ᠨᠠᠮᠤᠷ ᠤᠨ ᠤᠯᠠᠷᠢᠯ ᠳᠤ ᠬᠡᠦᠬᠡᠳ ᠤᠨ ᠬᠦᠷᠳᠦᠯᠢᠭ ᠸᠢᠷᠦ᠋ᠰ ᠤᠨ ᠬᠠᠯᠳᠠᠪᠤᠷᠢᠯᠠᠯ ᠠᠴᠠ ᠬᠢᠴᠢᠶᠡᠶ᠎ᠡ | | ᠨᠠᠮᠤᠷ ᠪᠣᠯᠪᠠᠯ᠂ ᠵᠠᠷᠢᠮ ᠬᠡᠦᠬᠡᠳ ᠤᠳ ᠪᠥᠭᠡᠯᠵᠢᠬᠦ᠂ ᠰᠠᠭᠤᠯᠭᠠᠬᠤ ᠪᠠᠶᠢᠳᠠᠯ ᠣᠯᠠᠰᠢᠷᠠᠳᠠᠭ᠂ ᠡᠨᠡ ᠨᠢ ᠬᠡᠦᠬᠡᠳ | ᠬᠦᠷᠳᠦᠯᠢᠭ ᠸᠢᠷᠦ᠋ᠰ ᠤᠨ ᠲᠦᠷᠭᠡᠨ ᠴᠢᠨᠠᠷᠲᠠᠢ ᠬᠤᠳᠣᠭᠤᠳᠤ ᠭᠡᠳᠡᠰᠦᠨ ᠤ ᠦᠷᠪᠢᠰᠦᠯ ᠳᠤ ᠬᠠᠯᠳᠠᠪᠤᠷᠢᠯᠠᠭᠳᠠᠭᠰᠠᠨ | ᠪᠠᠶᠢᠵᠤ ᠮᠡᠳᠡᠨ᠎ᠡ᠃ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ ᠣᠶᠢᠷ᠎ᠠ ᠳᠤ ᠡᠷᠡᠭᠦᠯ | ᠮᠡᠨᠲᠦ ᠶᠢᠨ ᠰᠠᠨᠠᠭᠤᠯᠤᠮᠵᠢ ᠨᠡᠶᠢᠲᠡᠯᠡᠵᠦ᠂ ᠬᠡᠦᠬᠡᠳ ᠪᠣᠯᠣᠨ ᠬᠡᠦᠬᠡᠳ ᠠᠰᠠᠷᠠᠭᠴᠢ ᠶᠢ ᠡᠷᠡᠭᠦᠯ ᠬᠠᠮᠠᠭᠠᠯᠠᠯ ᠤᠨ ᠰᠠᠶᠢᠨ | ᠳᠠᠳᠬᠠᠯ ᠲᠠᠢ ᠪᠠᠶᠢᠬᠤ᠂ ᠢᠯᠠᠩᠭᠤᠶ᠎ᠠ ᠭᠠᠷ ᠤᠨ ᠠᠷᠢᠭᠤᠨ ᠴᠡᠪᠡᠷ ᠢ ᠠᠩᠬᠠᠷᠬᠤ᠂ ᠪᠣᠬᠢᠷ ᠭᠠᠷ ᠢᠶᠠᠷ ᠢᠶᠠᠨ ᠠᠮᠠ᠂ ᠨᠢᠳᠦ᠂ | ᠬᠠᠮᠠᠷ ᠪᠠ ᠢᠳᠡᠭᠡᠨ ᠵᠡᠷᠭᠡ ᠳᠤ ᠬᠦᠷᠬᠦ ᠦᠭᠡᠢ᠂ ᠬᠡᠦᠬᠡᠳ ᠢ ᠪᠣᠬᠢᠷ ᠭᠠᠷ ᠢᠶᠠᠷ ᠢᠳᠡᠭᠦᠯᠬᠦ ᠦᠭᠡᠢ᠂ ᠬᠡᠦᠬᠡᠳ ᠤᠨ | ᠭᠠᠷ ᠢ ᠴᠠᠭ ᠲᠤᠬᠠᠢ ᠳᠤᠨᠢ ᠠᠷᠢᠭᠤᠳᠬᠠᠵᠤ᠂ ᠨᠠᠮᠤᠷ ᠤᠨ ᠤᠯᠠᠷᠢᠯ ᠤᠨ ᠬᠡᠦᠬᠡᠳ ᠤᠨ ᠬᠦᠷᠳᠦᠯᠢᠭ ᠸᠢᠷᠦ᠋ᠰ ᠤᠨ | ᠬᠠᠯᠳᠠᠪᠤᠷᠢᠯᠠᠯ ᠠᠴᠠ ᠰᠡᠷᠭᠡᠶᠢᠯᠡᠬᠦ ᠬᠡᠷᠡᠭᠲᠡᠢ ᠭᠡᠵᠦ ᠰᠠᠨᠠᠭᠤᠯᠤᠭᠰᠠᠨ ᠪᠠᠶᠢᠨ᠎ᠠ᠃ ᠡᠷᠡᠭᠦᠯ ᠮᠠᠨᠲᠦ ᠶᠢᠨ ᠰᠠᠨᠠᠭᠤᠯᠤᠮᠵᠢ ᠶᠢ | ᠦᠨᠳᠦᠰᠦᠯᠡᠪᠡᠯ᠂ ᠬᠦᠷᠳᠦᠯᠢᠭ ᠸᠢᠷᠦ᠋ᠰ ᠤᠨ ᠲᠦᠷᠭᠡᠨ ᠴᠢᠨᠠᠷᠲᠠᠢ ᠬᠤᠳᠣᠭᠤᠳᠤ ᠭᠡᠳᠡᠰᠦᠨ ᠤ ᠦᠷᠪᠢᠰᠦᠯ ᠢ | ᠶᠡᠷᠦ ᠳᠡᠭᠡᠨ ︽ᠬᠦᠷᠳᠦᠯᠢᠭ ᠸᠢᠷᠦ᠋ᠰ ᠤᠨ ᠬᠠᠯᠳᠠᠪᠤᠷᠢᠯᠠᠯ ᠢᠶᠠᠷ ᠰᠠᠭᠤᠯᠭᠠᠬᠤ︾ ᠪᠤᠶᠤ ︽ᠨᠠᠮᠤᠷ ᠤᠨ ᠤᠯᠠᠷᠢᠯ ᠳᠤ | ᠰᠠᠭᠤᠯᠭᠠᠬᠤ︾ ᠭᠡᠳᠡᠭ᠃ ᠨᠠᠮᠤᠷ ᠡᠪᠦᠯ ᠤᠨ ᠤᠯᠠᠷᠢᠯ ᠳᠤ᠂ ᠲᠡᠭᠦᠨ ᠤ ︽ᠳᠠᠭᠠᠷᠢᠯᠲᠠ︾ ᠨᠢ ᠨᠡᠩ ᠰᠢᠷᠦᠭᠦᠨ ᠪᠠᠶᠢᠳᠠᠭ᠃ | ᠡᠮᠴᠢᠯᠡᠭᠡᠨ ᠤ ᠰᠢᠨᠵᠢ ᠲᠡᠮᠳᠡᠭ ᠠᠴᠠ ᠦᠵᠡᠪᠡᠯ᠂ ᠬᠡᠦᠬᠡᠳ ᠬᠠᠮᠤᠭ ᠠᠩᠬᠠᠨ ᠳᠠᠭᠠᠨ ᠪᠥᠭᠡᠯᠵᠢᠵᠦ᠂ ᠰᠡᠭᠦᠯᠡᠷ ᠨᠢ | ᠠᠳᠠᠯᠢ ᠪᠤᠰᠤ ᠬᠡᠮᠵᠢᠶ᠎ᠡ ᠪᠠᠷ ᠰᠠᠭᠤᠯᠭᠠᠵᠤ᠂ ᠣᠯᠠᠩᠬᠢ ᠨᠢ ᠬᠠᠯᠠᠭᠤᠷᠠᠵᠤ᠂ ᠬᠦᠨᠳᠦ ᠨᠣᠴᠢᠲᠠᠢ ᠦᠶ᠎ᠡ ᠳᠤ ᠪᠠᠭᠠᠰᠤ ᠨᠢ | ᠠᠷᠪᠢᠨ᠂ ᠤᠰᠤ ᠨᠢ ᠶᠡᠭᠡ᠂ ᠤᠳᠠᠭ᠎ᠠ ᠨᠢ ᠠᠷᠪᠢᠨ᠂ ᠰᠢᠭᠡᠬᠦ ᠬᠡᠮᠵᠢᠶ᠎ᠡ ᠨᠢ ᠪᠠᠭ᠎ᠠ ᠵᠡᠷᠭᠡ ᠡᠮᠴᠢᠯᠡᠭᠡᠨ ᠤ ᠰᠢᠨᠵᠢ ᠲᠡᠮᠳᠡᠭ | ᠢᠯᠡᠷᠡᠨ᠎ᠡ᠃ ᠹᠦᠳᠡᠨ ᠶᠡᠭᠡ ᠰᠤᠷᠭᠠᠭᠤᠯᠢ ᠶᠢᠨ ᠬᠠᠷᠢᠶᠠᠲᠤ ᠬᠡᠦᠬᠡᠳ ᠤᠨ ᠰᠠᠯᠠᠭᠠᠨ ᠤ ᠡᠮᠨᠡᠯᠭᠡ ᠶᠢᠨ ᠬᠤᠷᠢᠶᠠᠨ ᠤ | ᠡᠮᠴᠢᠯᠡᠭᠡᠨ ᠤ ᠡᠬᠡᠯᠢᠯᠡᠭᠡ ᠶᠢᠨ ᠰᠠᠯᠠᠭᠠᠨ ᠤ ᠡᠷᠬᠢᠯᠡᠭᠴᠢ ᠸᠠᠩ ᠰᠢᠶᠣᠣ ᠴᠤᠸᠠᠨ ᠢᠯᠡᠷᠬᠡᠶᠢᠯᠡᠬᠦ ᠳᠡᠭᠡᠨ᠂ ᠬᠦᠷᠳᠦᠯᠢᠭ | ᠸᠢᠷᠦ᠋ᠰ ᠤᠨ ᠬᠠᠯᠳᠠᠪᠤᠷᠢᠯᠠᠯ ᠳᠤ ᠴᠢᠭᠯᠡᠭᠦᠯᠦᠨ᠂ ᠣᠳᠣᠬᠠᠨ ᠳᠤ ᠣᠨᠴᠠ ᠲᠤᠰᠠᠲᠠᠢ ᠡᠮ ᠲᠠᠩ ᠬᠠᠷᠠᠬᠠᠨ ᠪᠠᠶᠢᠬᠤ | ᠦᠭᠡᠢ᠂ ᠬᠦᠷᠳᠦᠯᠢᠭ ᠸᠢᠷᠦ᠋ᠰ ᠤᠨ ᠸᠠᠺᠼᠢᠨ ᠪᠣᠯ ᠬᠦᠷᠳᠦᠯᠢᠭ ᠸᠢᠷᠦ᠋ᠰ ᠤᠨ ᠬᠠᠯᠳᠠᠪᠤᠷᠢᠯᠠᠯ ᠤᠨ ᠴᠢᠨᠠᠷᠲᠠᠢ | ᠰᠠᠭᠤᠯᠭᠠᠬᠤ ᠶᠢ ᠰᠡᠷᠭᠡᠶᠢᠯᠡᠬᠦ ᠬᠠᠮᠤᠭ ᠤᠨ ᠪᠦᠳᠦᠮᠵᠢᠲᠡᠢ ᠠᠷᠭ᠎ᠠ ᠮᠥᠨ ᠭᠡᠵᠡᠢ᠃ ᠲᠤᠮᠳᠠᠲᠦ ᠤᠯᠤᠰ ᠤᠨ ᠡᠪᠡᠳᠴᠢᠨ | ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢᠯᠡᠷᠬᠡᠶᠢᠯᠡᠬᠦ ᠳᠡᠭᠡᠨ᠂ | ᠬᠠᠯᠳᠠᠪᠤᠷᠢᠯᠠᠭᠳᠠᠭᠰᠠᠨ ᠬᠡᠦᠬᠡᠳ ᠤᠨ ᠡᠪᠡᠳᠴᠢᠨ ᠤ ᠪᠠᠶᠢᠳᠠᠯ ᠨᠢ ᠡᠩ ᠤᠨ ᠪᠠᠶᠢᠳᠠᠯ ᠳᠤ ᠲᠡᠶᠢᠮᠦ ᠬᠦᠨᠳᠦ ᠪᠢᠰᠢ᠂ | ᠵᠣᠬᠢᠬᠤ ᠬᠡᠮᠵᠢᠶ᠎ᠡ ᠪᠠᠷ ᠰᠢᠩᠭᠡᠨ ᠨᠥᠬᠦᠪᠦᠷᠢᠯᠡᠪᠡᠯ ︽ᠡᠮ ᠬᠡᠷᠡᠭᠯᠡᠬᠦ ᠦᠭᠡᠢ ᠪᠠᠷ ᠡᠳᠡᠭᠡᠷᠡᠵᠦ︾ ᠪᠣᠯᠣᠨ᠎ᠠ᠃ ᠭᠡᠪᠡᠴᠦ | ᠰᠠᠭᠤᠯᠭᠠᠬᠤ ᠪᠤᠶᠤ ᠪᠥᠭᠡᠯᠵᠢᠬᠦ ᠨᠢ ᠬᠡᠴᠡᠭᠦᠦ ᠦᠶ᠎ᠡ ᠳᠤ ᠣᠮᠲᠣᠭᠠᠶᠢᠯᠠᠵᠤ ᠪᠤᠯᠬᠤ ᠦᠭᠡᠢ᠂ ᠴᠠᠭ ᠲᠤᠬᠠᠢ ᠳᠤᠨᠢ | ᠡᠮᠨᠡᠭᠦᠯᠭᠦ ᠬᠡᠷᠡᠭᠲᠡᠢ᠃ ᠬᠡᠦᠬᠡᠳ ᠤᠨ ᠤᠰᠤ ᠠᠯᠳᠠᠭᠰᠠᠨ ᠠᠴᠠ ᠪᠣᠯᠵᠤ ᠦᠬᠦᠳᠬᠢᠬᠦ ᠠᠴᠠ ᠵᠠᠶᠢᠯᠠᠰᠬᠢᠬᠦ᠂ ᠢᠯᠠᠩᠭᠤᠶ᠎ᠠ | 1 ᠨᠠᠰᠤᠨ ᠠᠴᠠ ᠪᠠᠭ᠎ᠠ ᠬᠡᠦᠬᠡᠳ ᠲᠤ ᠨᠡᠩ ᠴᠤ ᠬᠤᠣᠷ ᠬᠥᠨᠥᠭᠡᠯ ᠤᠴᠠᠷᠠᠭᠤᠯᠬᠤ ᠠᠴᠠ ᠵᠠᠶᠢᠯᠠᠰᠬᠢᠬᠦ ᠬᠡᠷᠡᠭᠲᠡᠢ | ᠭᠡᠵᠡᠢ᠃ ᠡᠭᠦᠨ ᠤ ᠬᠠᠮᠲᠤ᠂ ᠭᠡᠷ ᠤᠨ ᠠᠬᠠᠮᠠᠳ ᠨᠠᠷ ᠭᠡᠷ ᠪᠦᠯᠢ ᠶᠢᠨ ᠡᠷᠡᠭᠦᠯ ᠬᠠᠮᠠᠭᠠᠯᠠᠯ ᠢ ᠠᠩᠬᠠᠷᠴᠤ᠂ ᠭᠡᠷ | ᠦᠷᠦᠭᠡ ᠳᠡᠭᠡᠨ ᠦᠷᠬᠦᠯᠵᠢ ᠰᠠᠯᠬᠢ ᠨᠠᠪᠲᠠᠷᠡᠭᠦᠯᠵᠦ᠂ ᠬᠡᠦᠬᠡᠳ ᠤᠨ ᠢᠳᠡᠭᠡᠨ ᠤ ᠰᠠᠪᠠ ᠬᠡᠷᠡᠭᠰᠡᠯ ᠢ ᠬᠡᠷᠡᠭᠯᠡᠬᠦ ᠠᠴᠠ | ᠡᠮᠦᠨ᠎ᠡ ᠤᠬᠢᠶᠠᠵᠤ ᠴᠡᠪᠡᠷᠯᠡᠬᠦ ᠬᠡᠷᠡᠭᠲᠡᠢ᠂ ᠬᠤᠪᠴᠠᠰᠤ ᠬᠤᠨᠠᠷ ᠬᠦᠨᠵᠢᠯᠡ ᠳᠡᠪᠢᠰᠬᠡᠷ᠂ ᠨᠠᠭᠠᠳᠤᠮ ᠤᠨ ᠵᠦᠢᠯ ᠵᠡᠷᠭᠡ ᠶᠢ | ᠦᠷᠭᠦᠯᠵᠢ ᠰᠣᠯᠢᠵᠤ ᠤᠬᠢᠶᠠᠬᠤ ᠶᠢ ᠰᠠᠨᠠᠭᠤᠯᠵᠠᠢ᠃ | ︵ᠡᠬᠡ ᠪᠢᠴᠢᠭ ᠢ ︽ ᠠᠴᠠ ᠰᠢᠯᠵᠢᠭᠦᠯᠪᠡ︶ |