ᠶᠠᠭᠤ ᠶᠢ ᠬᠤᠯᠤᠭᠠᠨ᠎ᠠ ᠶᠢᠨ ᠬᠢᠵᠢᠭ ᠬᠡᠳᠡᠭ ᠪᠤᠢ︖
ᠨᠡᠶᠢᠲᠡᠯᠡᠭᠰᠡᠨ ᠴᠠᠭ᠄
2023/12/19
       ᠶᠠᠭᠤ ᠶᠢ ᠬᠤᠯᠤᠭᠠᠨ᠎ᠠ ᠶᠢᠨ ᠬᠢᠵᠢᠭ ᠬᠡᠳᠡᠭ ᠪᠤᠢ︖     ᠬᠤᠯᠤᠭᠠᠨ᠎ᠠ ᠶᠢᠨ ᠬᠢᠵᠢᠭ ᠪᠣᠯ ᠬᠤᠯᠤᠭᠠᠨ᠎ᠠ ᠶᠢᠨ ᠬᠢᠵᠢᠭ ᠤᠨ ᠶᠧᠷᠰᠧᠨ ᠪᠠᠺᠲ᠋ᠧᠷᠢ ᠠᠴᠠ ᠡᠬᠦᠰᠦᠭᠰᠡᠨ ᠪᠠᠶᠢᠭᠠᠯᠢ ᠶᠢᠨ ᠬᠢᠵᠢᠭ ᠤᠨ ᠡᠭᠦᠰᠦᠯ ᠤᠨ ᠴᠢᠨᠠᠷᠲᠠᠢ ᠡᠪᠡᠳᠴᠢᠨ ᠮᠥᠨ᠂ ᠶᠡᠷᠦ ᠳᠡᠭᠡᠨ ᠮᠡᠷᠡᠭᠴᠢ ᠠᠮᠢᠲᠠᠨ ᠤ ᠬᠤᠭᠤᠷᠣᠨᠳᠤ ᠳᠡᠯᠭᠡᠷᠡᠵᠦ᠂ ᠬᠠᠶᠠ ᠬᠥᠮᠥᠨ ᠳᠤ ᠬᠠᠯᠳᠠᠪᠤᠷᠢᠯᠠᠭᠳᠠᠨ ᠳᠡᠯᠭᠡᠷᠡᠳᠡᠭ᠃ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠳᠤ ᠬᠤᠯᠤᠭᠠᠨ᠎ᠠ ᠶᠢᠨ ᠬᠢᠵᠢᠭ ᠢ ᠬᠥᠬᠡ ᠲᠦᠷᠦᠯ ᠤᠨ ᠬᠠᠯᠳᠠᠪᠤᠷᠢᠲᠤ ᠡᠪᠡᠳᠴᠢᠨ ᠢᠶᠠᠷ ᠵᠢᠭᠰᠠᠭᠠᠵᠤ᠂ ᠲᠡᠭᠦᠨ ᠢ ᠪᠠᠰᠠ ︽ᠨᠢᠭᠡᠳᠦᠭᠡᠷ ᠨᠣᠮᠧᠷᠲᠤ ᠡᠪᠡᠳᠴᠢᠨ︾ ᠬᠡᠳᠡᠭ᠂ ᠲᠡᠷᠡ ᠨᠢ ᠡᠪᠡᠳᠴᠢᠯᠡᠬᠦ ᠴᠠᠭ ᠨᠢ ᠲᠦᠷᠭᠡᠨ ᠮᠥᠷᠲᠡᠭᠡᠨ ᠣᠬᠤᠷ᠂ ᠦᠬᠦᠬᠦ ᠨᠤᠷᠮ᠎ᠠ  ᠨᠢ ᠥᠨᠳᠥᠷ᠂ ᠬᠠᠯᠳᠠᠪᠤᠷᠢᠯᠠᠬᠤ ᠴᠢᠨᠠᠷ ᠢᠶᠠᠷ ᠴᠢᠩᠭ᠎ᠠ᠂ ᠲᠠᠷᠬᠠᠬᠤ ᠨᠢ ᠲᠦᠷᠭᠡᠨ ᠵᠡᠷᠭᠡ ᠣᠨᠴᠠᠯᠢᠭ ᠲᠠᠢ ᠪᠠᠶᠢᠳᠠᠭ᠃      ᠬᠤᠯᠤᠭᠠᠨ᠎ᠠ ᠶᠢᠨ ᠬᠢᠵᠢᠭ ᠶᠠᠭᠠᠬᠢᠵᠤ ᠬᠥᠮᠥᠨ ᠳᠤ ᠬᠠᠯᠳᠠᠪᠤᠷᠢᠯᠠᠳᠠᠭ ᠪᠤᠢ︖      1. ᠠᠮᠢᠲᠠᠨ - ᠨᠣᠬᠠᠢ ᠶᠢᠨ ᠪᠦᠬᠡᠰᠤ - ᠬᠥᠮᠥᠨ ᠤ ᠬᠠᠯᠳᠠᠪᠤᠷᠢᠯᠠᠯ       2. ᠬᠥᠮᠥᠨ - ᠬᠥᠮᠥᠨ ᠤ ᠬᠤᠭᠤᠷᠣᠨᠳᠤ ᠰᠢᠯᠦᠰᠦ ᠪᠠᠷ ᠳᠠᠮᠵᠢᠨ ᠬᠠᠯᠳᠠᠪᠤᠷᠢᠯᠠᠵᠤ ᠠᠭᠤᠰᠬᠢᠨ ᠤ ᠬᠤᠯᠤᠭᠠᠨ᠎ᠠ ᠶᠢᠨ ᠬᠢᠵᠢᠭ ᠢ ᠡᠭᠦᠰᠬᠡᠨ᠎ᠡ᠃         3. ᠬᠤᠯᠤᠭᠠᠨ᠎ᠠ ᠶᠢᠨ ᠬᠢᠵᠢᠭ ᠲᠤ ᠨᠡᠷᠪᠡᠭᠳᠡᠵᠦ ᠦᠬᠦᠭᠰᠡᠨ ᠠᠮᠢᠲᠠᠨ ᠤ ᠮᠢᠬ᠎ᠠ ᠶᠢ ᠢᠳᠡᠪᠡᠯ ᠬᠤᠯᠤᠭᠠᠨ᠎ᠠ ᠶᠢᠨ ᠬᠢᠵᠢᠭ ᠤᠨ ᠪᠠᠺᠲ᠋ᠧᠷᠢ ᠰᠢᠭᠤᠳ ᠠᠮᠠᠨ ᠬᠥᠨᠳᠡᠢ ᠪᠠᠷ ᠳᠠᠮᠵᠢᠨ ᠬᠠᠯᠳᠠᠪᠤᠷᠢᠯᠠᠵᠤ᠂ ᠪᠤᠯᠴᠢᠷᠬᠠᠢ ᠶᠢᠨ ᠬᠤᠯᠤᠭᠠᠨ᠎ᠠ ᠶᠢᠨ ᠬᠢᠵᠢᠭ᠂ ᠠᠭᠤᠰᠬᠢᠨ ᠤ ᠬᠤᠯᠤᠭᠠᠨ᠎ᠠ ᠶᠢᠨ ᠬᠢᠵᠢᠭ ᠪᠠ ᠴᠢᠰᠤ ᠦᠵᠢᠷᠡᠬᠦ ᠡᠪᠡᠳᠴᠢᠨ ᠬᠡᠮ ᠤᠨ ᠬᠤᠯᠤᠭᠠᠨ᠎ᠠ ᠶᠢᠨ ᠬᠢᠵᠢᠭ ᠢ ᠡᠭᠦᠰᠬᠡᠨ᠎ᠡ᠃        ᠬᠤᠯᠤᠭᠠᠨ᠎ᠠ ᠶᠢᠨ ᠬᠢᠵᠢᠭ ᠲᠤ ᠬᠠᠯᠳᠠᠪᠤᠷᠢᠯᠠᠭᠳᠠᠬᠤ ᠡᠬᠢ ᠰᠤᠷᠪᠤᠯᠵᠢ      1. ᠬᠤᠯᠤᠭᠠᠨ᠎ᠠ ᠶᠢᠨ ᠬᠢᠵᠢᠭ ᠲᠤ ᠨᠡᠷᠪᠡᠭᠳᠡᠭᠰᠡᠨ ᠪᠤᠶᠤ ᠦᠬᠦᠭᠰᠡᠨ ᠡᠯ᠎ᠡ ᠵᠦᠢᠯ ᠤᠨ ᠠᠮᠢᠲᠠᠨ᠂ ᠳᠠᠷᠪᠠᠭ᠎ᠠ ᠲᠠᠤᠯᠠᠢ ᠵᠡᠷᠭᠡ ᠬᠡᠭᠡᠷ᠎ᠡ ᠶᠢᠨ ᠠᠮᠢᠲᠠᠨ       2. ᠠᠮᠢᠲᠠᠨ ᠤ ᠪᠡᠶ᠎ᠡ ᠳᠡᠭᠡᠷ᠎ᠡ ᠴᠢᠰᠤ ᠰᠣᠷᠣᠵᠤ ᠠᠮᠢᠳᠤᠷᠠᠵᠤ ᠪᠠᠶᠢᠭ᠎ᠠ ᠪᠦᠬᠡᠰᠦ ᠵᠡᠷᠭᠡ ᠮᠦᠯᠵᠢᠬᠦᠦ ᠬᠤᠷᠣᠬᠠᠢ         ᠬᠤᠯᠤᠭᠠᠨ᠎ᠠ ᠶᠢᠨ ᠬᠢᠵᠢᠭ ᠲᠤ ᠬᠠᠯᠳᠠᠪᠤᠷᠢᠯᠠᠭᠳᠠᠭᠰᠠᠨ ᠡᠪᠡᠳᠴᠢᠲᠡᠨ ᠬᠥᠮᠥᠨ ᠤ ᠬᠤᠯᠤᠭᠠᠨ᠎ᠠ ᠶᠢᠨ ᠬᠢᠵᠢᠭ ᠤᠨ ᠪᠠᠺᠲ᠋ᠧᠷᠢ ᠳᠤ ᠬᠠᠯᠳᠠᠪᠤᠷᠢᠯᠠᠭᠳᠠᠬᠤ ᠠᠷᠭ᠎ᠠ ᠵᠠᠮ ᠨᠢ ᠴᠦ ᠭᠤᠷᠪᠠᠨ ᠵᠦᠢᠯ ᠪᠠᠶᠢᠳᠠᠭ᠄      1. ᠬᠤᠯᠤᠭᠠᠨ᠎ᠠ ᠶᠢᠨ ᠬᠢᠵᠢᠭ ᠤᠨ ᠡᠪᠡᠳᠴᠢᠨ ᠲᠠᠢ ᠠᠮᠢᠲᠠᠨ ᠲᠠᠢ ᠣᠶᠢᠷᠠᠳᠬᠤ       2. ᠬᠤᠯᠤᠭᠠᠨ᠎ᠠ ᠶᠢᠨ ᠬᠢᠵᠢᠭ ᠤᠨ ᠪᠠᠺᠲ᠋ᠧᠷᠢ ᠲᠠᠢ ᠨᠣᠬᠠᠢ ᠶᠢᠨ ᠪᠥᠭᠡᠰᠦᠨ ᠳᠤ ᠬᠠᠵᠠᠭᠳᠠᠬᠤ       3. ᠬᠤᠯᠤᠭᠠᠨ᠎ᠠ ᠶᠢᠨ ᠬᠢᠵᠢᠭ ᠲᠠᠢ ᠡᠪᠡᠳᠴᠢᠨ ᠠᠴᠠ ᠬᠠᠯᠳᠠᠪᠤᠷᠢᠯᠠᠨ᠎ᠠ ᠬᠤᠯᠤᠭᠠᠨ᠎ᠠ ᠶᠢᠨ ᠬᠢᠵᠢᠭ ᠤᠨ ᠡᠮᠴᠢᠯᠡᠭᠡᠨ ᠤ ᠢᠯᠡᠷᠡᠯ ᠪᠠ ᠬᠠᠯᠳᠠᠪᠤᠷᠢᠯᠠᠭᠳᠠᠭᠰᠠᠨ ᠢᠯᠡᠷᠡᠯ᠄ ᠬᠤᠯᠤᠭᠠᠨ᠎ᠠ ᠶᠢᠨ ᠬᠢᠵᠢᠭ ᠤᠨ ᠡᠪᠡᠳᠴᠢᠨ ᠡᠭᠦᠰᠬᠦ ᠨᠢ ᠴᠣᠴᠢᠮᠠᠭ ᠪᠠᠶᠢᠵᠤ᠂ ᠭᠡᠨᠡᠳᠲᠡ ᠳᠠᠭᠠᠷᠠᠳᠠᠰᠤ ᠬᠦᠷᠬᠦ᠂ ᠥᠨᠳᠥᠷ ᠬᠠᠯᠠᠭᠤᠷᠠᠬᠤ᠂ ᠲᠣᠯᠣᠭᠠᠢ ᠡᠪᠡᠳᠬᠦ᠂ ᠪᠥᠭᠡᠯᠵᠢᠬᠦ᠂ ᠨᠢᠭᠤᠷ ᠴᠢᠷᠠᠢ ᠤᠯᠠᠶᠢᠬᠤ᠂ ᠨᠢᠳᠦ ᠤᠯᠠᠶᠢᠬᠤ᠂ ᠠᠷᠠᠰᠤᠨ ᠳᠡᠭᠡᠷ᠎ᠡ ᠴᠢᠰᠤ ᠭᠠᠷᠤᠭᠰᠠᠨ ᠲᠣᠯᠪᠤ ᠢᠯᠡᠷᠡᠬᠦ ᠵᠡᠷᠭᠡ ᠪᠠᠶᠢᠳᠠᠯ ᠤᠳ ᠡᠬᠦᠰᠳᠡᠭ᠃
 
ᠢᠷᠡᠯᠲᠡ᠄ ᠬᠢᠩᠭᠠᠨ ᠠᠢᠮᠠᠭ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号