠᠷᠠᠭᠤᠯᠤᠨ᠂  ᠲᠠᠯ᠎ᠠ ᠨᠤᠲᠤᠭ ᠤᠨ ᠬᠥᠪᠡᠭᠦᠳ ᠦᠬᠢᠳ ᠤᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠨ ᠬᠠᠮᠲᠤᠪᠡᠷ ᠣᠷᠣᠭᠰᠢᠯᠠᠬᠤ ᠢᠲᠡᠭᠡᠯ  ᠵᠣᠷᠢᠭ ᠢ ᠬᠥᠪᠴᠢᠯᠡᠭᠰᠡᠨ ᠪᠠᠶᠢᠨ᠎ᠠ  ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号