ᠪᠠᠷᠠᠭᠤᠨ ᠦᠵᠦᠮᠦᠴᠢᠨ ᠬᠤᠰᠢᠭᠤᠨ ᠤ ᠣᠯᠠᠭᠠᠨᠬᠠᠭᠠᠯᠭ᠎ᠠ ᠰᠣᠮᠣᠨ ᠤ ᠮᠠᠯᠵᠢᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ  ᠪᠠᠶᠢᠭᠤᠯᠤᠭᠳᠠᠯ᠎ᠠ
ᠨᠡᠶᠢᠲᠡᠯᠡᠭᠰᠡᠨ ᠴᠠᠭ᠄
2023/12/18
ᠪᠠᠷᠠᠭᠤᠨ ᠦᠵᠦᠮᠦᠴᠢᠨ ᠬᠤᠰᠢᠭᠤᠨ ᠤ ᠣᠯᠠᠭᠠᠨᠬᠠᠭᠠᠯᠭ᠎ᠠ ᠰᠣᠮᠣᠨ ᠤ ᠮᠠᠯᠵᠢᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ  ᠪᠠᠶᠢᠭᠤᠯᠤᠭᠳᠠᠯ᠎ᠠ                                                              12 ᠰᠠᠷ᠎ᠠ ᠶᠢᠨ 11 ᠤ ᠡᠳᠦᠷ᠂ ᠣᠯᠠᠭᠠᠨᠬᠠᠭᠠᠯᠭ᠎ᠠ ᠰᠣᠮᠣᠨ ᠤ ᠮᠠᠯᠵᠢᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ  ᠪᠠᠶᠢᠭᠤᠯᠣᠭᠳᠠᠬᠤ ᠶᠣᠰᠣᠯᠠᠯ ᠣᠯᠠᠭᠠᠨᠬᠠᠭᠠᠯᠭ᠎ᠠ ᠰᠣᠮᠣᠨ ᠳᠤ ᠶᠠᠪᠤᠭᠳᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋  ᠳᠠᠷᠤᠭ᠎ᠠ ᠬᠠᠢ ᠱᠠᠨ᠂ ᠣᠯᠠᠭᠠᠨᠬᠠᠭᠠᠯᠭ᠎ᠠ ᠰᠣᠮᠣᠨ ᠤ ᠬᠠᠷᠢᠭᠤᠴᠠᠯᠭᠠᠲᠠᠨ ᠵᠢᠴᠢ ᠪᠠᠷᠠᠭᠤᠨ ᠦᠵᠦᠮᠦᠴᠢᠨ ᠬᠤᠰᠢᠭᠤᠨ ᠤ  ᠪᠠᠭᠪᠠᠭ᠋ᠠᠢ ᠴᠡᠴᠡᠭ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠺᠣᠮᠫᠠᠨᠢ ᠶᠢᠨ ᠲᠥᠯᠥᠭᠡᠯᠡᠭᠴᠢ᠂ ᠮᠠᠯᠵᠢᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ ᠤᠨ ᠪᠥᠬᠦ ᠠᠵᠢᠯᠲᠠᠳ ᠶᠣᠰᠣᠯᠠᠯ ᠳᠤ ᠣᠷᠣᠯᠴᠠᠪᠠ᠃      ᠣᠶᠢᠯᠠᠭᠠᠭᠰᠠᠨ ᠢᠶᠠᠷ᠂ ᠣᠯᠠᠭᠠᠨᠬᠠᠭᠠᠯᠭ᠎ᠠ ᠰᠤᠮᠤ ᠨᠢ ᠨᠡᠶᠢᠭᠡᠮᠴᠢᠯᠡᠭᠰᠡᠨ ᠦᠢᠯᠡᠴᠢᠯᠡᠭᠡᠨ ᠤ ᠲᠤᠷᠰᠢᠯᠲᠠ ᠶᠢᠨ ᠨᠢᠭᠡᠴᠡ ᠪᠣᠯᠤᠭᠰᠠᠨ ᠤ ᠬᠤᠪᠢ ᠳᠤ᠂ ᠮᠠᠯᠵᠢᠬᠤ ᠣᠷᠣᠨ ᠤ ᠣᠷᠴᠢᠨ ᠲᠣᠭᠤᠷᠢᠨ ᠤ ᠣᠨᠴᠠᠯᠢᠭ ᠢ ᠦᠨᠳᠦᠰᠦᠯᠡᠵᠦ᠂ ᠤᠯᠠᠷᠢᠯ ᠤᠨ ᠴᠢᠨᠠᠷᠲᠠᠢ ᠡᠪᠡᠰᠦ ᠬᠠᠳᠤᠬᠤ᠂ ᠠᠮᠢᠲᠠᠨ ᠤ ᠬᠢᠵᠢᠭ ᠡᠪᠡᠳᠴᠢᠨ᠂ ᠬᠥᠮᠥᠰ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠵᠡᠷᠭᠡ ᠠᠰᠠᠭᠤᠳᠠᠯ ᠢ ᠰᠢᠢᠳᠪᠦᠷᠢᠯᠡᠬᠦ ᠲᠣᠭᠤᠷᠢᠨ ᠳᠤ᠂ ᠣᠯᠠᠨ ᠡᠰᠢᠵᠢᠭᠰᠡᠨ᠂ ᠣᠯᠠᠨ ᠲᠠᠰ ᠳᠠᠪᠬᠤᠷᠭ᠎ᠠ ᠶᠢᠨ᠂ ᠣᠯᠠᠨ ᠲᠥᠷᠥᠯ ᠬᠡᠯᠪᠡᠷᠢ ᠶᠢᠨ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠰᠦᠪᠡᠭᠴᠢᠯᠡᠨ ᠬᠥᠭᠵᠢᠭᠦᠯᠵᠦ᠂ ᠰᠢᠨ᠎ᠡ ᠠᠷᠭ᠎ᠠ ᠵᠠᠮ ᠢ ᠡᠭᠦᠳᠦᠨ ᠨᠡᠭᠡᠭᠡᠵᠦ᠂ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ ᠢ ᠪᠠᠶᠢᠭᠤᠯᠤᠨ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠪᠠᠶᠢᠭᠠᠳ ︽2+1+N︾ ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠭᠪᠤᠷ ᠢ ᠪᠣᠶ ᠪᠣᠯᠭᠠᠵᠤ᠂ 7 ᠦᠢᠯᠡᠴᠢᠯᠡᠭᠡᠨ ᠤ ᠡᠩᠨᠡᠭᠡ ᠶᠢ ᠶᠡᠷᠦᠩᠬᠡᠶᠢᠯᠡᠨ᠂ 13 ᠭᠠᠴᠠᠭᠠᠨ ᠤ ᠬᠤᠯᠪᠣᠭᠠᠴᠢᠨ ᠲᠠᠢ ᠬᠠᠷᠢᠯᠴᠠᠵᠤ᠂ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠳᠤ ᠲᠥᠬᠦᠮ ᠦᠵᠡᠭᠦᠯᠵᠦ᠂ ᠮᠠᠯᠴᠢᠨ ᠲᠦᠮᠡᠨ ᠤ ᠪᠣᠳᠠᠰ ᠤᠨ ᠪᠠ ᠣᠶᠤᠨ ᠰᠠᠨᠠᠭᠠᠨ ᠤ ᠬᠡᠷᠡᠭᠴᠡᠭᠡ  ᠱᠠᠭᠠᠷᠳᠠᠯᠭ᠎ᠠ ᠶᠢ ᠬᠠᠩᠭᠠᠪᠠ  ᠃     ᠲᠠᠷᠠᠭᠠᠴᠢ ᠶᠢᠨ ᠠᠯᠬᠤᠮ ᠳᠤ᠂ ᠣᠯᠠᠭᠠᠨᠬᠠᠭᠠᠯᠭ᠎ᠠ ᠰᠤᠮᠤ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠦᠷᠭᠦᠯᠵᠢᠯᠡᠨ  ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ  ᠬᠦᠴᠦᠨ ᠨᠡᠮᠡᠷᠢᠯᠡᠨ᠂  ᠪᠥᠬᠦ ᠬᠤᠰᠢᠭᠤᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ︽ᠳᠠᠭᠠᠭᠤᠯᠤᠭᠴᠢ︾  ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠪᠣᠯᠣᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号