ᠴᠠᠭᠠᠨᠪᠤᠭᠤᠲᠤ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠵᠦᠢ ᠵᠤᠬᠢᠰᠳᠠᠢ  ᠠᠰᠢᠭᠯᠠᠯᠳᠠ ᠨᠢ ᠬᠠᠮᠳᠤ ᠪᠠ ᠮᠠᠯᠵᠢᠬᠤ ᠡᠷᠦᠬᠡ ᠳᠤ ᠬᠤᠤᠰ ᠠᠰᠢᠭ ᠬᠦᠷᠳᠡᠭᠡᠪᠡ
ᠨᠡᠶᠢᠲᠡᠯᠡᠭᠰᠡᠨ ᠴᠠᠭ᠄
2023/12/18
       ᠴᠠᠭᠠᠨᠪᠤᠭᠤᠲᠤ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠵᠦᠢ ᠵᠤᠬᠢᠰᠳᠠᠢ        ᠠᠰᠢᠭᠯᠠᠯᠳᠠ ᠨᠢ ᠬᠠᠮᠳᠤ ᠪᠠ ᠮᠠᠯᠵᠢᠬᠤ ᠡᠷᠦᠬᠡ ᠳᠤ ᠬᠤᠤᠰ ᠠᠰᠢᠭ ᠬᠦᠷᠳᠡᠭᠡᠪᠡ                                        ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠸᠠ ᠪᠠᠯᠭᠠᠰᠤᠨ ᠤ ᠴᠠᠭᠠᠨᠪᠤᠭᠤᠲᠤ ᠭᠠᠴᠠᠭ᠎ᠠ ᠨᠢ ᠬᠠᠮᠲᠤ ᠶᠢᠨ ᠠᠵᠤ ᠠᠬᠤᠢ ᠶᠢᠨ ᠬᠠᠮᠢᠶᠠᠷᠤᠯᠲᠠ ᠪᠠ ᠠᠰᠢᠠᠠᠯᠠᠯᠳᠠ ᠶᠢ ᠰᠠᠶᠢᠲᠤᠷ ᠬᠢᠵᠦ᠂ ᠠᠵᠢᠯ ᠤᠨ ᠦᠷ᠎ᠡ ᠪᠦᠳᠦᠮᠵᠢ ᠪᠠᠨ ᠲᠡᠭᠡᠭᠰᠢᠯᠡᠬᠦᠯᠦᠨ ᠮᠠᠯᠴᠢᠨ ᠲᠦᠮᠡᠨ ᠳᠡᠭᠡᠨ ᠠᠰᠢᠭ ᠬᠦᠷᠳᠡᠭᠡᠵᠦ ᠪᠠᠶᠢᠨ᠎ᠠ᠃      ᠴᠠᠭᠠᠨᠪᠤᠭᠤᠲᠤ  ᠭᠠᠴᠠᠭᠠᠨ ᠤ ᠮᠠᠯᠴᠢᠨ ᠡᠷᠳᠡᠨᠢᠳᠤᠠᠠᠳᠠᠬᠤ 1640 ᠮᠦ ᠪᠡᠯᠴᠢᠭᠡᠷ ᠲᠡᠭᠡᠷ᠎ᠡ ᠪᠠᠨ 8200 ᠮᠦ ᠨᠤᠳᠤᠭ  ᠲᠦᠷᠢᠶᠡᠰᠦᠯᠡᠨ 110 ᠦᠬᠡᠷ᠂ 500  ᠭᠠᠷᠣᠢ ᠬᠤᠨᠢ ᠮᠠᠯᠵᠢᠵᠤ᠂ ᠮᠠᠯ ᠤᠨ ᠲᠤᠭ᠎ᠠ ᠲᠣᠯᠣᠭᠠᠢ ᠨᠢ ᠨᠡᠯᠢᠶᠡᠳ ᠤᠯᠠᠨ ᠪᠣᠯᠬᠤᠷ ᠵᠢᠯ ᠳᠡᠭᠡᠨ ᠡᠪᠡᠰᠦ ᠪᠣᠷᠳᠤᠭ᠎ᠠ ᠬᠤᠳᠠᠯᠳᠤᠨ ᠠᠪᠴᠤ ᠪᠠᠭ᠎ᠠ ᠪᠤᠰᠤ ᠵᠠᠷᠤᠳᠠᠯ ᠮᠦᠩᠭᠦ ᠵᠠᠷᠤᠴᠠᠭᠤᠯᠳᠠᠭ ᠪᠠᠶᠢᠯ᠎ᠠ᠃ ᠡᠨᠡ ᠵᠢᠯ ᠡᠳᠡᠨᠡᠶᠢᠬᠢᠨ ᠬᠠᠮᠲᠤ ᠶᠢᠨ ᠬᠠᠳᠤᠯᠠᠩ ᠠᠴᠠ ᠪᠠᠨ ᠡᠪᠡᠰᠦ ᠬᠤᠪᠢᠳᠠᠨ ᠤᠯᠤᠭᠰᠠᠨ ᠮᠦᠷᠳᠡᠭᠡᠨ ᠭᠠᠴᠠᠭᠠᠨ ᠤ ᠬᠠᠮᠳᠤ ᠶᠢᠨ ᠰᠦᠷᠦᠭ ᠠᠴᠠ ᠪᠤᠬ᠎ᠠ ᠲᠦᠷᠢᠶᠡᠰᠦᠯᠡᠨ ᠦᠬᠡᠷ ᠤᠨ ᠡᠭᠦᠯᠳᠡᠷ  ᠪᠠᠨ ᠰᠠᠶᠢᠵᠢᠷᠠᠭᠤᠯᠵᠤ ᠡᠬᠢᠯᠡᠭᠰᠡᠨ ᠪᠠᠶᠢᠨ᠎ᠠ᠃ ︵ᠰᠤᠷᠪᠤᠯᠵᠢᠯᠠᠭ᠎ᠠ᠄ ᠮᠠᠯᠴᠢᠨ ᠡᠷᠳᠡᠨᠢᠳᠤᠠᠠᠳᠠᠬᠤ︶    ᠴᠠᠭᠠᠠᠪᠤᠭᠤᠳᠤ ᠭᠠᠴᠠᠭ᠎ᠠ ᠨᠢ 14500 ᠮᠦ ᠬᠠᠮᠲᠤ ᠶᠢᠨ ᠨᠤᠳᠤᠭ ᠪᠡᠯᠴᠢᠭᠡᠷ ᠤᠨ ᠡᠬᠢ ᠪᠠᠶᠠᠯᠢᠭ ᠢᠶᠠᠨ ᠠᠰᠢᠠᠠᠯᠠᠨ ᠬᠠᠮᠲᠤ ᠶᠢᠨ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠬᠠᠶᠢᠨ ᠰᠦᠪᠡᠭᠴᠢᠯᠡᠵᠦ᠂ ᠤᠤᠯ ᠤᠨ ᠲᠦᠷᠢᠶᠡᠰᠦᠯᠡᠭᠦᠯᠵᠦ ᠪᠠᠶᠢᠭᠰᠠᠨ ᠡᠵᠡᠩᠨᠡᠯᠲᠡ ᠶᠢᠨ ᠬᠡᠯᠪᠡᠷᠢ ᠪᠠᠨ ᠬᠤᠪᠢᠷᠠᠭᠤᠯᠤᠨ ᠭᠠᠴᠠᠭ᠎ᠠ ᠨᠢ ᠬᠠᠷᠢᠭᠤᠴᠠᠨ ᠡᠵᠡᠩᠨᠡᠬᠦ ᠶᠢᠨ ᠬᠠᠮᠲᠤ ᠨᠠᠷᠢᠨ ᠨᠢᠠᠠᠳᠠ ᠬᠠᠮᠢᠶᠠᠷᠤᠯᠲᠠ ᠶᠢᠨ ᠳᠦᠷᠢᠮ ᠲᠤᠠᠠᠳᠠᠭᠠᠭᠰᠠᠨ ᠢᠶᠠᠷ ᠬᠠᠮᠳᠤ ᠶᠢᠨ ᠠᠵᠤ ᠠᠬᠤᠢ ᠶᠢᠨ ᠣᠷᠣᠯᠭ᠎ᠠ ᠨᠢ ᠮᠡᠳᠡᠭᠳᠡᠮ᠎ᠡ ᠳᠡᠭᠡᠭᠰᠢᠯᠡᠵᠦ᠂ ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ᠂ ᠡᠨᠡ ᠵᠢᠯ ᠤᠨ ᠣᠷᠣᠯᠭ᠎ᠠ 65 ᠲᠦᠮᠡᠨ ᠲᠥᠭᠦᠷᠢᠭ ᠨᠡᠮᠡᠭᠳᠡᠵᠦ᠂ ᠪᠥᠬᠦ ᠵᠢᠯ ᠳᠤ ᠡᠷᠦᠬᠡ ᠪᠦᠷᠢ ᠳᠤ ᠳᠤᠮᠳᠠᠴᠢ ᠪᠠᠷ 3000 ᠲᠥᠭᠦᠷᠢᠭ ᠤᠨ ᠬᠠᠮᠲᠤ ᠶᠢᠨ ᠠᠵᠤ ᠠᠬᠤᠢ ᠶᠢᠨ ᠠᠰᠢᠭ ᠬᠤᠪᠢᠶᠠᠷᠢᠯᠠᠯᠲᠠ ᠶᠢ  ᠬᠦᠷᠳᠡᠭᠡᠨ ᠬᠠᠮᠲᠤ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠪᠠ ᠮᠠᠯᠵᠢᠬᠤ ᠡᠷᠦᠬᠡ ᠳᠤ ᠠᠰᠢᠭ ᠬᠦᠷᠳᠡᠭᠡᠬᠦ ᠶᠢ ᠪᠠᠳᠤᠯᠠᠪᠠ᠃      ᠴᠠᠭᠠᠠᠪᠤᠭᠤᠳᠤ ᠭᠠᠴᠠᠭ᠎ᠠ ᠨᠢ ᠮᠠᠯ ᠠᠵᠤ ᠠᠬᠤᠢ ᠶᠢᠨ ᠬᠥᠭᠵᠢᠯᠲᠡ ᠶᠢᠨ ᠬᠠᠨᠳᠤᠰᠢ ᠪᠠ ᠮᠠᠯᠴᠢᠳ ᠤᠨ  ᠢᠶᠠᠨ ᠰᠠᠨᠠᠯ ᠢ ᠦᠨᠳᠦᠰᠦᠯᠡᠨ ᠡᠨᠡ ᠵᠢᠯ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠤᠷᠤᠯᠭ᠎ᠠ ᠪᠠᠷ  ᠢᠶᠠᠨ 39 ᠲᠣᠯᠣᠭᠠᠢ ᠰᠢᠯᠢᠳᠡᠭ ᠡᠭᠦᠯᠳᠡᠷ ᠤᠨ ᠰᠢᠮᠧᠨ᠋ᠲᠷ ᠪᠤᠬ᠎ᠠ ᠬᠤᠳᠠᠯᠳᠤᠨ ᠤᠷᠤᠭᠤᠯᠵᠤ  ᠂ ᠵᠠᠬ᠎ᠠ ᠳᠡᠯᠭᠡᠭᠦᠷ ᠤᠨ ᠦᠨ᠎ᠡ ᠠᠴᠠ ᠲᠤᠤᠭᠤᠷ ᠮᠠᠯᠴᠢᠳ ᠲᠠᠭᠠᠨ ᠲᠦᠷᠢᠶᠡᠰᠦᠯᠡᠨ ᠬᠡᠷᠡᠭᠯᠡᠭᠦᠯᠵᠦ᠂ ᠨᠠᠮᠤᠷ ᠤᠨ ᠬᠠᠳᠤᠯᠠᠩ ᠤᠨ ᠦᠶ᠎ᠡ ᠳᠤ ᠬᠠᠮᠲᠤ ᠶᠢᠨ ᠪᠡᠯᠴᠢᠭᠡᠷ ᠠᠴᠠ ᠪᠠᠨ 900 ᠢᠯᠡᠭᠦᠦ ᠲᠣᠨ ᠡᠪᠡᠰᠦ ᠬᠤᠷᠢᠶᠠᠭᠰᠠᠨ ᠪᠥᠭᠡᠳ ᠵᠠᠬ᠎ᠠ ᠳᠡᠯᠭᠡᠭᠦᠷ ᠤᠨ ᠦᠨ᠎ᠡ ᠠᠴᠠ  ᠳᠣᠣᠷ᠎ᠠ ᠦᠨ᠎ᠡ ᠪᠠᠷ ᠲᠣᠰ  ᠭᠠᠴᠠᠭᠠᠨ ᠤ 181 ᠮᠠᠯᠵᠢᠬᠤ ᠡᠷᠦᠬᠡ ᠳᠤ ᠪᠠᠨ ᠬᠤᠳᠠᠯᠳᠤᠨ ᠦᠭᠴᠦ ᠠᠵᠤ ᠠᠬᠤᠢ ᠶᠢᠨ ᠳᠠᠷᠤᠭᠠᠰᠤ ᠶᠢ ᠨᠢ ᠬᠦᠩᠭᠡᠯᠡᠪᠡ᠃ ᠡᠭᠦᠨ ᠤ ᠬᠠᠮᠳᠤ᠂ ᠮᠠᠯᠴᠢᠳ ᠤᠨ ᠨᠠᠰᠤᠵᠢᠯ ᠤᠨ ᠳᠠᠭᠠᠳᠬᠠᠯ  ᠳᠤ ᠵᠤᠬᠢᠬᠤ ᠨᠦᠬᠦᠪᠦᠷᠢ ᠤᠯᠭᠤᠨ  ᠂ ᠬᠤᠷᠰᠢᠭᠰᠠᠨ ᠡᠮᠨᠡᠯᠭᠡ ᠶᠢᠨ ᠳᠠᠭᠠᠳᠬᠠᠯ ᠤᠨ  ᠰᠦᠢᠳᠬᠡᠯ ᠢ ᠨᠢ ᠲᠤᠰᠢᠶᠠᠵᠤ ᠂ ᠡᠭᠦᠨ ᠳᠤ ᠪᠦᠬᠦ ᠭᠠᠴᠠᠭᠠᠨ ᠤ ᠮᠠᠯᠴᠢᠳ ᠤᠨ ᠡᠮ ᠡᠮᠨᠡᠯᠭᠡ ᠶᠢᠨ ᠳᠠᠭᠠᠳᠬᠠᠯ ᠳᠤ ᠨᠡᠶᠢᠲᠡ 198000 ᠲᠥᠭᠦᠷᠢᠭ ᠨᠦᠬᠦᠪᠦᠷᠢᠯᠡᠨ ᠦᠭᠴᠦ  ᠂ ᠰᠢᠨ᠎ᠡ ᠮᠠᠯᠵᠢᠬᠤ ᠤᠷᠤᠨ ᠤ ᠪᠦᠳᠦᠭᠡᠨ ᠪᠠᠶᠢᠭᠤᠯᠤᠯᠳᠠ ᠶᠢᠨ ᠠᠶᠠᠨ ᠳᠤ ᠢᠳᠡᠷᠡᠭᠦᠨ ᠢᠶᠠᠷ ᠤᠷᠤᠠᠠᠰᠢᠯᠠᠵᠦ ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号