ᠪᠠᠷᠠᠭᠤᠨ ᠦᠵᠦᠮᠦᠴᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ︽ᠪᠠᠭᠰᠢ ᠶᠢᠨ ᠵᠢᠭᠠᠨ ᠰᠤᠷᠭᠠᠯᠲᠠ ᠶᠢᠨ ᠪᠤᠰᠤ ᠠᠵᠢᠯ ᠡᠭᠦᠷᠭᠡ ᠶᠢ ᠵᠢᠷᠤᠮᠵᠢᠭᠤᠯᠵᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ︾ ᠲᠤᠰᠬᠠᠢ ᠰᠡᠳᠦᠪᠲᠦ ᠬᠤᠷᠠᠯ  ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/19
ᠪᠠᠷᠠᠭᠤᠨ ᠦᠵᠦᠮᠦᠴᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ︽ᠪᠠᠭᠰᠢ ᠶᠢᠨ ᠵᠢᠭᠠᠨ ᠰᠤᠷᠭᠠᠯᠲᠠ ᠶᠢᠨ ᠪᠤᠰᠤ ᠠᠵᠢᠯ ᠡᠭᠦᠷᠭᠡ ᠶᠢ ᠵᠢᠷᠤᠮᠵᠢᠭᠤᠯᠵᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ︾ ᠲᠤᠰᠬᠠᠢ ᠰᠡᠳᠦᠪᠲᠦ ᠬᠤᠷᠠᠯ  ᠬᠤᠷᠠᠯᠳᠤᠭᠤᠯᠪᠠ                            12 ᠰᠠᠷ᠎ᠠ ᠶᠢᠨ 14 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ︽ᠪᠠᠭᠰᠢ ᠨᠠᠷ ᠤᠨ ᠵᠢᠭᠠᠨ ᠰᠤᠷᠭᠠᠯᠲᠠ ᠶᠢᠨ ᠪᠤᠰᠤ ᠠᠵᠢᠯ ᠡᠭᠦᠷᠭᠡ ᠶᠢ ᠵᠢᠷᠤᠮᠵᠢᠭᠤᠯᠵᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ︾ ᠲᠤᠰᠬᠠᠢ ᠰᠡᠳᠦᠪᠲᠦ ᠵᠥᠪᠯᠡᠯᠭᠡᠨ ᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠦ᠋ ᡁᠢ ᠴᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠳ᠋ᠦᠩ ᠹᠧᠩ ᠬᠤᠷᠠᠯ ᠢ ᠡᠷᠭᠢᠯᠡᠪᠡ᠃  ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠡᠶᠢᠭᠡᠮ ᠤᠨ ᠪᠠ ᠬᠠᠤᠯᠢ ᠳᠦᠷᠢᠮ ᠤᠨ ᠵᠥᠪᠯᠡᠯ ᠤᠨ ᠬᠠᠷᠢᠭᠤᠴᠠᠯᠭᠠᠲᠠᠨ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠬᠡᠰᠡᠭ ᠪᠠᠶᠢᠩᠭᠤ ᠶᠢᠨ ᠭᠡᠰᠢᠭᠦᠨ᠂ ᠭᠡᠰᠢᠭᠦᠳ ᠪᠠ ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ᠂ ᠬᠡᠰᠡᠭ ᠳᠤᠮᠳᠠᠳᠤ ᠪᠠᠭ᠎ᠠ ᠰᠤᠷᠭᠠᠭᠤᠯᠢ ᠶᠢᠨ ᠭᠤᠣᠯ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃   ᠬᠤᠷᠠᠯ ᠳᠤ᠂ ︽ᠪᠠᠭᠰᠢ ᠶᠢᠨ ᠵᠢᠭᠠᠨ ᠰᠤᠷᠭᠠᠯᠲᠠ ᠶᠢᠨ ᠪᠤᠰᠤ ᠠᠵᠢᠯ ᠡᠭᠦᠷᠭᠡ ᠶᠢ ᠵᠢᠷᠤᠮᠵᠢᠭᠤᠯᠵᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ  ᠳᠡᠭᠡᠭᠰᠢᠯᠡᠭᠦᠯᠬᠦ︾ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠪᠠᠶᠢᠳᠠᠯ ᠢ ᠨᠡᠶᠢᠲᠡᠯᠡᠵᠦ᠂ ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ᠂  ᠡᠯ᠎ᠡ ᠳᠣᠮᠳᠠᠳᠣ ᠪᠠᠭ᠎ᠠ ᠰᠤᠷᠭᠠᠭᠤᠯᠢ ᠶᠢᠨ ᠭᠤᠣᠯ ᠬᠠᠷᠢᠭᠤᠴᠠᠯᠭᠠᠲᠠᠨ ᠵᠢᠴᠢ ᠬᠡᠰᠡᠭ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠭᠡᠰᠢᠭᠦᠳ ᠵᠥᠪᠯᠡᠬᠦ ᠰᠡᠳᠦᠪ ᠤᠨ ᠲᠣᠭᠤᠷᠢᠨ ᠳᠤ ᠶᠠᠷᠢᠶ᠎ᠠ ᠲᠠᠯᠪᠢᠵᠤ᠂ ᠬᠤᠷᠠᠯ ᠳᠤ ᠣᠷᠣᠯᠴᠠᠭᠰᠠᠳ ᠵᠥᠪᠯᠡᠬᠦ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠨ ᠶᠠᠷᠢᠯᠴᠠᠵᠤ᠂ ᠰᠠᠨᠠᠯ ᠰᠠᠨᠠᠭᠤᠯᠭ᠎ᠠ ᠳᠤᠷᠠᠳᠪᠠ᠃ ᠬᠤᠰᠢᠭᠤ ᠵᠠᠰᠠᠭ ᠤᠨ ᠣᠷᠳᠣᠨ ᠤ  ᠳᠡᠳ᠋ ᠳᠠᠷᠤᠭ᠎ᠠ ᠦ᠋ ᡁᠢ ᠴᠢᠶᠠᠩ ᠪᠠᠭᠰᠢ ᠶᠢᠨ ᠵᠢᠭᠠᠨ ᠰᠤᠷᠭᠠᠯᠲᠠ ᠶᠢᠨ ᠪᠤᠰᠤ ᠠᠵᠢᠯ ᠡᠭᠦᠷᠭᠡ ᠶᠢ ᠵᠢᠷᠤᠮᠵᠢᠭᠤᠯᠬᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠠᠮᠢᠶ᠎ᠠ ᠪᠦᠬᠦᠢ ᠠᠵᠢᠯ ᠤᠨ ᠲᠣᠭᠤᠷᠢᠨ ᠳᠤ ᠶᠠᠷᠢᠶ᠎ᠠ ᠲᠠᠯᠪᠢᠵᠤ᠂  ᠡᠯ᠎ᠡ ᠳᠤᠮᠳᠠᠳᠤ ᠪᠠᠭ᠎ᠠ ᠰᠤᠷᠭᠠᠭᠤᠯᠢ ᠨᠢ ᠳᠡᠭᠡᠳᠦ ᠱᠠᠲᠤᠨ ᠤ ᠪᠢᠴᠢᠭ ᠮᠠᠲ᠋ᠧᠷᠢᠶᠠᠯ᠂ ᠬᠤᠷᠠᠯ ᠤᠨ ᠵᠣᠷᠢᠭ ᠰᠠᠨᠠᠭ᠎ᠠ ᠶᠢ ᠣᠨᠣᠪᠴᠢᠲᠠᠶ ᠣᠶᠢᠯᠠᠭᠠᠵᠤ᠂ ᠪᠠᠭᠰᠢ ᠶᠢᠨ ᠰᠤᠷᠭᠠᠨ ᠬᠥᠮᠦᠵᠢᠯ ᠤᠨ ᠪᠤᠰᠤ ᠵᠢᠭᠠᠨ ᠰᠤᠷᠭᠠᠯᠲᠠ ᠶᠢᠨ ᠠᠵᠢᠯ  ᠡᠭᠦᠷᠭᠡ ᠶᠢᠨ ᠳᠠᠷᠤᠭᠠᠰᠤ ᠶᠢ ᠬᠥᠩᠭᠡᠯᠡᠬᠦ ᠠᠵᠢᠯ ᠢ ᠰᠠᠨᠠᠭᠠᠴᠢᠯᠠᠭ᠎ᠠ ᠠᠴᠠ ᠪᠠᠨ ᠰᠦᠪᠡᠭᠴᠢᠯᠡᠬᠦ ᠬᠡᠷᠡᠭᠲᠡᠢ ᠭᠡᠵᠦ ᠱᠠᠭᠠᠷᠳᠠᠪᠠ᠃    ᠬᠤᠰᠢᠭᠤ ᠤᠯᠤᠰ ᠳᠣᠶᠢᠷᠤ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠳ᠋ᠦᠩ ᠹᠧᠩ ᠳ᠋ᠦᠩᠨᠡᠯᠲᠡ ᠶᠢᠨ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠪᠠᠶᠢᠩᠭᠤ ᠶᠢᠨ ᠭᠡᠰᠢᠭᠦᠨ ᠪᠠ ᠭᠡᠰᠢᠭᠦᠳ ᠥᠪᠡᠷ ᠤᠨ ᠡᠭᠦᠷᠭᠡ ᠴᠢᠳᠠᠪᠤᠷᠢ ᠳᠠᠭᠠᠨ ᠰᠠᠭᠤᠷᠢᠯᠠᠨ᠂ ᠪᠠᠭᠰᠢ ᠶᠢᠨ ᠵᠢᠭᠠᠨ ᠰᠤᠷᠭᠠᠯᠲᠠ ᠶᠢᠨ ᠪᠤᠰᠤ ᠠᠵᠢᠯ ᠡᠭᠦᠷᠭᠡ ᠶᠢ ᠵᠢᠷᠤᠮᠵᠢᠭᠤᠯᠵᠤ᠂ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠠᠰᠢᠭᠲᠠᠢ ᠰᠠᠨᠠᠯ ᠰᠠᠨᠠᠭᠤᠯᠭ᠎ᠠ ᠶᠢ ᠢᠳᠡᠪᠬᠢᠲᠡᠢ ᠪᠠᠷ ᠨᠥᠬᠦᠪᠦᠷᠢᠯᠡᠬᠦ ᠬᠡᠷᠡᠭᠲᠡᠢ᠃ ᠤᠯᠤᠰ ᠲᠥᠷᠥ ᠶᠢᠨ ᠵᠥᠪᠯᠡᠯᠭᠡᠨ ᠤ ᠲᠤᠰᠬᠠᠢ ᠰᠡᠳᠦᠪᠲᠦ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠠᠨᠠᠯ ᠢ ᠭᠦᠢᠴᠡᠳ ᠬᠤᠷᠢᠶᠠᠵᠤ᠂ ᠴᠢᠨᠠᠷ ᠰᠠᠶᠢᠲᠠᠢ ᠵᠥᠪᠯᠡᠯᠭᠡᠨ ᠤ ᠦᠷ᠎ᠡ ᠪᠦᠲᠦᠭᠡᠯ ᠢ ᠲᠤᠰᠢᠶᠠᠬᠤ ᠶᠢ ᠪᠠᠲᠤᠯᠠᠵᠤ᠂ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠤᠯᠤᠰ ᠲᠥᠷᠥ ᠶᠢᠨ ᠵᠥᠪᠯᠡᠯᠭᠡᠨ ᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号